2019 ᠣᠨ ᠤ ᠰᠢᠩ ᠾᠧ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019-04-14
ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠨᠢᠭᠡ︶                          ᠵᠠᠰᠠᠭ ᠤᠨ ᠣᠷᠳᠣᠨ ᠤ ᠠᠵᠢᠯ ᠤᠨ ᠢᠯᠡᠳᠬᠡᠯ ᠊᠊᠊᠊᠊᠊᠊᠊᠊᠊᠊᠊᠊᠊᠊᠊ 2019 ᠣᠨ ᠤ 3 ᠰᠠᠷ᠎ᠠ ᠶᠢᠨ 3 ᠤ ᠡᠳᠦᠷ ᠰᠢᠩ ᠾᠧ ᠰᠢᠶᠠᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠤᠳᠠᠭᠠᠨ ᠤ ᠬᠤᠷᠠᠯᠳᠤᠭᠠᠨ ᠳᠡᠭᠡᠷ᠎ᠡ                                                                ᠣᠷᠣᠯᠠᠭᠴᠢ ᠰᠢᠶᠠᠨ ᠤ ᠳᠠᠷᠤᠭ᠎ᠠ    ᠴᠠᠩ ᠳ᠋ᠠ ᠸᠧᠢ ᠲᠦᠯᠦᠭᠡᠯᠡᠭᠴᠢᠳ ᠡ᠄      ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠥᠯᠲᠡ ᠬᠢᠶ᠎ᠡ᠃ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠰᠢᠶᠠᠨ ᠤ ᠣᠯᠣᠰ ᠲᠦᠷᠤ ᠶᠢᠨ ᠵᠦᠪᠯᠡᠯᠭᠡᠨ ᠤ ᠡᠯ᠎ᠡ ᠭᠡᠰᠢᠬᠦᠳ ᠪᠣᠯᠤᠨ ᠬᠤᠷᠠᠯ ᠳᠤ ᠣᠷᠣᠯᠴᠠᠭᠰᠠᠨ ᠨᠦᠭᠦᠳ ᠰᠠᠨᠠᠯ ᠢᠶᠠᠨ ᠳᠤᠷᠠᠳᠬᠤ ᠪᠣᠯᠪᠠᠣ᠃     ᠨᠢᠭᠡ᠂ 2018 ᠣᠨ ᠤ ᠠᠵᠢᠯ ᠤᠨ ᠡᠷᠭᠢᠴᠡᠬᠦᠯᠦᠯ      2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ ᠡᠬᠢᠯᠡᠯᠲᠡ ᠶᠢᠨ ᠵᠢᠯ ᠪᠤᠯᠬᠤ ᠮᠦᠷᠲᠡᠭᠡᠨ ᠦᠭᠡᠷᠡᠴᠢᠯᠡᠯᠲᠡ ᠬᠢᠵᠦ ᠴᠢᠯᠦᠭᠡᠲᠠᠢ ᠶᠠᠪᠤᠯᠴᠠᠭᠰᠠᠨ 40 ᠵᠢᠯ ᠤᠨ ᠣᠢ ᠮᠦᠨ᠃ ᠨᠢᠭᠡ ᠵᠢᠯ ᠤᠨ ᠲᠣᠷᠰᠢ᠂ ᠦᠩᠭᠡᠷᠡᠭᠰᠡᠨ ᠨᠢᠭᠡ ᠵᠢᠯ ᠳᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠥ ᠶᠢᠨ ᠵᠦᠪᠯᠡᠯᠭᠡᠨ ᠤ ᠬᠢᠨᠠᠯᠲᠠ ᠪᠠ ᠵᠣᠷᠢᠭᠵᠢᠭᠤᠯᠣᠯ ᠳᠣᠣᠷ᠎ᠠ᠂ ᠰᠢᠶᠠᠨ ᠤ ᠵᠠᠰᠠᠭ ᠤᠨ ᠣᠷᠳᠣᠨ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠲᠦᠰᠢᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠣ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠨ᠂ ᠳᠡᠭᠡᠲᠦ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠡᠯ᠎ᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠣᠯᠲᠠ ᠶᠢ ᠪᠦᠬᠦ ᠲᠠᠯ᠎ᠠ ᠪᠠᠷ ᠲᠤᠤᠰᠯᠠᠭᠤᠯᠤᠨ ᠨᠠᠶᠢᠳᠠᠪᠤᠷᠢᠵᠢᠭᠤᠯᠵᠦ᠂ ᠲᠣᠭᠲᠠᠭᠤᠨ ᠢᠶᠠᠷ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠬᠦᠭᠵᠢᠯᠲᠡ ᠶᠢᠨ ᠠᠵᠠ ᠲᠣᠬᠢᠶᠠᠯ ᠢ ᠵᠠᠪᠳᠣᠨ᠂ ᠢᠳᠡᠪᠬᠢᠲᠠᠢ ᠪᠠᠷ ᠠᠵᠢᠯᠯᠠᠵᠦ᠂ ᠬᠦᠨᠳᠦ ᠶᠡᠭᠡ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠳᠤ ᠠᠩᠬᠠᠷᠣᠯ ᠢᠶᠠᠨ ᠲᠦᠪᠯᠡᠷᠡᠭᠦᠯᠵᠦ᠂ ᠤᠨᠢᠨ ᠳᠡᠭᠡᠷ᠎ᠡ ᠠᠴᠠ ᠨᠢ ᠶᠠᠳᠠᠭᠤ ᠠᠴᠠ ᠠᠩᠬᠢᠵᠢᠷᠠᠭᠤᠯᠬᠤ ᠪᠠ ︽ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠯᠠᠯᠳᠣᠭᠠᠨ︾ ᠳᠠᠬᠢ ᠪᠣᠬᠢᠷᠳᠣᠯ ᠢ ᠰᠡᠷᠭᠡᠶᠢᠯᠡᠨ ᠵᠠᠰᠠᠵᠦ᠂ ᠪᠦᠬᠦ ᠬᠦᠴᠦᠨ ᠢᠶᠠᠷ ᠢᠶᠠᠨ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠵᠦ᠂ ᠪᠦᠬᠦ ᠰᠢᠶᠠᠨ ᠤ ᠠᠵᠣ ᠠᠬᠤᠢ ᠲᠣᠭᠲᠠᠭᠤᠨ ᠢᠶᠠᠷ ᠤᠷᠤᠭᠰᠢᠯᠠᠨ ᠳᠠᠪᠰᠢᠵᠦ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠩᠭᠤᠢ᠃ ᠪᠦᠬᠦ ᠵᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 51 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 3.3% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ 10.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 0.9% ᠨᠡᠮᠡᠭᠳᠡᠵᠦ᠂ ᠣᠯᠠᠨ ᠨᠡᠶᠢᠲᠡ ᠶᠢᠨ ᠡᠩ ᠤᠨ ᠳᠦᠰᠦᠪ ᠤᠨ ᠣᠷᠣᠯᠭ᠎ᠠ 1.6 ᠳ᠋ᠦᠩᠰᠢᠭᠤᠷ ᠲᠦᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠠᠴᠠ ᠪᠠᠨ 1.1% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠦᠷᠲᠡᠭ 35 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 7.2% ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠰᠪᠦᠷᠢ 27418 ᠲᠦᠭᠦᠷᠢᠭ ᠪᠣᠯᠣᠨ 9715 ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠠᠴᠠ ᠪᠠᠨ 7.6% ᠪᠤᠯᠤᠨ 9.3% ᠨᠡᠮᠡᠭᠳᠡᠵᠡᠢ᠃      ᠨᠢᠭᠡ ᠵᠢᠯ ᠤᠨ ᠲᠤᠷᠰᠢ᠂ ᠪᠢᠳᠡ ᠲᠤᠤᠷᠠᠬᠢ ᠠᠵᠢᠯ ᠢ ᠭᠤᠤᠯᠳᠠᠯᠭ᠎ᠠ ᠲᠠᠢ ᠬᠢᠭᠰᠡᠨ᠄     ______ ᠬᠠᠷᠠᠯᠲᠠ ᠣᠳᠣᠷᠢᠳᠣᠮᠵᠢ ᠪᠠᠨ ᠳᠣᠪᠣᠶᠢᠯᠭᠠᠨ᠂ ᠪᠦᠬᠦ ᠬᠦᠴᠦᠨ ᠢᠶᠠᠷ ᠢᠶᠠᠨ ︽ᠭᠤᠷᠪᠠᠨ ᠶᠡᠭᠡ ᠪᠤᠭᠤᠮᠲᠠ ᠰᠢᠪᠲᠣᠯᠬᠤ ᠳᠠᠶᠢᠯᠠᠯᠳᠣᠭᠠᠨ︾ ᠢ ᠪᠡᠶᠡᠯᠡᠭᠦᠯᠪᠡ      ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠠᠢ ᠨᠠᠮᠳᠠᠭᠠᠨ ᠰᠢᠢᠳᠪᠦᠷᠢᠯᠡᠪᠡ᠃ ᠵᠠᠰᠠᠭ ᠤᠨ ᠣᠷᠳᠣᠨ ᠤ ᠦᠷᠢ ᠲᠠᠯᠪᠢᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠴᠦᠮ ᠲᠦᠰᠦᠪ ᠤᠨ ᠬᠠᠮᠢᠶᠠᠷᠣᠯᠲᠠ ᠳᠤ ᠤᠷᠤᠭᠤᠯᠵᠦ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 6.4 ᠳ᠋ᠦᠩᠰᠢᠭᠤᠷ ᠲᠥᠭᠦᠷᠢᠭ ᠠᠷᠢᠯᠭᠠᠨ᠂ ᠥᠷᠢ ᠥᠭᠴᠡᠭᠡ ᠠᠷᠢᠯᠭᠠᠬᠤ ᠬᠠᠷᠠᠯᠲᠠ ᠶᠢᠨ 101.8 % ᠪᠠᠷ ᠪᠡᠶᠡᠯᠡᠭᠦᠯᠪᠡ᠃      ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠪᠦᠳᠦᠮᠵᠢᠲᠠᠢ ᠲᠦᠯᠬᠢᠨ ᠠᠬᠢᠭᠤᠯᠪᠠ᠃ ᠪᠦᠬᠦ ᠵᠢᠯ ᠳᠤ ᠡᠯ᠎ᠡ ᠲᠦᠷᠦᠯ ᠤᠨ ᠬᠡᠯᠪᠡᠷᠢ ᠶᠢᠨ ᠶᠠᠳᠠᠭᠤ ᠶᠢ ᠲᠡᠳᠬᠦᠬᠦ ᠪᠡᠯᠡ ᠮᠦᠩᠭᠦ ᠶᠢᠨ ᠣᠷᠣᠭᠤᠯᠣᠯᠲᠠ 4.96 ᠳ᠋ᠦᠩᠰᠢᠭᠤᠷ ᠲᠦᠭᠦᠷᠢᠭ ᠲᠤ ᠬᠦᠷᠪᠡ᠃ ᠣᠷᠣᠨ ᠰᠠᠭᠤᠴᠠ᠂ ᠰᠣᠷᠭᠠᠨ ᠬᠦᠮᠦᠵᠢᠯ᠂ ᠡᠮ ᠡᠮᠨᠡᠯᠭᠡ᠂ ᠠᠵᠢᠯ ᠣᠯᠭᠤᠯᠲᠠ᠂  ᠨᠡᠶᠢᠭᠡᠮ ᠤᠨ ᠪᠠᠲᠤᠯᠠᠪᠤᠷᠢ ᠵᠡᠷᠭᠡ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠲᠣᠣᠱᠯᠠᠭᠤᠯᠵᠣ᠂ ᠪᠡᠭᠡᠵᠢᠩ ᠠᠴᠠ ᠦᠪᠦᠷ ᠮᠣᠩᠭᠤᠯ ᠢ ᠲᠣᠰᠠᠯᠠᠨ ᠳᠡᠮᠵᠢᠬᠦ ᠬᠠᠮᠵᠢᠯᠴᠠᠭ᠎ᠠ ᠶᠢ ᠤᠯᠠᠮ ᠨᠢᠭᠡ ᠠᠯᠬᠤᠮ ᠲᠦᠷᠭᠡᠳᠬᠡᠪᠡ᠃  ᠲᠣᠰ ᠵᠢᠯ ᠳᠤ᠂ ᠶᠠᠳᠠᠭᠤ ᠠᠴᠠ ᠠᠩᠵᠢᠷᠠᠭᠰᠠᠨ ᠬᠦᠮᠦᠨ ᠠᠮᠠ ᠶᠢᠨ ᠲᠤᠭ᠎ᠠ 8175 ᠬᠦᠷᠴᠦ᠂  27 ᠭᠤᠣᠯᠳᠠᠯᠭ᠎ᠠ ᠪᠣᠯᠬᠤ ᠶᠠᠳᠠᠭᠤ ᠬᠦᠴᠢᠷᠳᠡᠯᠳᠡᠢ ᠲᠣᠰᠬᠤᠨ ᠶᠠᠳᠠᠭᠤ ᠶᠢᠨ ᠡᠩᠨᠡᠭᠡᠨ ᠠᠴᠠ ᠭᠠᠷᠴᠦ᠂ ᠶᠠᠳᠠᠭᠤ ᠶᠢᠨ ᠨᠤᠷᠮ᠎ᠠ ᠨᠢ 2017 ᠤᠨ ᠤ 4.98% ᠠᠴᠠ 1.97% ᠪᠤᠯᠤᠨ ᠪᠠᠭᠤᠷᠠᠪᠠ᠃      ᠪᠣᠬᠢᠷᠳᠠᠯ ᠢ ᠰᠡᠷᠭᠡᠶᠢᠯᠡᠨ ᠵᠠᠰᠠᠯᠲᠠ ᠶᠢᠨ ᠠᠵᠢᠯ ᠢ ᠪᠦᠬᠦ ᠬᠦᠴᠣᠨ ᠢᠶᠠᠷ ᠴᠢᠩᠭᠠᠳᠬᠠᠪᠠ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠣᠭᠤᠶᠢᠯᠠᠩ ᠠᠴᠠ ᠳᠠᠭᠠᠭᠠᠯᠭᠠᠭᠰᠠᠨ ᠠᠵᠦ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠠᠢ ᠲᠦᠯᠬᠢᠨ ᠠᠬᠢᠭᠤᠯᠪᠠ᠃ ᠨᠢᠭᠡ ᠲᠠᠰᠤᠭ ᠰᠢᠭᠠᠷᠤ ᠰᠢᠢᠳᠪᠦᠷᠢᠯᠡᠬᠦ ᠲᠠᠯᠠᠪᠣᠷ ᠠᠰᠢᠭᠯᠠᠯᠲᠠ ᠳᠤ ᠣᠷᠣᠵᠦ᠂ ᠴᠠᠩ ᠱᠧᠩ ᠬᠠᠰᠢᠯᠭ᠎ᠠ ᠶᠢᠨ ᠰᠢᠭᠠᠷᠤ ᠰᠢᠢᠳᠪᠦᠷᠢᠯᠡᠬᠦ ᠲᠠᠯᠠᠪᠣᠷ ᠤᠨ ᠴᠡᠭᠴᠡᠯᠡᠨ ᠰᠠᠶᠢᠵᠢᠷᠠᠭᠤᠯᠬᠤ ᠠᠵᠢᠯ ᠨᠢ ᠦᠶ᠎ᠡ ᠱᠠᠲᠦ ᠶᠢᠨ ᠰᠢᠨᠵᠢ ᠲᠠᠢ ᠦᠷ᠎ᠡ ᠪᠦᠳᠦᠮᠵᠢ ᠣᠯᠵᠦ᠂ ᠴᠠᠭᠠᠨ ᠤᠪᠣᠭᠠᠨ ᠤ ᠰᠢᠭᠠᠷᠤ ᠰᠢᠢᠳᠪᠦᠷᠢᠯᠡᠬᠦ ᠲᠠᠯᠠᠪᠣᠷ ᠶᠢᠨ ᠪᠠᠶᠢᠭᠤᠯᠣᠯᠲᠠ ᠶᠢᠨ ᠪᠡᠯᠡᠳᠬᠡᠯ ᠠᠵᠢᠯ ᠨᠢᠭᠡᠨᠳᠡ ᠪᠦᠬᠦ ᠲᠠᠯ᠎ᠠ ᠪᠠᠷ ᠡᠬᠢᠯᠡᠪᠡ᠃ ᠰᠣᠮᠣᠨ ᠠᠭᠤᠯᠠ ᠶᠢᠨ ᠪᠠᠶᠢᠭᠠᠯᠢᠭ ᠬᠠᠮᠠᠭᠠᠯᠠᠯᠲᠠ ᠶᠢᠨ ᠣᠷᠣᠨ ᠤ ᠠᠷᠪᠠᠨ ᠳᠦᠷᠪᠡᠨ ᠦᠢᠯᠡᠳᠪᠦᠷᠢ ᠠᠭᠤᠷᠬᠠᠢ ᠶᠢᠨ ᠺᠤᠮᠫᠠᠨᠢ ᠶᠢ ᠪᠦᠬᠦᠨ ᠢ ᠴᠡᠭᠴᠡᠯᠡᠵᠦ᠂ ᠬᠠᠣᠯᠢ ᠶᠣᠰᠣᠭᠠᠷ ᠬᠤᠶᠠᠷ ᠵᠠᠭᠤ ᠵᠢᠷᠠᠨ ᠴᠢᠯᠠᠭᠤ ᠪᠣᠯᠪᠠᠰᠣᠷᠠᠭᠤᠯᠬᠤ ᠠᠵᠦ ᠠᠬᠤᠶᠢᠯᠠᠯ ᠢ ᠴᠠᠭᠠᠵᠠᠯᠠᠪᠠ᠃     ______ᠲᠣᠭᠲᠠᠭᠤᠨ ᠢᠶᠠᠷ ᠣᠷᠣᠭᠰᠢᠯᠠᠨ ᠳᠠᠪᠰᠢᠬᠤ ᠶᠢ ᠪᠠᠷᠢᠮᠲᠠᠯᠠᠵᠦ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠪᠦᠬᠦ ᠬᠦᠴᠣᠨ ᠢᠶᠠᠷ ᠲᠦᠯᠬᠢᠨ ᠠᠬᠢᠭᠤᠯᠪᠠ      ᠣᠳᠣᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢ ᠲᠣᠭᠲᠠᠭᠤᠨ ᠢᠶᠠᠷ ᠬᠦᠭᠵᠢᠭᠦᠯᠪᠡ᠃ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠡᠷᠭᠢᠯᠲᠠ ᠶᠢᠨ ᠭᠠᠵᠠᠷ ᠰᠢᠷᠣᠢ ᠶᠢᠨ ᠲᠠᠯᠠᠪᠠᠢ 3 ᠳ᠋ᠦᠩᠰᠢᠭᠤᠷ ᠮᠦ ᠬᠦᠷᠴᠦ᠂ ᠰᠢᠨ᠎ᠡ ᠪᠠᠷ ᠨᠡᠮᠡᠭᠳᠡᠭᠰᠡᠨ ᠦᠨᠳᠦᠷ ᠠᠰᠢᠭᠯᠠᠮᠵᠢᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 1 ᠲᠦᠮᠡᠨ ᠮᠦ᠂ ᠲᠠᠷᠢᠶᠠᠨ ᠮᠠᠰᠢᠨ ᠤ ᠶᠡᠷᠦᠩᠭᠡᠢ ᠬᠦᠳᠡᠯᠭᠡᠬᠦ ᠬᠦᠴᠦᠨ ᠨᠢ 22 ᠲᠦᠮᠡᠨ ᠺᠢᠯᠦᠸᠠᠲ ᠳᠤ ᠬᠦᠷᠴᠠᠢ᠃ ᠲᠦᠮᠦᠰᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠤᠯᠢᠮᠠᠭ ᠠᠮᠤ᠂ ᠬᠤᠯᠢᠮᠠᠭ ᠪᠣᠷᠴᠠᠭ ᠤᠨ ᠲᠠᠷᠢᠮᠠᠯ ᠤᠨ ᠲᠠᠯᠠᠪᠠᠢ ᠨᠢ ᠲᠣᠰᠪᠣᠷᠢ 39 ᠲᠦᠮᠡᠨ ᠮᠦ᠂ 8 ᠲᠦᠮᠡᠨ ᠮᠦ ᠪᠣᠯᠣᠨ 12 ᠲᠦᠮᠡᠨ ᠮᠦ ᠬᠦᠷᠴᠦ᠂ ᠠᠮᠤ ᠪᠤᠳᠠᠭ᠎ᠠ᠂ ᠢᠳᠡᠰᠢᠨ ᠨᠣᠭᠤᠭ᠎ᠠ ᠶᠢᠨ ᠬᠤᠷᠢᠶᠠᠯᠲᠠ ᠨᠢ ᠲᠣᠰᠪᠦᠷᠢ 1.8 ᠳ᠋ᠥᠩᠰᠢᠭᠤᠷ ᠵᠢᠩ ᠪᠣᠯᠣᠨ 5 ᠳ᠋ᠥᠩᠰᠢᠭᠤᠷ ᠵᠢᠩ ᠳᠤ ᠬᠦᠷᠴᠠᠢ᠃ ᠬᠡᠪᠰᠢᠭᠰᠡᠨ ᠲᠡᠵᠢᠭᠡᠨ ᠦᠷᠡᠵᠢᠭᠦᠯᠬᠦ ᠲᠠᠯᠠᠪᠣᠷ ᠶᠢᠨ ᠲᠤᠭ᠎ᠠ ᠨᠢ 190 ᠬᠦᠷᠴᠦ᠂ 78.8 ᠲᠦᠮᠡᠨ ᠮᠠᠯ ᠢ ᠦᠰᠬᠡᠭᠡᠨ ᠪᠤᠶᠢᠵᠢᠭᠤᠯᠵᠠᠢ᠃ ᠳ᠋ᠠ ᠪᠧᠢ ᠨᠥᠩ ᠭᠠᠭ᠋ᠠᠢ ᠶᠢᠨ ᠲᠡᠵᠢᠭᠡᠪᠦᠷᠢ ᠶᠢᠨ ᠲᠦᠰᠦᠪ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢ ᠳᠠᠭᠤᠰᠴᠦ᠂ ᠳ᠋ᠦᠩ ᠶᠢ ᠳ᠋ᠠ ᠮᠢᠬᠠᠨ ᠡᠯᠵᠢᠭᠡᠨ ᠤ ᠲᠡᠵᠢᠭᠡᠪᠦᠷᠢ ᠶᠢᠨ ᠲᠦᠰᠦᠪ ᠤᠨ ᠪᠠᠶᠢᠭᠤᠯᠣᠯᠲᠠ ᠡᠬᠢᠯᠡᠪᠡ᠃ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠴᠢᠳᠠᠪᠣᠷᠢ ᠵᠢᠨ‌‍ᠪᠠᠶᠢᠭᠤᠯᠣᠯᠲᠠ ᠶᠢ ᠴᠢᠩᠭᠠᠳᠬᠠᠵᠦ᠂ ᠣᠷᠭᠠᠨᠢᠭ ᠪᠣᠷᠳᠣᠭᠤᠷ ᠢᠶᠠᠷ ᠶᠠᠰᠦ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠩᠳᠡᠭᠦᠯᠬᠦ ᠲᠦᠰᠦᠪ ᠤᠨ ᠲᠦᠭᠡᠮᠡᠯᠵᠢᠯ ᠨᠢ 1 ᠲᠦᠮᠡᠨ ᠮᠦ ᠬᠦᠷᠴᠦ᠂ ᠵᠤᠵᠠᠭᠠᠨ ᠰᠠᠭᠤᠷᠢ ᠪᠦᠷᠬᠦᠭᠦᠯ ᠤᠨ ᠬᠡᠷᠡᠭᠯᠡᠭᠡᠨ ᠤ ᠲᠦᠰᠦᠪ ᠤᠨ ᠲᠦᠭᠡᠮᠡᠯᠵᠢᠯ ᠨᠢ 4500 ᠮᠦ ᠬᠦᠷᠪᠡ᠃ ᠬᠦᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠤᠢ ᠶᠢᠨ ᠨᠢᠭᠡ ᠴᠣᠭᠴᠠ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠦᠨᠡᠮᠡᠯ ᠣᠯᠭᠤᠬᠤ ᠵᠢᠴᠢ ᠭᠠᠵᠠᠷ ᠰᠢᠷᠤᠢ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠪᠡ᠃ ᠡ᠋ᠹᠷᠢᠬᠡ ᠲᠢᠪ ᠤᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠪᠦᠳᠦᠮᠵᠢᠲᠠᠢ ᠰᠡᠷᠭᠡᠶᠢᠯᠡᠪᠡ᠃      ᠰᠢᠨ᠎ᠡ ᠮᠠᠶ᠋ᠢᠭ ᠤᠨ ᠠᠵᠦ ᠦᠢᠯᠡᠳᠪᠦᠷᠢ ᠶᠢᠨ ᠬᠦᠭᠵᠢᠯᠲᠡ ᠶᠢ ᠲᠦᠷᠭᠡᠳᠬᠡᠪᠡ᠃ ᠪᠦᠬᠦ ᠰᠢᠶᠠᠨ ᠤ 16 ᠬᠦᠷᠢᠶ᠎ᠡ ᠬᠡᠪᠴᠢᠶᠡᠨ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ 42.7 ᠳ᠋ᠦᠩᠰᠢᠭᠤᠷ ᠲᠦᠭᠦᠷᠢᠭ ᠤᠨ ᠶᠡᠷᠥᠩᠬᠡᠢ ᠦᠷᠲᠡᠭ ᠢ ᠪᠡᠶᠡᠯᠡᠭᠦᠯᠪᠡ᠃ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠬᠡᠷᠡᠭᠦᠯᠵᠦ ᠨᠦᠬᠡᠴᠡᠯᠡᠬᠦ᠂ ᠵᠦᠩ ᠲᠠᠢ ᠰᠠᠯᠬᠢᠠ ᠬᠦᠴᠦᠨ ᠤ ᠴᠠᠬᠢᠯᠭᠠᠨ ᠤ ᠲᠤᠷᠰᠢᠯᠲᠠ ᠶᠢᠨ ᠰᠠᠯᠬᠢᠨ ᠮᠠᠰᠢᠨ ᠵᠡᠷᠭᠡ ᠲᠦᠷᠦᠯ ᠨᠢ ᠨᠢᠭᠡᠨᠲᠡ ᠡᠵᠡᠩᠨᠡᠯᠲᠡ ᠶᠢᠨ ᠨᠦᠭᠦᠴᠡᠯ ᠢ ᠪᠦᠷᠢᠯᠳᠦᠭᠦᠯᠪᠡ᠃ ᠰᠢᠨ ᠶᠤᠸᠠᠨ ᠨᠡᠭᠦᠷᠡᠰᠦᠳᠦᠷᠦᠭᠴᠢᠲᠦ ᠦᠭᠡᠷᠡᠴᠢᠯᠡᠨ ᠳᠡᠰ ᠳᠡᠪᠰᠢᠵᠦ᠂ ᠷᠦᠢ ᠱᠧᠩ᠂ ᠰᠢᠩ ᠱᠧᠩ᠂ ᠶᠢᠩ ᠰᠢᠶᠠᠩ ᠵᠡᠷᠭᠡ ᠨᠡᠭᠦᠷᠡᠰᠦᠳᠦᠷᠦᠭᠴᠢᠲᠦ ᠲᠦᠷᠦᠯ ᠨᠢ ᠨᠢᠭᠡᠨᠳᠡ ᠪᠠᠶᠢᠭᠤᠯᠵᠦ ᠡᠬᠢᠯᠡᠪᠡ᠃ ᠰᠢᠨ ᠲᠠᠢ᠂ ᠱᠠᠨ ᠾᠧ᠂ ᠯᠥᠩ ᠱᠧᠩ ᠵᠡᠷᠭᠡ ᠬᠠᠶᠢᠯᠣᠰᠢ ᠶᠢᠨ ᠠᠵᠣ ᠠᠬᠤᠶᠢᠯᠠᠯ ᠤᠨ ᠡᠵᠡᠩᠨᠡᠯᠲᠡ ᠨᠢ ᠦᠷᠭᠦᠯᠵᠢᠯᠡᠨ ᠰᠠᠶᠢᠨ ᠪᠠᠶᠢᠪᠡ᠃      ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠬᠦᠯᠵᠢᠯᠡᠨ ᠬᠦᠭᠵᠢᠭᠦᠯᠪᠡ᠃ ᠣᠯᠠᠭᠠᠨᠴᠠᠪ ᠶᠡᠷᠥᠩᠬᠡᠢ ᠡᠳ᠋ ᠪᠠᠷᠠᠭᠠᠠ ᠤ ᠭᠦᠢᠯᠭᠡᠭᠡᠨ ᠤ ᠠᠵᠣ ᠦᠢᠯᠡᠰ ᠤᠨ ᠬᠦᠷᠢᠶᠡᠯᠡᠩ ᠤᠨ ᠶᠡᠷᠦᠩᠬᠡᠢ ᠲᠦᠯᠦᠪᠵᠢᠭᠦᠯᠭᠡ ᠶᠢᠨ ᠦᠷ᠎ᠡ ᠪᠦᠲᠦᠭᠡᠯ ᠶᠢᠨ ᠲᠣᠬᠢᠷᠠᠭᠤᠯᠭ᠎ᠠ ᠶᠢ ᠪᠡᠶᠡᠯᠡᠭᠦᠯᠪᠡ᠃ ᠬᠦᠷᠢᠶᠡᠯᠡᠩ ᠨᠢ ᠵᠢᠯ ᠳᠤ ᠨᠡᠶᠢᠲᠡ 1330 ᠲᠦᠮᠡᠨ ᠲᠣᠨ ᠨᠡᠭᠦᠷᠡᠰᠦ ᠲᠡᠭᠡᠪᠦᠷᠢᠯᠡᠨ ᠪᠣᠷᠣᠯᠠᠭᠤᠯᠵᠣ᠂ ᠴᠠᠷ ᠨᠠᠭᠤᠷ᠂ ᠰᠣᠮᠣᠨ ᠠᠭᠤᠯᠠ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠨᠢ ᠵᠢᠯ ᠳᠤ 60 ᠲᠦᠮᠡᠨ ᠵᠣᠭᠠᠴᠠᠭᠰᠠᠳ ᠢ ᠬᠦᠯᠢᠶᠡᠨ ᠠᠪᠴᠤ᠂ 3700 ᠲᠦᠮᠡᠨ ᠲᠦᠭᠦᠷᠢᠭ ᠤᠨ ᠵᠣᠭᠠᠴᠠᠯ ᠤᠨ ᠣᠷᠣᠯᠭ᠎ᠠ ᠶᠢ ᠪᠡᠶᠡᠯᠡᠭᠦᠯᠵᠠᠢ᠃ ᠡᠯᠧᠺᠳ᠋ᠷᠣᠨ ᠬᠤᠳᠠᠯᠳᠣᠭᠠᠨ ᠤ ᠨᠡᠶᠢᠲᠡ ᠶᠢᠨ ᠦᠢᠯᠡᠴᠢᠯᠡᠭᠡᠨ ᠤ ᠲᠥᠪ ᠤᠨ ᠪᠦᠬᠦ ᠵᠢᠯ ᠤᠨ ᠪᠣᠷᠣᠯᠠᠭᠤᠯᠣᠯᠲᠠ ᠶᠢᠨ ᠨᠣᠷᠮ᠎ᠠ ᠨᠢ 2000 ᠭᠠᠷᠣᠢ ᠲᠦᠮᠡᠨ ᠲᠦᠭᠦᠷᠢᠭ ᠬᠦᠷᠴᠠᠢ᠃ ᠠᠷᠪᠠᠨ ᠪᠠᠩᠬᠢ ᠶᠢᠨ ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ᠲᠣᠰ ᠲᠣᠰ 101.8 ᠳ᠋ᠦᠩᠰᠢᠭᠤᠷ ᠲᠥᠭᠦᠷᠢᠭ ᠪᠤᠯᠤᠨ 48.7 ᠳ᠋ᠦᠩᠰᠢᠭᠤᠷ ᠲᠥᠭᠦᠷᠢᠭ ᠬᠦᠷᠪᠡ᠃      ᠠᠷᠠᠯᠵᠢᠶᠠᠴᠢᠨ ᠣᠷᠢᠵᠦ ᠪᠡᠯᠡ ᠣᠷᠣᠭᠤᠯᠬᠤ ᠠᠵᠢᠯ ᠢ ᠬᠦᠨᠵᠡᠭᠡᠶᠢᠷᠡᠭᠦᠯᠦᠨ ᠬᠦᠭᠵᠢᠭᠦᠯᠪᠡ᠃ ᠠᠷᠠᠯᠵᠢᠶᠠᠴᠢᠨ ᠣᠷᠢᠬᠤ ᠪᠠᠭ᠎ᠠ ᠳᠣᠭᠤᠶᠢᠯᠠᠩ ᠲᠣᠭᠲᠠᠭᠠᠨ᠂ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠦᠢᠯᠡᠴᠢᠯᠡᠭᠡᠨ ᠤ ᠲᠦᠪ ᠢ ᠪᠠᠶᠢᠭᠤᠯᠵᠤ᠂ ᠰᠢᠩ ᠾᠧ ᠰᠢᠶᠠᠨ ᠤ ᠠᠩᠬᠠᠳᠣᠭᠠᠷ ᠬᠤᠭᠤᠴᠠᠭᠠᠨ ᠤ ᠬᠦᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠪᠠᠷ ᠡᠷᠬᠢᠯᠡᠨ᠂ ᠪᠦᠬᠦ ᠲᠠᠯ᠎ᠠ ᠪᠠᠷ ᠬᠠᠷᠢᠴᠠᠭ᠎ᠠ ᠬᠤᠯᠪᠣᠭ᠎ᠠ ᠪᠠᠨ ᠴᠢᠩᠭᠠᠳᠬᠠᠵᠦ᠂ ᠪᠦᠬᠦ ᠵᠢᠯ ᠤᠨ ᠣᠷᠢᠵᠦ ᠣᠷᠣᠭᠤᠯᠣᠭᠰᠠᠨ ᠲᠦᠰᠣᠯ ᠨᠢ 21 ᠳᠤ ᠬᠦᠷᠪᠡ᠃     ______ᠨᠢᠭᠡᠲᠦᠯᠲᠠᠢ ᠲᠦᠯᠦᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠨ᠂ ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠳᠡᠭᠦᠯᠳᠡᠷᠵᠢᠭᠦᠯᠬᠦ ᠪᠠᠷ ᠴᠢᠷᠮᠠᠶᠢᠪᠠ᠃      ᠴᠧᠨ ᠭᠤᠸᠠᠨ ᠪᠠᠯᠭᠠᠰᠣᠨ ᠤ ᠶᠡᠷᠦᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠵᠤ ᠳᠠᠭᠤᠰᠪᠠ᠃ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠦᠪᠡᠷᠲᠡᠭᠡᠨ ᠵᠠᠰᠠᠬᠤ ᠣᠷᠣᠨ ᠤ ᠪᠣᠯᠪᠠᠰᠣᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠣᠲᠠᠢ ᠠᠬᠢᠭᠤᠯᠪᠠ᠃ 1.37 ᠳ᠋ᠦᠩᠰᠢᠭᠤᠷ ᠲᠥᠭᠦᠷᠢᠭ ᠶᠢᠨ ᠪᠡᠯᠡ ᠣᠷᠣᠭᠤᠯᠵᠤ᠂ ᠬᠤᠲᠠ ᠶᠢᠨ ᠵᠠᠬᠢᠷᠭ᠎ᠠ ᠶᠢᠨ ᠨᠡᠶᠢᠲᠠ ᠶᠢᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠪᠡ᠃ ᠬᠤᠲᠠ ᠬᠦᠳᠡᠭᠡ ᠶᠢᠨ ︽ᠭᠤᠷᠪᠠᠨ ᠵᠠᠮᠪᠠᠷᠠᠭ᠎ᠠ ᠦᠭᠡᠢ︾ ᠶᠢ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠦ᠂ ᠬᠠᠣᠯᠢ ᠪᠣᠰᠤ ᠪᠠᠷᠢᠯᠭ᠎ᠠ ᠪᠤᠯᠤᠨ ᠬᠤᠲᠠ ᠶᠢᠨ ᠲᠦᠷᠢ ᠳᠦᠷᠬᠦ ᠶᠢ ᠴᠡᠭᠴᠡᠯᠡᠨ ᠵᠠᠰᠠᠬᠤ ︽ᠵᠠᠰᠠᠭ ᠤᠨ ᠣᠷᠳᠣᠨ ᠤ ᠵᠠᠷᠯᠢᠭ︾ ᠢ ᠨᠡᠶᠢᠳᠡᠯᠡᠵᠡᠢ᠃ ᠰᠢ ᠴᠧᠩ ᠸᠠᠢ᠂ ᠮᠠ ᠴᠢᠶᠣᠣ ᠵᠡᠭᠡᠯᠢ ᠶᠢᠨ ᠪᠥᠷᠬᠡ ᠭᠡᠷ ᠤᠨ ᠲᠣᠭᠤᠷᠢᠭ ᠤᠨ ᠦᠭᠡᠷᠡᠴᠢᠯᠡᠯᠲᠡ ᠶᠢᠨ ᠢᠨᠵᠧᠨᠧᠷᠢᠩ ᠶᠢ ᠲᠦᠯᠬᠢᠨ ᠠᠬᠢᠭᠤᠯᠪᠠ᠃ ᠪᠦᠬᠦ ᠬᠦᠴᠦᠨ ᠢᠶᠠᠷ ︽ᠨᠣᠭᠤᠭᠠᠨ ᠢᠶᠠᠷ ᠪᠠᠶᠢᠭᠤᠯᠬᠤ᠂ ᠨᠣᠭᠤᠭᠠᠨ ᠢᠶᠠᠷ ᠦᠷᠭᠡᠳᠬᠡᠬᠦ᠂ ᠨᠣᠭᠤᠭᠠᠨ ᠢᠶᠠᠷ ᠨᠦᠬᠦᠪᠦᠷᠢᠯᠡᠬᠦ︾ ᠢᠨᠵᠧᠨᠧᠷᠢᠩ ᠶᠢ ᠬᠦᠢᠴᠡᠳᠭᠡᠵᠦ᠂ ᠪᠦᠬᠦ ᠵᠢᠯ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠵᠠᠰᠠᠯᠲᠠ᠂ ᠲᠠᠷᠢᠶᠠᠯᠠᠬᠤ ᠪᠠᠨ ᠪᠣᠯᠢᠵᠦ ᠣᠶᠢᠵᠢᠭᠤᠯᠬᠤ᠂ ᠣᠨᠴᠠᠯᠢᠭ ᠪᠦᠬᠦᠢ ᠠᠵᠦ ᠠᠬᠤᠢ ᠶᠢᠨ ᠣᠢ ᠵᠡᠷᠭᠡ ᠠᠵᠢᠯ ᠢ ᠪᠡᠶᠡᠯᠡᠭᠦᠯᠵᠦ᠂ ᠭᠤᠣᠯᠳᠠᠯᠠᠭ᠎ᠠ ᠲᠠᠢ ᠤᠷᠤᠨ ᠤ ᠨᠤᠭᠤᠭᠠᠷᠠᠭᠤᠯᠣᠯᠲᠠ ᠶᠢ 5.1 ᠲᠦᠮᠡᠨ ᠮᠦ ᠬᠦᠷᠴᠦ᠂ ᠣᠢ ᠰᠢᠭᠤᠢ ᠶᠢᠨ ᠪᠦᠷᠬᠦᠮᠵᠢ ᠶᠢᠨ ᠨᠣᠷᠮ᠎ᠠ ᠪᠣᠯᠣᠨ ᠡᠪᠡᠰᠦ ᠮᠣᠳᠣᠨ ᠤ ᠪᠦᠷᠬᠦᠮᠵᠢ ᠶᠢᠨ ᠬᠡᠮᠵᠢᠶ᠎ᠡ ᠲᠣᠰᠪᠦᠷᠢ 24.6% ᠪᠣᠯᠣᠨ 51.5% ᠬᠦᠷᠴᠠᠢ᠃  ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠳᠡᠭᠡ ᠲᠣᠰᠬᠤᠨ ᠤ ᠣᠣᠭᠤᠬᠤ ᠤᠰᠤᠨ ᠤ ᠠᠮᠤᠷ ᠲᠦᠪᠰᠢᠨ ᠢᠨᠵᠧᠨᠧᠷᠢᠩ ᠤᠨ ᠲᠤᠭ᠎ᠠ 115 ᠶᠢ ᠪᠡᠶᠡᠯᠡᠭᠦᠯᠵᠦ᠂ 1.43 ᠲᠦᠮᠡᠨ ᠬᠦᠮᠦᠨ ᠠᠰᠢᠭ ᠬᠦᠷᠲᠡᠪᠡ᠃ 128.4 ᠲᠦᠮᠡᠨ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠵᠠᠭᠠᠭᠯᠠᠨ ᠲᠣᠭᠲᠠᠭᠠᠯᠲᠠ ᠶᠢ ᠪᠡᠶᠡᠯᠡᠭᠦᠯᠵᠦ᠂ 240 ᠮᠦ ᠬᠤᠲᠠ ᠬᠦᠳᠡᠭᠡ ᠶᠢᠨ ᠪᠦᠳᠦᠭᠡᠨ ᠪᠠᠶᠢᠭᠤᠯᠣᠯᠲᠠ ᠳᠤ ᠬᠡᠷᠡᠭᠰᠡᠬᠦ ᠭᠠᠵᠠᠷ ᠤᠨ ᠨᠡᠮᠡᠭᠳᠡᠬᠦ ᠬᠠᠰᠣᠭᠳᠠᠬᠤ ᠲᠠᠢ ᠬᠤᠯᠪᠣᠭᠳᠠᠯ ᠪᠦᠬᠦᠢ ᠲᠦᠷᠦᠯ ᠢ ᠰᠢᠯᠭᠠᠨ ᠪᠠᠶᠢᠴᠠᠭᠠᠵᠦ᠂ ᠴᠠᠬᠢᠯᠭᠠᠨᠲᠣ ᠲᠣᠣᠷ ᠢ ᠵᠠᠰᠠᠨ ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠪᠠ᠃      ______ ᠠᠷᠠᠳ ᠤᠨ ᠠᠮᠢᠳᠣᠷᠠᠯ ᠤᠨ ᠰᠠᠶᠢᠵᠢᠷᠠᠭᠤᠯᠭ᠎ᠠ ᠳᠤ ᠠᠩᠬᠠᠷᠣᠯ ᠢᠶᠠᠨ ᠲᠦᠪᠯᠡᠷᠡᠭᠦᠯᠵᠦ᠂ ᠬᠤᠲᠠ ᠬᠦᠳᠡᠭᠡ ᠶᠢᠨ ᠰᠠᠭᠤᠷᠢ ᠲᠦᠭᠦᠭᠡᠷᠦᠮᠵᠢ ᠶᠢ ᠴᠢᠷᠮᠠᠶᠢᠨ ᠲᠡᠭᠦᠯᠳᠡᠷᠵᠢᠭᠦᠯᠪᠡ᠃      ᠪᠦᠬᠦ ᠰᠢᠶᠠᠨ ᠤ ᠠᠷᠠᠳ ᠤᠨ ᠠᠮᠢᠳᠣᠷᠠᠯ ᠤᠨ ᠵᠠᠷᠣᠯᠭ᠎ᠠ ᠨᠢ ᠳᠡᠭᠡᠷ᠎ᠡ ᠵᠢᠯ ᠠᠴᠠ ᠪᠠᠨ 2.32 ᠳ᠋ᠦᠩᠰᠢᠭᠤᠷ ᠲᠥᠭᠦᠷᠢᠭ ᠢᠶᠠᠷ ᠨᠡᠮᠡᠭᠳᠡᠵᠦ᠂ 11.9% ᠪᠠᠷ ᠳᠡᠭᠡᠭᠰᠢᠯᠡᠵᠡᠢ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠭᠰᠠᠨ ᠬᠦᠮᠦᠨ ᠤ ᠲᠤᠭ᠎ᠠ 1115 ᠬᠦᠷᠴᠦ᠂ ᠬᠤᠲᠠ ᠪᠠᠯᠭᠠᠰᠣᠨ ᠤ ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠣᠷᠮ᠎ᠠ ᠪᠠ ᠠᠵᠢᠯ ᠠᠯᠳᠠᠯᠲᠠ ᠶᠢᠨ ᠳᠠᠩᠰᠠᠯᠠᠭᠤᠯᠣᠭᠰᠠᠨ ᠨᠣᠷᠮ᠎ᠠ ᠨᠢ ᠲᠣᠰᠪᠣᠷᠢ 5% ᠪᠣᠯᠣᠨ 4.1% ᠲᠣᠲᠣᠷ᠎ᠠ ᠡᠷᠬᠢᠰᠢᠶᠡᠭᠳᠡᠵᠡᠢ᠃ ᠨᠠᠰᠣᠲᠠᠨ ᠢ ᠠᠰᠠᠷᠠᠭᠰᠠᠳ᠂ ᠳᠣᠣᠷ᠎ᠠ ᠪᠠᠲᠣᠯᠭᠠᠲᠣ ᠡᠷᠦᠬᠡ᠂ ᠣᠨᠴᠠ ᠬᠦᠴᠢᠷᠳᠡᠯᠲᠠᠢ ᠡᠷᠦᠬᠡ᠂ ᠵᠡᠮᠳᠡᠭ ᠬᠦᠮᠦᠨ ᠵᠡᠷᠭᠡ ᠬᠦᠮᠦᠰ ᠤᠨ ᠲᠡᠳᠬᠦᠮᠵᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠬᠦ ᠠᠷᠠᠳ ᠢ ᠳᠠᠭᠠᠳᠬᠠᠯ ᠳᠤ ᠣᠷᠣᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 19 ᠲᠦᠮᠡᠨ ᠨᠡᠶᠢᠭᠡᠮ ᠤᠨ ᠪᠠᠳᠦᠯᠭ᠎ᠠ ᠶᠢᠨ ᠺᠠᠷᠲ ᠶᠢ ᠲᠠᠷᠬᠠᠭᠠᠵᠠᠢ᠃ ᠰᠢᠨ᠎ᠡ ᠨᠢᠭᠡᠨ ᠡᠭᠡᠯᠵᠢ ᠶᠢᠨ ᠰᠣᠷᠭᠠᠭᠤᠯᠢ ᠶᠢᠨ ᠵᠠᠬᠢᠷᠣᠯ ᠤᠨ ᠦᠷᠢᠰᠦᠯᠳᠦᠭᠡᠨ ᠤ ᠠᠵᠢᠯ ᠢ ᠪᠡᠶᠡᠯᠡᠭᠦᠯᠵᠦ᠂ ᠳᠣᠮᠳᠠᠳᠣ ᠪᠠᠭ᠎ᠠ ᠰᠣᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠳᠦᠷᠢᠮ ᠢ ᠡᠮᠬᠢ ᠵᠢᠷᠦᠮ ᠲᠠᠢ ᠶᠠᠪᠤᠭᠳᠠᠭᠤᠯᠣᠨ᠂ ᠵᠢᠩ ᠮᠧᠩ᠂ ᠢᠦᠢ ᠶᠢᠩ ᠬᠤᠶᠠᠷ ᠬᠡᠤᠬᠡᠳ ᠤᠨ ᠴᠡᠴᠡᠷᠯᠢᠭ ᠪᠣᠯᠣᠨ ᠱᠦ ᠭᠤᠸᠠᠩ ᠪᠠᠭ᠎ᠠ ᠰᠣᠷᠭᠠᠭᠤᠯᠢ ᠶᠢᠨ ᠭᠤᠣᠯ ᠴᠣᠭᠴᠠ ᠨᠢ ᠨᠢᠭᠡᠨᠲᠡ ᠪᠠᠷᠢᠵᠦ ᠳᠠᠭᠤᠰᠴᠠᠢ᠃ ᠡᠮᠴᠢᠯᠡᠭᠡ᠂ ᠡᠮᠨᠡᠯᠭᠡ ᠶᠢᠨ ᠳᠠᠭᠠᠳᠬᠠᠯ ᠵᠢᠴᠢ ᠡᠮ ᠡᠮᠨᠡᠯᠭᠡ ᠶᠢᠨ ᠦᠭᠡᠷᠡᠴᠢᠯᠡᠯᠲᠡ ᠨᠢ ᠲᠣᠭᠲᠠᠭᠤᠨ ᠢᠶᠠᠷ ᠠᠬᠢᠭᠤᠯᠵᠦ᠂ ᠬᠤᠲᠠ ᠬᠦᠳᠡᠭᠡ ᠶᠢ ᠪᠦᠷᠬᠦᠭᠰᠡᠨ ᠨᠡᠶᠢᠲᠡ ᠶᠢᠨ ᠠᠷᠢᠭᠤᠨ ᠴᠡᠪᠡᠷ ᠤᠨ ᠥᠢᠯᠡᠴᠢᠯᠡᠭᠡᠨ ᠤ ᠰᠢᠰᠲ᠋ᠧᠮ ᠤᠯᠠᠮ ᠨᠢᠭᠡ ᠠᠯᠬᠤᠮ ᠲᠡᠬᠦᠯᠳᠡᠷᠵᠢᠵᠠᠢ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠪᠡᠭᠡᠵᠢᠩ ᠶᠡᠭᠡ ᠰᠣᠷᠭᠠᠭᠤᠯᠢ ᠶᠢᠨ ᠭᠤᠷᠪᠠᠳᠣᠭᠠᠷ ᠡᠮᠨᠡᠯᠭᠡ ᠶᠢᠨ ᠬᠤᠷᠢᠶᠠᠨ ᠤ ᠶᠠᠨ ᠴᠢᠩ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠠᠢ ᠠᠯᠣᠰ ᠠᠴᠠ ᠳᠦᠷᠰᠦ ᠵᠢᠷᠤᠭ ᠢ ᠣᠨᠣᠰᠢᠯᠠᠬᠤ ᠪᠤᠯᠤᠨ ᠬᠠᠮᠲᠣᠷᠠᠨ ᠣᠨᠣᠰᠢᠯᠠᠬᠤ ᠪᠠᠶᠢᠭᠤᠯᠣᠮᠵᠢ ᠶᠢ ᠪᠠᠶᠢᠭᠤᠯᠵᠣ᠂ ᠪᠦᠬᠦ ᠵᠢᠯ ᠳᠤ ᠨᠡᠶᠢᠲᠡ 1052 ᠳᠦᠷᠰᠦ ᠵᠢᠷᠤᠭ ᠢ ᠣᠨᠣᠰᠢᠯᠠᠪᠡ᠃ ᠤᠯᠠᠭᠠᠨᠮᠦ᠋ᠴᠢᠷ ᠤᠨ ︽ᠲᠠᠯ᠎ᠠ ᠨᠤᠲᠤᠭ ᠤᠨ ᠬᠤᠪᠢᠰᠬᠠᠯᠲᠣ ᠤᠳᠬ᠎ᠠ ᠤᠷᠠᠯᠢᠭ ᠤᠨ ᠬᠥᠩᠭᠡᠨ ᠮᠤᠷᠢᠲᠣ ᠴᠡᠷᠢᠭ︾ ᠤᠨ ᠦᠢᠯᠡᠳᠦᠯ ᠨᠢ ᠤᠯᠠᠮ ᠨᠢᠭᠡ ᠠᠯᠬᠤᠮ ᠪᠠᠳᠠᠷᠠᠭᠤᠯᠪᠠ᠃ ︽ᠳᠤᠯᠣᠳᠣᠭᠠᠷ ᠲᠠᠪᠣᠨ ᠵᠢᠯ︾ ᠬᠠᠥᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠣᠷ ᠲᠦᠪᠰᠢᠨ ᠤ ᠬᠢᠨᠠᠨ ᠬᠠᠮᠢᠶᠠᠷᠣᠯᠲᠠ ᠪᠠᠨ ᠲᠠᠰᠣᠷᠠᠯ ᠦᠭᠡᠢ ᠴᠢᠩᠭᠠᠳᠬᠠᠨ᠂ ᠠᠶᠣᠯᠭᠦᠢ ᠦᠢᠯᠡᠳᠪᠦᠷᠢᠯᠡᠬᠦ᠂ ᠵᠠᠬᠢᠲᠠᠯ ᠰᠣᠷᠪᠣᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠᠶᠢᠲᠠᠯ  ᠨᠢ ᠶᠡᠷᠦᠩᠬᠡᠢ ᠳᠡᠭᠡᠨ ᠲᠣᠭᠲᠠᠭᠤᠨ ᠪᠠᠶᠢᠵᠦ᠂ ᠨᠡᠶᠢᠭᠡᠮ ᠤᠨ ᠠᠮᠣᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠰᠢᠰᠲ᠋ᠧᠮ ᠢ ᠤᠯᠠᠮ ᠢᠶᠠᠷ ᠲᠡᠭᠦᠯᠳᠡᠷᠵᠢᠭᠦᠯᠵᠦ᠂  ᠬᠠᠷ᠎ᠠ ᠪᠦᠯᠦᠭᠲᠡᠨ ᠢ ᠱᠦᠭᠦᠷᠳᠡᠨ ᠬᠠᠷᠬᠢᠰ ᠢ ᠠᠷᠢᠯᠭᠠᠬᠤ ᠠᠵᠢᠯ ᠢ ᠬᠦᠨᠵᠡᠭᠡᠢ ᠦᠷᠨᠢᠭᠦᠯᠦᠨ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠪᠠᠶᠢᠭᠤᠯᠣᠯᠲᠠ ᠶᠢ ᠴᠢᠩᠭᠠᠳᠬᠠᠵᠦ᠂ ᠦᠨᠳᠦᠰᠦᠲᠡᠨ ᠤ ᠱᠠᠰᠢᠨ ᠰᠣᠷᠲᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ᠂ ᠴᠠᠭ ᠠᠭᠤᠷ᠂ ᠲᠠᠩᠰᠠ ᠡᠪᠬᠡᠮᠡᠯ᠂ ᠲᠡᠣᠬᠡᠨ ᠣᠶᠢᠯᠠᠯᠭ᠎ᠠ᠂ ᠲᠤᠭ᠎ᠠ ᠪᠦᠷᠢᠳᠬᠡᠯ᠂ ᠠᠮᠤ ᠪᠤᠳᠠᠭ᠎ᠠ ᠵᠡᠷᠭᠡ ᠲᠠᠯ᠎ᠠ ᠶᠢᠨ ᠠᠵᠢᠯ ᠤᠳ ᠮᠡᠳᠡᠭᠳᠡᠬᠦᠶᠢᠴᠡ ᠦᠷ᠎ᠡ ᠪᠦᠳᠦᠮᠵᠢ ᠣᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠭᠡᠥᠬᠡᠳ᠂ ᠨᠠᠰᠣᠲᠠᠶᠢᠴᠣᠳ ᠪᠣᠯᠣᠨ ᠵᠡᠮᠳᠡᠭᠴᠦᠦᠯ ᠵᠡᠷᠭᠡ ᠠᠵᠢᠯ ᠥᠢᠯᠡᠰ ᠦᠳᠲᠡᠷ ᠲᠦᠷᠭᠡᠨ ᠬᠥᠭᠵᠢᠵᠡᠢ᠃     ______ᠳᠦᠷᠢᠮ ᠤᠨ ᠪᠠᠶᠢᠭᠤᠯᠣᠯᠲᠠ ᠶᠢ ᠴᠢᠩᠭᠠᠳᠬᠠᠵᠦ᠂ ᠵᠠᠰᠠᠭ ᠤᠨ ᠣᠷᠳᠣᠨ ᠤ ᠴᠢᠳᠠᠮᠵᠢ ᠶᠢ ᠳᠡᠭᠡᠭᠰᠢᠯᠡᠭᠦᠯᠪᠡ᠃      ᠣᠯᠣᠰ ᠲᠦᠷᠦ ᠶᠢᠨ ᠪᠠᠶᠢᠭᠤᠯᠣᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ᠲᠦᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠤᠯᠤᠨ ᠣᠷᠣᠨ ᠬᠤᠲᠠ ᠶᠢᠨ ᠢᠵᠢ ᠪᠦᠷᠢᠯᠳᠦᠭᠦᠯᠬᠦ ᠲᠣᠭᠲᠠᠭᠠᠯ ᠢ ᠬᠢᠨᠠᠮᠠᠭᠠᠢ ᠨᠠᠶᠢᠳᠠᠪᠣᠷᠢᠵᠢᠭᠤᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠲᠠᠯ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ ᠠᠬᠢᠭᠤᠯᠵᠦ᠂ ᠣᠷᠲᠣ ᠬᠤᠭᠤᠴᠠᠭ᠎ᠠ ᠪᠠᠷ ︽ᠳᠦᠷᠪᠡᠨ ᠰᠣᠷᠲᠠᠯ︾ ᠢ ᠴᠡᠭᠴᠡᠯᠡᠨ ᠵᠠᠰᠠᠪᠠ᠃ ︽ᠭᠤᠷᠪᠠᠨ ᠴᠢᠬᠤᠯᠠ ᠨᠢᠭᠡ ᠲᠣᠮᠣ︾ ᠳᠦᠷᠢᠮ ᠢ ᠴᠢᠩᠭ᠎ᠠ ᠬᠡᠷᠡᠭᠵᠢᠭᠦᠯᠵᠦ᠂ ᠲᠦᠰᠦᠯ ᠤᠨ ᠪᠠᠶᠢᠭᠤᠯᠣᠯᠲᠠ᠂ ᠪᠡᠯᠡ ᠮᠦᠩᠭᠦᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠳᠦᠷᠢᠮᠵᠢᠭᠦᠯᠪᠡ᠃ ᠬᠢᠨᠠᠨ ᠪᠣᠳᠣᠵᠣ ᠬᠢᠨᠠᠯᠲᠠ ᠲᠠᠯᠪᠢᠬᠤ ᠡᠷᠴᠢᠮ ᠢ ᠴᠢᠩᠭᠠᠳᠬᠠᠨ᠂  2821 ᠲᠦᠮᠡᠨ ᠲᠦᠭᠦᠷᠢᠭ ᠤᠨ ᠪᠠᠷᠢᠯᠭ᠎ᠠ ᠶᠢᠨ ᠵᠣᠭᠤᠰ ᠢ ᠬᠢᠨᠠᠨ ᠬᠠᠰᠣᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠭᠦᠯᠵᠦ᠂ ᠢᠯᠡ ᠵᠠᠰᠠᠭ ᠢ ᠲᠦᠯᠬᠢᠨ ᠠᠬᠢᠭᠤᠯᠵᠤ᠂  ︽ᠠᠷᠠᠳ ᠤᠨ ᠠᠮᠢᠳᠣᠷᠠᠯ ᠤᠨ ᠨᠦᠬᠦᠪᠦᠷᠢ ᠶᠢ ᠢᠯᠡ ᠨᠡᠶᠢᠳᠡᠯᠡᠬᠦ ᠲᠠᠪᠴᠠᠩ︾ ᠤᠨ ᠦᠢᠯᠡᠳᠦᠯ ᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠲᠥᠰᠥᠪ᠂ ᠰᠠᠯᠠᠭ᠎ᠠ ᠮᠦᠴᠢᠷ ᠤᠨ ᠲᠦᠰᠦᠪ᠂ ᠭᠤᠷᠪᠠᠨ ᠠᠯᠪᠠᠨ ᠵᠠᠷᠣᠳᠠᠯ ᠵᠢᠴᠢ ᠡᠯ᠎ᠡ ᠲᠦᠷᠦᠯ ᠤᠨ ᠠᠷᠠᠳ ᠳᠤ ᠠᠰᠢᠭ ᠬᠦᠷᠳᠡᠭᠡᠬᠦ ᠨᠦᠬᠦᠪᠦᠷᠢ ᠶᠢ ᠪᠦᠬᠦᠨ ᠢ ᠨᠡᠶᠢᠭᠡᠮ ᠨᠡᠶᠢᠲᠡ ᠳᠤ ᠢᠯᠡ ᠨᠡᠶᠢᠲᠡᠯᠡᠪᠡ᠃ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠣᠯᠣᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠵᠦ᠂ ᠭᠠᠷᠠᠭ ᠪᠤᠯᠭᠠᠨ ᠤ ᠲᠣᠭᠲᠠᠭᠰᠠᠨ ᠴᠠᠭ ᠲᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠣᠯᠣᠰ ᠲᠥᠷᠥ ᠶᠢᠨ ᠵᠥᠪᠯᠡᠯᠭᠡᠨ ᠳᠤ ᠮᠡᠳᠡᠭᠦᠯᠵᠦ᠂ ᠪᠦᠬᠦ ᠵᠢᠯ ᠳᠤ ᠬᠦᠢᠴᠡᠳᠭᠡᠭᠰᠡᠨ ᠠᠷᠠᠳ ᠤᠨ ᠲᠦᠯᠦᠭᠡᠯᠡᠭᠴᠢᠳ ᠤᠨ ᠰᠠᠨᠠᠯ ᠵᠥᠪᠯᠡᠯᠭᠡ ᠪᠣᠯᠣᠨ ᠣᠯᠣᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠳᠤᠷᠠᠳᠤᠯᠭ᠎ᠠ ᠶᠢᠨ ᠲᠤᠭ᠎ᠠ 149 ᠪᠠᠶᠢᠵᠦ᠂ ᠭᠦᠢᠴᠡᠳᠬᠡᠭᠡᠳ ᠬᠠᠷᠢᠭᠤ ᠥᠭᠭᠦᠭᠰᠡᠨ ᠨᠣᠷᠮ᠎ᠠ ᠨᠢ 100% ᠳᠤ ᠬᠦᠷᠴᠠᠢ᠃      ᠳᠥᠯᠥᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠡ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠠᠢ ᠬᠤᠷᠸ᠎ᠠ ᠪᠠᠶᠢᠳᠠᠯ ᠪᠤᠯᠤᠨ ᠬᠠᠲᠠᠭᠤ ᠪᠡᠷᠬᠡ ᠬᠦᠨᠳᠦ ᠬᠡᠴᠡᠭᠦᠦ ᠬᠦᠭᠵᠢᠯᠲᠡ ᠶᠢᠨ ᠡᠭᠦᠷᠭᠡ ᠳᠤ ᠢᠳᠡᠪᠬᠢᠲᠠᠢ ᠬᠠᠨᠳᠣᠵᠦ᠂ ᠬᠦᠴᠢᠷ ᠪᠡᠷᠬᠡᠰᠢᠶᠡᠯ ᠠᠴᠠ ᠦᠯᠦ ᠠᠶᠣᠨ ᠰᠢᠳᠣᠷᠭᠤ ᠰᠢᠪᠳᠣᠯᠵᠣ᠂ ᠰᠢᠨᠲᠠᠷᠠᠰᠢ ᠦᠭᠡᠢ ᠲᠣᠣᠱᠯᠠᠭᠤᠯᠣᠨ᠂ ᠡᠯ᠎ᠡ ᠵᠦᠢᠯ ᠤᠨ ᠪᠡᠷᠭᠡ ᠪᠠᠷᠲᠠᠭ᠎ᠠ ᠶᠢ ᠢᠯᠠᠨ ᠳᠠᠪᠠᠵᠤ᠂ ᠬᠢᠯᠪᠡᠷ ᠪᠣᠰᠤ ᠦᠷ᠎ᠡ ᠪᠦᠳᠦᠭᠡᠯ ᠢ ᠲᠡᠮᠡᠴᠡᠨ ᠣᠯᠪᠠ᠃ ᠡᠳᠡᠭᠡᠷ ᠦᠷ᠎ᠡ ᠪᠦᠳᠦᠭᠡᠯ ᠪᠣᠯ ᠳᠡᠭᠡᠲᠦ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠲᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠬᠦᠴᠦᠲᠡᠢ ᠳᠡᠮᠵᠢᠭᠰᠡᠨ ᠤ ᠦᠷ᠎ᠡ ᠳ᠋ᠦᠩ᠂ ᠮᠦᠨ ᠴᠦ ᠰᠢᠶᠠᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ᠂  ᠪᠠᠰᠠ ᠴᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠣᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠨ ᠳᠡᠮᠵᠢᠵᠦ᠂ ᠪᠦᠬᠦ ᠬᠦᠴᠦᠨ ᠢᠶᠠᠷ ᠢᠶᠠᠨ ᠬᠠᠪᠰᠣᠷᠣᠭᠰᠠᠨ ᠤ ᠦᠷ᠎ᠡ ᠳ᠋ᠦᠩ᠂ ᠨᠡᠩ ᠴᠦ ᠪᠦᠬᠦ ᠰᠢᠶᠠᠨ ᠤ ᠠᠷᠠᠳ ᠲᠦᠮᠡᠨ ᠤ ᠬᠦᠴᠢᠷ ᠢ ᠰᠦᠷᠦᠨ ᠣᠷᠣᠭᠰᠢᠯᠠᠵᠣ᠂ ᠴᠢᠳᠠᠯ ᠢᠶᠠᠷ ᠢᠶᠠᠨ ᠲᠡᠮᠡᠴᠡᠭᠰᠡᠨ ᠤ ᠦᠷ᠎ᠡ ᠳ᠋ᠦᠩ ᠮᠦᠨ᠃ ᠡᠭᠦᠨ ᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠰᠢᠶᠠᠨ ᠤ ᠡᠯ᠎ᠡ ᠥᠨᠳᠥᠰᠥᠲᠡᠨ ᠤ ᠠᠷᠠᠳ ᠲᠥᠮᠡᠨ᠂ ᠠᠷᠠᠳ ᠤᠨ ᠲᠥᠯᠥᠭᠡᠯᠡᠭᠴᠢ᠂ ᠣᠯᠣᠰ ᠲᠥᠷᠥ ᠶᠢᠨ ᠵᠥᠪᠯᠡᠯᠭᠡᠨ ᠤ ᠭᠡᠰᠢᠭᠦᠳ ᠨᠠᠷ ᠂ ᠰᠢᠩ ᠾᠧ ᠶᠢᠨ ᠥᠭᠡᠷᠡᠴᠢᠯᠡᠯᠲᠡ ᠬᠥᠭᠵᠢᠯᠲᠡ ᠳᠤ ᠵᠢᠳᠬᠦᠯ ᠢᠶᠠᠨ ᠵᠣᠷᠢᠭᠤᠯᠵᠣ᠂ ᠪᠡᠶᠡᠴᠢᠯᠡᠨ ᠣᠷᠥᠯᠴᠠᠭᠰᠠᠨ ᠪᠦᠬᠦ᠋ᠢᠯᠡ ᠡᠷᠬᠢᠮ ᠨᠠᠶᠢᠵᠠ ᠨᠠᠷ ᠲᠠᠭᠠᠨ ᠬᠠᠮᠤᠭ ᠤᠨ ᠡᠷᠬᠢᠮ ᠳᠡᠭᠡᠲᠦ ᠬᠦᠨᠳᠦᠳᠬᠡᠯ ᠪᠠ ᠦᠨᠡᠨ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ︕      ᠦᠷ᠎ᠡ ᠪᠦᠲᠦᠭᠡᠯ ᠢ ᠨᠣᠲᠠᠯᠠᠬᠤ ᠶᠢᠨ ᠬᠠᠮᠲᠣ᠂ ᠮᠠᠨ ᠤ ᠰᠢᠶᠠᠨ ᠤ ᠠᠵᠦ ᠠᠬᠤᠢ ᠶᠢᠨ ᠬᠦᠭᠵᠢᠯᠲᠡ ᠳᠤ ᠪᠠᠰᠠ ᠨᠡᠯᠢᠶᠡᠳ ᠣᠯᠠᠨ ᠬᠦᠴᠢᠷ ᠠᠰᠠᠭᠤᠲᠠᠯ ᠲᠣᠯᠭᠠᠷᠠᠵᠦ ᠪᠠᠶᠢᠬᠤ ᠶᠢ ᠮᠡᠳᠡᠬᠦ ᠬᠡᠷᠡᠭᠲᠡᠢ᠂ ᠭᠤᠣᠯ ᠢᠯᠡᠷᠡᠯ ᠨᠢ᠄ ᠠᠵᠣ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠲᠣᠯᠣᠭᠠᠶᠢᠯᠠᠭᠴᠢ ᠠᠵᠦ ᠠᠬᠤᠶᠢᠯᠠᠯ ᠳᠣᠲᠠᠮᠠᠭ᠂ ᠠᠵᠣ ᠥᠢᠯᠡᠰ ᠤᠨ ᠳᠠᠪᠬᠤᠷᠭ᠎ᠠ ᠨᠢ ᠪᠠᠰᠠ ᠬᠠᠷᠢᠴᠠᠩᠭᠤᠢ ᠳᠣᠣᠷ᠎ᠠ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠦᠷ᠎ᠡ ᠪᠦᠲᠦᠮᠵᠢ ᠢᠯᠡᠷᠬᠡᠢ ᠦᠭᠡᠢ᠂ ᠬᠤᠪᠢ ᠶᠢᠨ ᠠᠵᠦ ᠠᠬᠤᠢ ᠶᠢᠨ ᠬᠦᠭᠵᠢᠯᠲᠡ ᠬᠦᠳᠡᠯᠭᠡᠭᠴᠢ ᠬᠦᠴᠦ ᠳᠣᠲᠠᠮᠠᠭ᠂ ᠵᠠᠰᠠᠭ ᠤᠨ ᠣᠷᠳᠣᠨ ᠤ ᠦᠷᠢ ᠰᠢᠷᠢ ᠠᠷᠢᠯᠭᠠᠬᠤ ᠳᠠᠷᠣᠯᠲᠠ ᠪᠠᠷ ᠶᠡᠭᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠠᠬᠤ ᠡᠭᠦᠷᠭᠡ ᠬᠠᠲᠠᠭᠤᠵᠢᠯᠲᠠᠢ᠂ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠬᠠᠷᠠᠬᠠᠨ ᠳᠡᠭᠡᠭᠰᠢᠯᠡᠭᠦᠯᠬᠦ ᠴᠢᠬᠤᠯᠠ ᠲᠠᠢ᠂ ᠬᠤᠲᠠ ᠬᠦᠳᠡᠭᠡ ᠶᠢᠨ ᠥᠨᠳᠥᠰᠥᠨ ᠲᠥᠬᠦᠭᠡᠷᠥᠮᠵᠢ ᠶᠢᠨ ᠪᠦᠲᠦᠭᠡᠨ ᠪᠠᠶᠢᠭᠤᠯᠣᠯᠲᠠ ᠶᠢᠨ ᠦᠷᠢᠳᠦᠯ ᠬᠠᠷᠢᠴᠠᠩᠭᠤᠢ ᠠᠷᠪᠢᠨ᠂ ᠬᠤᠲᠠ ᠶᠢᠨ ᠬᠠᠮᠢᠶᠠᠷᠣᠯᠲᠠ ᠶᠢ ᠴᠢᠩᠭᠠᠳᠬᠠᠬᠤ ᠴᠢᠬᠤᠯᠠᠲᠠᠢ᠂ ᠣᠷᠣᠨ ᠰᠠᠭᠤᠴᠠ᠂ ᠠᠵᠢᠯ ᠣᠯᠭᠤᠯᠲᠠ᠂ ᠡᠮᠨᠡᠯᠭᠡ ᠨᠠᠰᠦᠲᠠᠨ ᠢ ᠠᠰᠠᠷᠠᠬᠤ ᠵᠡᠷᠭᠡ ᠲᠠᠯ᠎ᠠ ᠪᠠᠷ ᠤᠯᠠᠨ ᠲᠦᠮᠡᠨ ᠰᠡᠳᠬᠢᠯ ᠬᠠᠨᠦᠮᠵᠢ ᠦᠭᠡᠢ ᠪᠠᠶᠢᠬᠤ᠂ ᠺᠠᠲᠠᠷᠴᠣᠳ ᠤᠨ ᠦᠢᠯᠡᠴᠢᠯᠡᠭᠡᠨ ᠤ ᠤᠬᠠᠮᠰᠠᠷ ᠳᠣᠷᠣᠢ᠂ ᠠᠯᠪᠠᠨ ᠪᠠᠶᠢᠭᠤᠯᠭ᠎ᠠ ᠶᠢᠨ ᠰᠣᠷᠲᠠᠯ ᠪᠤᠯᠤᠨ ᠪᠦᠳᠦᠮᠵᠢ ᠶᠢᠨ ᠪᠠᠶᠢᠭᠤᠯᠣᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ᠃ ᠢᠢᠮᠦ ᠠᠴᠠ᠂ ᠪᠢᠳᠡ ᠡᠷᠬᠡᠪᠰᠢ ᠠᠰᠠᠭᠤᠲᠠᠯ ᠳᠤ ᠬᠠᠨᠳᠣᠵᠣ᠂ ᠦᠷᠢᠰᠦᠯᠳᠦᠭᠡᠨ ᠢ ᠢᠯᠠᠨ ᠳᠠᠪᠠᠵᠦ᠂ ᠴᠢᠩᠭ᠎ᠠ ᠬᠦᠴᠦᠲᠡᠢ ᠠᠷᠭ᠎ᠠ ᠠᠪᠴᠢᠯ ᠬᠡᠷᠡᠭᠯᠡᠵᠦ ᠨᠠᠷᠢᠨ ᠬᠢᠨᠠᠮᠠᠭᠠᠢ ᠢᠶᠠᠷ ᠰᠢᠢᠳᠪᠦᠷᠢᠯᠡᠨ᠎ᠡ᠃     ᠬᠤᠶᠠᠷ᠄ 2019 ᠤᠨ ᠤ ᠠᠵᠢᠯ ᠤᠨ ᠲᠤᠬᠢᠷᠠᠭᠤᠯᠤᠯᠲᠠ      ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ ᠪᠠ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠵᠠᠩᠭᠢᠯᠠᠭ᠎ᠠ ᠶᠢᠨ ᠵᠢᠯ᠂ ︽ᠭᠤᠷᠪᠠᠨ ᠶᠡᠭᠡ ᠪᠣᠭᠤᠮᠲᠠ ᠰᠢᠪᠲᠣᠯᠠᠬᠤ ᠳᠠᠶᠢᠯᠠᠯᠳᠣᠭᠠᠨ︾ ᠵᠢᠴᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠤᠯᠬᠤ ᠰᠢᠪᠲᠣᠯᠣᠯᠲᠠ ᠶᠢᠨ ᠵᠢᠯ ᠮᠦᠨ᠃ ᠪᠢᠳᠡ ᠡᠷᠬᠡᠪᠰᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠯᠠᠭᠤᠯᠣᠯᠲᠠ ᠪᠣᠯᠣᠨ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢᠨ ᠶᠣᠰᠣᠭᠠᠷ ︽ᠨᠡᠶᠢᠰᠯᠡᠯ ᠤᠨ ᠲᠣᠭᠤᠷᠢᠨ ᠳᠤ᠂ ᠨᠡᠶᠢᠰᠯᠡᠯ ᠢᠶᠠᠷ ᠲᠦᠰᠢᠭ ᠪᠤᠯᠭᠠᠨ᠂ ᠨᠡᠶᠢᠰᠯᠡᠯ ᠢ ᠬᠠᠮᠠᠭᠠᠯᠠᠵᠦ᠂ ᠨᠡᠶᠢᠰᠯᠡᠯ ᠳᠤ ᠦᠢᠯᠡᠴᠢᠯᠡᠵᠦ᠂ ᠨᠡᠶᠢᠰᠯᠡᠯ ᠠᠴᠠ ᠲᠣᠰᠠ ᠤᠯᠬᠤ︾  ᠭᠡᠬᠦ ᠬᠦᠭᠵᠢᠯᠲᠡ ᠶᠢᠨ ᠴᠢᠭ ᠢ ᠴᠢᠩᠭ᠎ᠠ ᠠᠳᠬᠤᠨ᠂ ᠰᠣᠶᠣᠯ ᠤᠨ ᠲᠠᠪᠠᠭᠤᠯᠢᠭ ᠬᠦᠴᠦᠨ᠂ ᠣᠷᠣᠨ ᠪᠠᠶᠢᠷᠢ ᠵᠠᠮ ᠬᠠᠷᠢᠯᠴᠠᠭᠠᠨ ᠤ ᠲᠠᠪᠠᠭᠤᠯᠢᠭ ᠲᠠᠯ᠎ᠠ᠂ ᠡᠬᠢ ᠪᠠᠶᠠᠯᠢᠭ ᠡᠨᠧᠷᠬᠢ ᠶᠢᠨ ᠰᠣᠷᠪᠣᠯᠵᠢ ᠶᠢᠨ ᠲᠠᠪᠠᠭᠤᠯᠢᠭ ᠲᠠᠯ᠎ᠠ᠂ ᠣᠷᠴᠢᠨ ᠲᠣᠭᠤᠷᠢᠨ ᠤ ᠲᠠᠪᠠᠭᠤᠯᠢᠭ ᠲᠠᠯ᠎ᠠ ᠵᠢᠴᠢ ᠰᠠᠭᠤᠷᠢ ᠲᠦᠬᠦᠭᠡᠷᠦᠮᠵᠢ ᠶᠢᠨ ᠲᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠣ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠬᠦ ᠶᠢ ᠴᠦᠬᠦᠷᠡᠰᠢ ᠦᠭᠡᠢ ᠲᠦᠯᠬᠢᠨ ᠠᠭᠢᠭᠤᠯᠬᠤ ᠶᠢ ᠪᠠᠷᠢᠮᠲᠠᠯᠠᠵᠤ᠂ ᠦᠷᠭᠡᠨ ᠤᠯᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠤᠮᠵᠢᠲᠠᠢ ᠬᠠᠩᠭᠠᠨ᠂ ᠪᠦᠬᠦ ᠰᠢᠶᠠᠨ ᠤ ᠦᠭᠡᠷᠡᠴᠢᠯᠡᠯᠲᠡ ᠬᠦᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ ᠡᠭᠦᠳᠦᠨ ᠨᠡᠭᠡᠭᠡᠰᠦᠭᠡᠢ᠃      2018 ᠤᠨ ᠤ ᠪᠦᠬᠦ ᠰᠢᠶᠠᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠡᠭᠡᠲᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠰᠢᠶᠠᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂  ᠯᠠᠪᠳᠠᠭᠤᠨ ᠢᠶᠠᠷ ᠳᠠᠪᠰᠢᠬᠤ ᠶᠢ ᠠᠵᠢᠯ ᠤᠨ ᠰᠠᠭᠤᠷᠢ ᠪᠤᠯᠭᠠᠨ᠂ ᠰᠢᠨ᠎ᠡ ᠬᠦᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠡᠷᠡᠰ ᠰᠢᠭᠤᠷᠬᠠᠢ ᠲᠡᠮᠡᠴᠡᠨ᠎ᠡ᠂ ᠭᠤᠣᠯᠯᠠᠬᠤ ᠠᠵᠦ ᠦᠢᠯᠡᠰ ᠢ ᠬᠦᠴᠦᠷᠭᠡᠭᠵᠢᠭᠦᠯᠦᠨ ᠪᠣᠵᠠᠭᠠᠶᠢᠷᠠᠭᠤᠯᠵᠤ᠂ ᠴᠢᠨᠠᠷ ᠰᠠᠶᠢᠲᠠᠢ ᠪᠦᠭᠡᠳ ᠦᠨᠳᠦᠷ ᠪᠦᠲᠦᠮᠵᠢᠲᠠᠢ ᠬᠤᠳᠠᠯᠳᠤᠭ᠎ᠠ ᠶᠢᠨ ᠣᠷᠴᠢᠨ ᠪᠣᠯᠣᠨ ᠠᠮᠦᠷ ᠲᠦᠪᠰᠢᠨ ᠨᠠᠮ ᠳᠣᠭᠲᠠᠭᠤᠨ ᠨᠡᠶᠢᠭᠡᠮ ᠤᠨ ᠣᠷᠴᠢᠨ ᠢ ᠪᠤᠢ ᠪᠤᠯᠭᠠᠬᠤ ᠳᠤ ᠬᠦᠴᠦᠯᠡᠨ᠂ ᠪᠦᠬᠦ ᠬᠦᠴᠦᠨ ᠢᠶᠠᠷ ᠢᠶᠠᠨ ᠬᠤᠳᠠᠯᠳᠣᠭᠠᠴᠢᠨ ᠣᠷᠢᠬᠤ ᠶᠢ ᠠᠳᠬᠤᠬᠤ᠂ ᠲᠦᠰᠦᠯ ᠢ ᠠᠳᠬᠤᠬᠤ᠂ ᠣᠷᠴᠢᠨ ᠲᠣᠭᠤᠷᠢᠨ ᠢ ᠠᠳᠬᠤᠬᠤ᠂ ᠠᠷᠠᠳ ᠤᠨ ᠠᠮᠢᠳᠣᠷᠠᠯ ᠢ ᠠᠳᠬᠤᠬᠤ ᠶᠢ ᠵᠣᠷᠢᠨ᠂ ᠠᠵᠦ ᠠᠬᠤᠢ ᠨᠡᠶᠢᠭᠡᠮ ᠤᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠣ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ ᠴᠢᠷᠮᠠᠶᠢᠨ ᠴᠢᠩᠭᠠᠳᠬᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠳᠤ ᠰᠠᠭᠤᠷᠢ ᠲᠠᠯᠪᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠦᠭᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠪᠠᠨ ᠪᠡᠯᠭᠡᠯᠡᠶ᠎ᠡ᠃      ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠲᠦᠰᠦᠪᠯᠡᠭᠰᠡᠨ ᠬᠠᠷᠠᠯᠲᠠ ᠪᠤᠯ᠄      ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠨᠡᠮᠡᠭᠳᠡᠯ ᠢ 6.5% ᠤᠷᠴᠢᠮ ᠬᠦᠷᠭᠡᠨ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 8.5% ᠤᠷᠴᠢᠮ ᠬᠦᠷᠭᠡᠨ᠂ ᠬᠠᠮᠲᠦ ᠨᠡᠶᠢᠲᠡ ᠶᠢᠨ ᠡᠩ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 0.6% ᠤᠷᠴᠢᠮ ᠬᠦᠷᠭᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶᠡᠨ ᠤ ᠨᠡᠮᠡᠭᠳᠡᠯ ᠢ 7% ᠤᠷᠴᠢᠮ ᠬᠦᠷᠭᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠤᠯᠬᠤ ᠤᠷᠤᠯᠭ᠎ᠠ ᠶᠢ ᠲᠤᠰ ᠪᠦᠷᠢ 8% ᠪᠤᠯᠤᠨ 8.5% ᠤᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠣᠨ ᠤ ᠠᠵᠢᠯ ᠣᠯᠭᠤᠯᠲᠠ ᠶᠢᠨ ᠰᠢᠨ᠎ᠡ ᠪᠠᠷ ᠨᠡᠮᠡᠭᠳᠡᠭᠰᠡᠨ ᠬᠦᠮᠦᠨ ᠤ ᠲᠤᠭ᠎ᠠ 990 ᠠᠴᠠ ᠳᠡᠭᠡᠭᠰᠢ ᠪᠠᠶᠢᠵᠦ᠂ ᠬᠤᠲᠠ ᠪᠠᠯᠭᠠᠰᠣᠨ ᠤ ᠠᠵᠢᠯ ᠠᠯᠳᠠᠭᠰᠠᠳ ᠤᠨ ᠳᠠᠩᠰᠠᠯᠠᠭᠤᠯᠣᠭᠰᠠᠨ ᠨᠣᠷᠮ᠎ᠠ ᠶᠢ 4.5% ᠶᠢᠨ ᠳᠣᠲᠣᠷ᠎ᠠ ᠡᠵᠡᠮᠰᠢᠨ᠎ᠡ᠃ ᠣᠯᠣᠰ ᠠᠴᠠ ᠪᠠᠭᠤᠯᠭᠠᠭᠰᠠᠨ ︽ᠡᠨᠧᠷᠬᠢ ᠶᠢ ᠠᠷᠪᠢᠯᠠᠨ᠂ ᠪᠣᠬᠢᠷᠳᠣᠯ ᠢ ᠪᠠᠭᠠᠰᠬᠠᠬᠤ︾ ᠡᠭᠦᠷᠭᠡ ᠶᠢ ᠪᠡᠶᠡᠯᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠪᠠᠨ ᠪᠡᠶᠡᠯᠡᠭᠦᠯᠬᠦ ᠳᠤ ᠡᠨᠡ ᠵᠢᠯ ᠳᠤᠤᠷᠠᠭᠢ ᠳᠣᠯᠣᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃     ︵ᠨᠢᠭᠡ︶ ᠭᠤᠣᠯᠳᠠᠯᠭ᠎ᠠ ᠶᠢ ᠠᠳᠬᠤᠵᠤ᠂ ᠦᠷ᠎ᠡ ᠪᠦᠲᠦᠭᠡᠯ ᠢ ᠪᠠᠬᠢᠵᠢᠭᠦᠯᠦᠨ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠣᠭᠠᠨ︾ ᠢ ᠰᠠᠶᠢᠲᠣᠷ ᠪᠡᠶᠡᠯᠡᠭᠦᠯᠦᠨ᠎ᠡ      ᠪᠤᠭᠤᠮᠲᠠ ᠰᠢᠪᠲᠣᠯᠬᠤ ᠳᠠᠶᠢᠯᠠᠯᠳᠣᠭᠠᠨ ᠤ ᠳᠣᠮᠳᠠᠬᠢ ᠬᠦᠨᠳᠦ ᠶᠡᠭᠡ ᠠᠶᠣᠯ ᠲᠦᠭᠰᠢᠭᠦᠷᠢ ᠤᠳ ᠢ ᠣᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠣᠷ ᠬᠢᠨ᠎ᠡ᠃ ᠴᠢᠲᠠᠯ ᠤᠨ ᠬᠢᠷᠢ ᠪᠠᠷ ᠢᠶᠠᠨ ᠬᠢᠵᠦ᠂ ᠣᠷᠥᠯᠭ᠎ᠠ ᠶᠢᠨ ᠬᠢᠷᠢ ᠪᠠᠷ ᠢᠶᠠᠨ ᠵᠠᠷᠣᠴᠠᠭᠤᠯᠬᠤ ᠶᠢ ᠪᠠᠷᠢᠮᠲᠠᠯᠠᠵᠦ᠂ ᠵᠠᠰᠠᠭ ᠤᠨ ᠣᠷᠳᠣᠨ ᠤ ᠦᠷ᠎ᠡ ᠦᠭᠴᠡᠭᠡ ᠶᠢᠨ ᠨᠡᠮᠡᠭᠳᠡᠯ ᠢ ᠡᠷᠡᠰ ᠬᠢᠵᠠᠭᠠᠷᠯᠠᠨ᠎ᠠ᠃ ᠣᠷᠣᠯᠭ᠎ᠠ ᠶᠢ ᠨᠡᠮᠡᠭᠳᠡᠭᠦᠯᠵᠦ ᠵᠠᠷᠣᠯᠭ᠎ᠠ ᠶᠢ ᠪᠠᠭᠠᠰᠬᠠᠨ᠂ ᠲᠦᠰᠦᠪ ᠢᠶᠠᠨ ᠲᠣᠬᠢᠷᠠᠭᠤᠯᠣᠨ᠂ ᠵᠢᠭᠡᠯᠡᠯᠭᠡ ᠶᠢᠨ ᠲᠡᠮᠳᠡᠭ ᠢ ᠰᠣᠯᠢᠬᠤ᠂ ᠬᠦᠷᠦᠩᠭᠡ ᠶᠢ ᠳᠠᠬᠢᠨ ᠪᠠᠶᠢᠭᠤᠯᠬᠤ᠂ ᠭᠠᠵᠠᠷ ᠰᠢᠷᠣᠢ ᠶᠢ ᠬᠤᠷᠢᠶᠠᠨ ᠨᠦᠬᠡᠴᠡᠯᠡᠵᠦ ᠠᠰᠢᠭ ᠣᠷᠣᠯᠭ᠎ᠠ ᠶᠢ ᠨᠡᠮᠡᠭᠳᠡᠭᠦᠯᠬᠦ ᠠᠵᠢᠯ ᠤᠳ ᠢ ᠰᠠᠶᠢᠲᠣᠷ ᠬᠢᠵᠦ᠂ ᠣᠯᠠᠨ ᠠᠷᠭ᠎ᠠ ᠵᠠᠮ ᠢᠶᠠᠷ ᠪᠡᠯᠡ ᠮᠦᠩᠭᠦ ᠬᠤᠷᠠᠮᠳᠣᠭᠤᠯᠵᠣ᠂ ᠯᠠᠪᠳᠠᠭᠤᠨ ᠲᠣᠭᠲᠠᠭᠤᠨ ᠡᠮᠬᠢ ᠵᠢᠷᠦᠮ ᠲᠠᠢ ᠪᠠᠷ ᠦᠯᠡᠳᠡᠪᠦᠷᠢ ᠦᠷᠢ ᠦᠭᠴᠡᠭᠡ ᠶᠢ ᠡᠵᠡᠮᠰᠢᠵᠦ᠂ ᠪᠦᠬᠦ ᠵᠢᠯ ᠳᠤ ᠵᠠᠰᠠᠭ ᠤᠨ ᠣᠷᠳᠣᠨ ᠤ ᠦᠷ᠎ᠡ ᠦᠭᠴᠡᠭᠡᠨ ᠤ 6 ᠳ᠋ᠦᠩᠰᠢᠭᠤᠷ ᠲᠦᠭᠦᠷᠢᠭ ᠢ ᠰᠢᠢᠳᠪᠦᠷᠢᠯᠡᠨ᠎ᠡ᠃ ᠳᠡᠭᠡᠳᠦ ᠱᠠᠲᠣᠨ ᠤ ᠠᠯᠪᠠᠨ ᠵᠢᠭᠡᠯᠡᠯᠬᠡ ᠶᠢ ᠢᠳᠡᠪᠬᠢᠲᠠᠢ ᠲᠡᠮᠡᠴᠡᠨ ᠣᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠳᠤ ᠪᠡᠯᠡ ᠮᠦᠩᠭᠦ ᠶᠢᠨ ᠬᠠᠩᠭᠠᠯᠭ᠎ᠠ ᠶᠢ ᠪᠠᠳᠣᠯᠠᠨ᠎ᠠ᠃ ᠡᠳ᠋ ᠶᠢᠨ ᠵᠠᠰᠠᠭ ᠭᠠᠶᠢᠯᠢ ᠶᠢᠨ ᠪᠠᠶᠢᠭᠤᠯᠣᠯ ᠤᠨ ᠰᠢᠨ᠎ᠡ ᠬᠤᠪᠢᠷᠠᠯᠲᠠ ᠶᠢ ᠰᠠᠨᠠᠭᠠᠴᠢᠯᠠᠭ᠎ᠠ ᠲᠠᠢ ᠪᠠᠷ ᠰᠢᠨᠵᠢᠯᠡᠨ ᠰᠣᠳᠣᠯᠬᠤ ᠶᠢᠨ ᠳᠠᠭᠠᠣ ᠰᠢᠢᠳᠪᠦᠷᠢᠯᠡᠨ᠎ᠡ᠃ ᠬᠠᠮᠲᠦ ᠳᠤ ᠨᠢ ᠬᠠᠣᠯᠢ ᠪᠣᠰᠤ ᠪᠠᠷ ᠪᠡᠯᠡ ᠮᠦᠩᠭᠦ ᠴᠣᠭᠯᠠᠭᠤᠯᠬᠤ ᠪᠠ ᠦᠨᠳᠦᠷ ᠬᠦᠤ  ᠲᠠᠢ ᠵᠢᠭᠡᠯᠡᠯᠬᠡ ᠶᠢ ᠰᠡᠷᠭᠡᠶᠢᠯᠡᠬᠦ ᠪᠦᠭᠡᠳ ᠴᠣᠬᠢᠯᠲᠠ ᠦᠭᠴᠦ᠂ ᠮᠦᠩᠭᠦᠨ ᠬᠦᠢᠯᠭᠡᠭᠡᠨ ᠤ ᠡᠮᠬᠢ ᠵᠢᠷᠦᠮ ᠢ ᠦᠨᠡᠨ ᠪᠣᠲᠠᠲᠠᠢ ᠪᠠᠷ ᠬᠠᠮᠠᠭᠠᠯᠠᠨ᠎ᠠ᠃      ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠣᠯᠬᠤ ᠳᠠᠶᠢᠯᠠᠯᠳᠣᠭᠠᠨ ᠢ ᠰᠠᠶᠢᠲᠦᠷ ᠪᠡᠶᠡᠯᠡᠭᠦᠯᠦᠨ᠎ᠡ᠃ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠰᠢᠪᠲᠣᠯᠣᠯᠲᠠ ᠶᠢᠨ ᠵᠢᠯ ᠮᠦᠨ᠂ ᠪᠢᠳᠡ ᠡᠷᠬᠡᠪᠰᠢ ︽ᠬᠤᠶᠠᠷ ᠵᠦᠢᠯ ᠳᠤ ᠡᠰᠡ ᠵᠤᠪᠠᠭ᠋ᠤ ᠭᠤᠷᠪᠠᠨ ᠪᠠᠲᠤᠯᠠᠭ᠎ᠠ︾ ᠳᠠᠬᠢ ᠳᠣᠪᠣᠶᠢᠮ᠎ᠠ ᠠᠰᠠᠭᠤᠳᠠᠯ ᠳᠤ ᠴᠢᠭᠯᠡᠭᠦᠯᠵᠦ᠂  ︽ᠣᠨᠣᠪᠴᠢᠲᠠᠢ᠂ ᠦᠷᠭᠦᠯᠵᠢᠯᠡᠬᠦᠶᠢᠴᠡ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠳᠣᠲᠣᠭᠠᠳᠣ ᠬᠦᠳᠡᠯᠭᠡᠬᠦ ᠬᠦᠴᠦ ᠪᠤᠯᠤᠨ ᠦᠪᠡᠷ ᠢ ᠪᠠᠨ ᠬᠦᠭᠵᠢᠭᠦᠯᠬᠦ ᠴᠢᠳᠠᠪᠦᠷᠢ ᠶᠢ ᠵᠣᠷᠢᠭᠵᠢᠭᠤᠯᠬᠤ︾ ᠭᠡᠬᠦ ᠭᠤᠷᠪᠠᠨ ᠵᠠᠩᠬᠢᠯᠠᠭ᠎ᠠ ᠶᠢᠨ ᠱᠠᠭᠠᠷᠳᠠᠯᠭ᠎ᠠ ᠶᠢ ᠲᠣᠣᠱᠯᠠᠭᠤᠯᠣᠨ᠂ ᠭᠤᠣᠯᠳᠠᠯᠭ᠎ᠠ ᠶᠢ ᠳᠣᠪᠣᠶᠢᠯᠭᠠᠵᠣ᠂ ᠡᠷᠲᠡ ᠴᠢᠯᠦᠭᠡᠯᠡᠭᠳᠡᠭᠰᠡᠨ ᠣᠷᠣᠨ ᠢ ᠲᠡᠷᠢᠭᠦᠨ ᠪᠠᠶᠢᠷᠢᠨ ᠳᠤ ᠲᠠᠯᠪᠢᠨ᠂ ︽ᠲᠡᠭ ᠪᠠᠷᠢᠮᠵᠢᠶ᠎ᠠ ᠳᠤ ᠬᠦᠷᠬᠦ︾ ᠲᠣᠰᠬᠠᠢ ᠬᠦᠳᠡᠯᠭᠡᠭᠡᠨ ᠢ ᠰᠠᠶᠢᠲᠣᠷ ᠪᠡᠶᠡᠯᠡᠭᠦᠯᠵᠦ᠂ ᠵᠢᠯ ᠳᠤ 2250 ᠡᠷᠦᠬᠡ 5314 ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠲᠣᠯᠠᠨ᠂ 27 ᠭᠤᠣᠯᠳᠠᠯᠭ᠎ᠠ ᠲᠠᠢ ᠶᠠᠳᠠᠭᠤ ᠬᠦᠴᠢᠷᠲᠠᠢ ᠲᠣᠰᠬᠤᠨ ᠶᠠᠳᠠᠭᠤ ᠶᠢᠨ ᠡᠩᠨᠡᠭᠡᠨ ᠠᠴᠠ ᠤᠬᠤᠷᠢᠨ ᠭᠠᠷᠴᠦ᠂ ᠦᠨᠡᠨ ᠬᠦ ︽ᠬᠦᠮᠦᠨ ᠨᠢ ᠶᠠᠳᠠᠭᠤ ᠠᠴᠠ ᠠᠩᠬᠢᠵᠢᠷᠠᠵᠤ᠂ ᠲᠣᠰᠬᠤᠨ ᠨᠢ ᠶᠠᠳᠠᠭᠤ ᠶᠢᠨ ᠡᠩᠨᠡᠭᠡᠨ ᠠᠴᠠ ᠭᠠᠷᠴᠦ᠂ ᠰᠢᠶᠠᠨ ᠨᠢ ᠶᠠᠳᠠᠭᠤ ᠮᠠᠯᠠᠭᠠᠢ ᠪᠠᠨ ᠲᠠᠶᠠᠭᠳᠠᠬᠤ︾ ᠬᠠᠷᠠᠯᠲᠠ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠭᠦᠢᠴᠡᠳ ᠠᠮᠢᠳᠣᠯᠢᠭ ᠰᠠᠶᠢᠬᠠᠨ ᠬᠡᠷᠡᠭᠵᠢᠭᠦᠯᠦᠨ᠎ᠡ᠃ ᠰᠣᠷᠭᠠᠨ ᠬᠦᠮᠦᠵᠢᠯ᠂ ᠡᠮᠴᠢᠯᠡᠭᠡ᠂ ᠠᠵᠢᠯ ᠣᠯᠭᠤᠯᠲᠠ᠂ ᠨᠡᠶᠢᠭᠡᠮ ᠤᠨ ᠪᠠᠲᠣᠯᠠᠭ᠎ᠠ ᠵᠡᠷᠭᠡ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠣᠣᠱᠯᠠᠭᠤᠯᠵᠣ᠂ ︽ᠲᠣᠰᠢᠶᠠᠬᠤ ᠵᠣᠬᠢᠰᠲᠠᠢ ᠪᠦᠬᠦᠨ ᠢ ᠲᠣᠰᠢᠶᠠᠵᠦ᠂ ᠳᠡᠳᠬᠦᠬᠦ ᠵᠤᠬᠢᠰᠲᠠᠢ ᠪᠦᠬᠦᠨ ᠢ ᠳᠡᠳᠬᠦᠵᠤ᠂ ᠪᠠᠲᠤᠯᠠᠬᠤ ᠵᠤᠬᠢᠰᠲᠠᠢ ᠪᠦᠬᠦᠨ ᠢ ᠪᠠᠲᠣᠯᠠᠬᠤ︾ ᠶᠢ ᠨᠠᠶᠢᠳᠠᠪᠦᠷᠢᠵᠢᠭᠤᠯᠣᠨ᠎ᠠ᠃ ᠠᠶᠤᠯ ᠲᠠᠢ ᠭᠡᠷ ᠪᠠᠶᠢᠰᠢᠩ ᠢ ᠵᠠᠰᠠᠬᠤ ᠠᠵᠢᠯ ᠪᠠ ᠤᠨᠳᠤᠤ ᠭᠠᠵᠠᠷ ᠰᠢᠯᠵᠢᠭᠦᠯᠦᠨ ᠨᠡᠭᠦᠯᠭᠡᠬᠦ ᠢᠨᠵᠧᠨᠧᠷᠢᠩ ᠢ ᠲᠦᠯᠬᠢᠨ ᠠᠬᠢᠭᠤᠯᠵᠤ᠂ ︽ᠦᠭᠡᠷᠡᠴᠢᠯᠡᠬᠦ ᠵᠣᠬᠢᠰᠲᠠᠢ ᠪᠦᠬᠦᠨ ᠢ ᠦᠭᠡᠷᠡᠴᠢᠯᠡᠵᠦ᠂ ᠨᠡᠭᠦᠯᠭᠡᠬᠦ ᠵᠣᠬᠢᠰᠲᠠᠢ ᠪᠦᠬᠦᠨ ᠢ ᠨᠡᠭᠦᠯᠭᠡᠵᠦ᠂ ᠨᠣᠷᠠᠭᠠᠬᠤ ᠵᠣᠬᠢᠰᠲᠠᠢ ᠪᠦᠬᠦᠨ ᠢ ᠨᠤᠷᠠᠭᠠᠬᠤ︾ ᠠᠵᠢᠯ ᠢ ᠪᠡᠶᠡᠯᠡᠭᠦᠯᠦᠨ᠂ ᠵᠢᠷᠭᠤᠭᠠᠨ ᠰᠠᠷ᠎ᠠ ᠶᠢᠨ ᠰᠡᠭᠦᠯᠴᠢ ᠪᠣᠯᠲᠠᠯ᠎ᠠ ᠪᠦᠬᠦᠨ ᠢ ᠬᠦᠢᠴᠡᠳᠬᠡᠨ᠎ᠡ᠃ ᠬᠦᠳᠡᠭᠡ ᠲᠤᠰᠬᠤᠨ ᠤ ᠤᠤᠭᠤᠬᠤ ᠤᠰᠤᠨ ᠤ ᠠᠶᠤᠯᠭᠦᠢ ᠶᠢ ᠪᠠᠲᠤᠯᠠᠨ ᠳᠡᠭᠡᠭᠰᠢᠯᠡᠬᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠬᠦᠳᠡᠭᠡ ᠲᠣᠰᠬᠤᠨ ᠤ ︽ᠢᠳᠡᠬᠦ ᠤᠰᠤ ᠬᠦᠴᠢᠷᠳᠡᠬᠦ︾ ᠪᠤᠯᠤᠨ ᠤᠤᠭᠤᠬᠤ ᠣᠰᠣᠨ ᠤ ᠠᠮᠦᠷ ᠲᠦᠪᠰᠢᠨ ᠦᠭᠡᠢ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠵᠢᠯ ᠳᠤ 305 ᠲᠣᠰᠬᠤᠨ ᠤ ᠪᠠᠶᠢᠭᠠᠯᠢᠭ ᠤᠰᠣᠨ ᠤ ᠠᠮᠣᠷ ᠲᠦᠪᠰᠢᠨ ᠤ ᠠᠰᠠᠭᠤᠳᠠᠯ ᠢ ᠲᠣᠶᠢᠯᠪᠣᠷᠢᠲᠠᠢ ᠰᠢᠢᠳᠪᠦᠷᠢᠯᠡᠨ᠎ᠡ᠃ ᠶᠠᠳᠠᠭᠤ ᠶᠢ ᠲᠡᠳᠬᠦᠬᠦ ᠲᠣᠰᠬᠠᠢ ᠪᠡᠯᠡ ᠮᠦᠩᠭᠦ ᠶᠢᠨ ᠬᠤᠪᠢᠶᠠᠷᠯᠠᠨ ᠬᠡᠷᠡᠭᠯᠡᠬᠦ ᠬᠠᠮᠢᠶᠠᠷᠣᠯᠲᠠ ᠶᠢ ᠴᠢᠩᠭ᠎ᠠ ᠳᠦᠷᠢᠮᠵᠢᠭᠦᠯᠵᠦ᠂ ᠪᠡᠯᠡ ᠮᠦᠩᠭᠦᠨ ᠤ ᠣᠨᠣᠪᠴᠢᠲᠠᠢ ᠬᠡᠷᠡᠭᠯᠡᠬᠦ ᠶᠢ ᠪᠠᠲᠣᠯᠠᠨ᠂ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢ ᠴᠢᠩᠭᠠᠷᠠᠭᠤᠯᠣᠨ᠎ᠠ᠃ ︽ᠰᠢᠶᠠᠨ ᠠᠴᠠ ᠭᠤᠤᠯᠯᠠᠭᠴᠢ ᠠᠵᠤ ᠠᠬᠤᠶᠢᠯᠠᠯ ᠶᠢ ᠣᠷᠢᠨ᠂ ᠬᠦᠳᠡᠭᠡ ᠲᠣᠰᠬᠤᠨ ᠠᠴᠠ ᠣᠨᠴᠠᠯᠢᠭᠲᠤ ᠠᠵᠦ ᠦᠢᠯᠡᠰ ᠢ ᠪᠠᠶᠢᠭᠤᠯᠵᠤ᠂ ᠡᠷᠦᠬᠡ ᠪᠤᠯᠭᠠᠨ ᠨᠢ ᠣᠷᠣᠯᠭ᠎ᠠ ᠨᠡᠮᠡᠭᠳᠡᠭᠦᠯᠬᠦ ᠵᠦᠢᠯ ᠪᠠᠶᠢᠬᠤ︾ ᠬᠦᠭᠵᠢᠯᠲᠡ ᠶᠢᠨ ᠬᠡᠯᠪᠡᠷᠢ ᠶᠢᠨ ᠶᠣᠰᠣᠭᠠᠷ᠂ ᠰᠢᠶᠠᠨ ᠰᠢᠶᠠᠩ ᠲᠣᠰᠬᠤᠨ ᠡᠷᠦᠭᠡ ᠶᠢᠨ ᠳᠦᠷᠪᠡᠨ ᠳᠡᠰ ᠤᠨ ᠬᠤᠯᠪᠣᠭ᠎ᠠ ᠶᠢ ᠪᠤᠢ ᠪᠤᠯᠭᠠᠨ᠂ ᠶᠡᠭᠡ᠂ ᠳᠣᠮᠳᠠ᠂ ᠪᠠᠭ᠎ᠠ ᠲᠦᠷᠦᠯ ᠵᠦᠢᠯ ᠤᠳ ᠬᠠᠷᠢᠯᠴᠠᠨ ᠳᠦᠰᠢᠭᠯᠡᠯᠴᠡᠵᠦ᠂ ᠲᠠᠷᠢᠶᠠᠴᠢᠨ ᠪᠠ ᠠᠵᠦ ᠠᠬᠤᠶᠢᠯᠠᠯ ᠤᠨ ᠠᠰᠢᠭ ᠲᠣᠰᠠ ᠶᠢᠨ ᠬᠠᠷᠢᠴᠠᠭ᠎ᠠ ᠬᠤᠯᠪᠣᠭ᠎ᠠ ᠤᠯᠠᠮ ᠨᠢᠭᠲᠠ ᠪᠤᠯᠵᠣ᠂ ᠡᠯ᠎ᠡ ᠱᠠᠲᠣᠨ ᠤ ᠺᠠᠲᠠᠷ ᠪᠤᠯᠤᠨ ᠨᠡᠶᠢᠭᠡᠮ ᠤᠨ ᠬᠦᠴᠣᠨ ᠤ ᠦᠷᠭᠡᠨ ᠬᠡᠪᠴᠢᠶ᠎ᠡ ᠪᠠᠷ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ ᠣᠷᠣᠯᠴᠠᠭᠰᠠᠨ ᠪᠦᠲᠦᠴᠠ ᠶᠢ ᠪᠤᠢ ᠪᠤᠯᠭᠠᠨ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠠᠵᠦ ᠦᠢᠯᠡᠰ ᠢᠶᠠᠷ ᠪᠦᠬᠦᠨ ᠢ ᠪᠦᠷᠬᠦᠬᠦ ᠶᠢ ᠪᠡᠶᠡᠯᠡᠭᠦᠯᠦᠨ᠎ᠡ᠃ ᠰᠢᠶᠠᠨ ᠤ ᠳᠡᠰ ᠳᠠᠪᠬᠤᠷᠭ᠎ᠠ ᠳᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠬᠠᠮᠲᠣᠷᠠᠨ ᠠᠵᠢᠯᠯᠠᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ ᠶᠢ ᠣᠷᠢᠬᠤ ᠪᠠ ᠪᠣᠶᠢᠵᠢᠭᠤᠯᠵᠤ᠂ ᠪᠦᠬᠦ ᠰᠢᠶᠠᠨ ᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠠᠶᠢᠴᠢᠯᠠᠨ᠂ ᠶᠠᠳᠠᠭᠤ ᠬᠦᠴᠢᠷᠳᠡᠯᠲᠠᠢ ᠡᠷᠦᠬᠡ ᠶᠢᠨ ᠣᠷᠣᠯᠭ᠎ᠠ ᠶᠢᠨ ᠢᠷᠡᠯᠲᠡ ᠶᠢ ᠤᠯᠠᠮ ᠨᠢᠭᠡ ᠠᠯᠬᠤᠮ ᠲᠣᠭᠲᠠᠪᠣᠷᠢᠵᠢᠭᠤᠯᠣᠨ᠎ᠠ᠃ ᠭᠡᠷᠡᠯᠯᠢᠭ ᠴᠠᠬᠢᠯᠭᠠᠨ ᠢᠶᠠᠷ ᠶᠠᠳᠠᠭᠤ ᠶᠢ ᠲᠡᠳᠬᠦᠬᠦ ᠲᠣᠰᠬᠤᠨ ᠤ ᠳᠡᠰ ᠤᠨ ᠴᠠᠬᠢᠯᠭᠠᠨ ᠦᠷᠲᠡᠭᠡ ᠶᠢ 6 ᠰᠠᠷ᠎ᠠ ᠶᠢᠨ ᠰᠡᠭᠦᠯᠴᠢ ᠪᠠᠷ ᠲᠣᠣᠷ ᠨᠡᠶᠢᠯᠡᠭᠦᠯᠦᠨ ᠴᠠᠬᠢᠯᠭᠠᠨ ᠬᠠᠩᠭᠠᠬᠤ ᠶᠢ ᠪᠠᠳᠣᠯᠠᠵᠤ᠂ ᠴᠠᠬᠢᠮ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠳᠠᠶᠢᠴᠢᠯᠠᠨ ᠪᠦᠲᠦᠭᠡᠨ ᠪᠠᠶᠢᠭᠤᠯᠣᠨ᠎ᠠ᠃ ᠰᠢᠶᠠᠩ ᠲᠣᠰᠬᠤᠨ ᠤ ᠳᠡᠰ ᠳᠠᠪᠬᠤᠷᠭ᠎ᠠ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠳ᠋ ᠬᠦᠷᠦᠩᠭᠡ ᠶᠢ ᠠᠮᠢᠳᠣᠯᠢᠭ ᠬᠡᠷᠡᠭᠯᠡᠬᠦ᠂ ᠭᠠᠵᠠᠷ ᠰᠢᠷᠦᠢ ᠶᠢ ᠡᠷᠭᠢᠯᠲᠡ ᠳᠤ ᠣᠷᠣᠭᠤᠯᠬᠤ ᠪᠠ ᠪᠣᠲᠠᠲᠣ ᠴᠣᠭᠴᠠ ᠶᠢ ᠡᠷᠬᠢᠯᠡᠬᠦ ᠵᠡᠷᠭᠡ ᠣᠯᠠᠨ ᠬᠡᠯᠪᠡᠷᠢ ᠶᠢ ᠢᠳᠡᠪᠬᠢᠲᠠᠢ ᠰᠦᠪᠡᠭᠴᠢᠯᠡᠨ ᠳᠡᠯᠭᠡᠷᠡᠭᠦᠯᠵᠦ᠂ ᠲᠠᠷᠢᠮᠠᠯ᠂ ᠲᠡᠵᠢᠭᠡᠪᠦᠷᠢ᠂ ᠵᠣᠭᠠᠴᠠᠯ ᠤᠨ ᠦᠢᠯᠡᠰ ᠢ ᠲᠠᠰᠣᠷᠠᠯᠲᠠ ᠦᠭᠡᠢ ᠬᠦᠭᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠦᠢᠯᠡᠳᠪᠦᠷᠢ ᠶᠢᠨ ᠲᠠᠰᠤᠭ ᠢ ᠦᠷᠭᠡᠳᠬᠡᠵᠦ᠂ ᠲᠣᠰᠬᠤᠨ ᠤ ᠨᠡᠶᠢᠲᠡ ᠶᠢᠨ ᠠᠵᠦ ᠠᠬᠤᠢ ᠶᠢ ᠪᠣᠵᠠᠭᠠᠶᠢᠷᠠᠭᠤᠯᠵᠣ᠂ ᠲᠣᠰ ᠵᠢᠯ ᠳᠤ ᠪᠦᠬᠦ ᠵᠠᠰᠠᠭ ᠵᠠᠬᠢᠷᠭᠠᠨ ᠤ ᠲᠣᠰᠬᠤᠨ ᠤ ᠨᠡᠶᠢᠲᠡ ᠶᠢᠨ ᠠᠵᠦ ᠠᠬᠤᠢ ᠶᠢᠨ ᠣᠷᠣᠯᠭ᠎ᠠ ᠶᠢ 5 ᠲᠦᠮᠡᠨ ᠲᠦᠭᠦᠷᠢᠭ ᠠᠴᠠ ᠳᠡᠭᠡᠭᠰᠢ ᠪᠣᠯᠭᠠᠨ᠎ᠠ᠃ ᠶᠠᠳᠠᠭᠤ ᠬᠦᠴᠢᠷᠳᠡᠯᠲᠠᠢ ᠡᠷᠦᠬᠡ ᠶᠢᠨ ᠳᠡᠰ ᠳᠠᠪᠬᠤᠷᠭ᠎ᠠ ᠳᠤ ︽ᠬᠤᠭᠤᠯᠠ ᠵᠠᠬᠢᠶᠠᠯᠠᠬᠤ ᠮᠠᠶᠠᠭ︾ ᠤᠨ ᠶᠠᠳᠠᠭᠤ ᠶᠢ ᠳᠡᠳᠬᠦᠬᠦ ᠦᠢᠯᠡᠰ ᠤᠨ ᠬᠦᠭᠵᠢᠯᠲᠡ ᠶᠢᠨ ᠪᠡᠯᠡ ᠮᠦᠩᠭᠦ ᠶᠢ ᠬᠦᠢᠴᠡᠳ ᠠᠰᠢᠭᠯᠠᠨ᠂ ᠮᠠᠯ ᠵᠢᠭᠦᠷᠲᠡᠨ ᠢ ᠳᠡᠵᠢᠭᠡᠨ ᠦᠷᠡᠵᠢᠭᠦᠯᠬᠦ ᠪᠠ ᠵᠢᠮᠢᠰ ᠨᠤᠭᠤᠭ᠎ᠠ ᠶᠢᠨ ᠲᠠᠷᠢᠮᠡᠯ ᠵᠡᠷᠭᠡ ᠬᠦᠷᠢᠶ᠎ᠡ ᠬᠠᠰᠢᠶᠠᠨ ᠤ ᠠᠵᠦ ᠠᠬᠤᠢ ᠶᠢ ᠶᠡᠭᠡ ᠪᠠᠷ ᠬᠦᠭᠵᠢᠭᠦᠯᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ᠲᠦᠷᠦᠯ ᠵᠦᠢᠯ ᠲᠠᠢ᠂ ᠬᠦᠮᠦᠨ ᠪᠦᠬᠦᠨ ᠶᠠᠳᠠᠭᠤ ᠠᠴᠠ ᠠᠩᠬᠢᠵᠢᠷᠠᠬᠤ ᠠᠷᠭ᠎ᠠ ᠵᠠᠮ ᠲᠠᠢ ᠪᠤᠯᠭᠠᠬᠤ ᠪᠠᠷ ᠮᠡᠷᠡᠶᠢᠨ ᠴᠢᠷᠮᠠᠶᠢᠨ᠎ᠠ᠃ ᠦᠷᠭᠦᠯᠵᠢᠯᠡᠨ ᠡᠯ᠎ᠡ ᠳᠡᠰ ᠤᠨ ᠶᠠᠳᠠᠭᠤ ᠶᠢ ᠲᠡᠳᠬᠦᠬᠦ ᠭᠠᠵᠠᠷ ᠣᠷᠣᠨ᠂ ᠪᠠᠶᠢᠭᠤᠯᠭ᠎ᠠ ᠲᠠᠢ ᠬᠠᠷᠢᠯᠴᠠᠨ ᠨᠡᠪᠲᠡᠷᠡᠯᠴᠡᠵᠤ ᠬᠠᠷᠢᠴᠠᠭ᠎ᠠ ᠪᠠᠨ ᠴᠢᠩᠭᠠᠳᠬᠠᠨ᠎ᠠ᠃ ᠪᠡᠭᠡᠵᠢᠩ ᠦᠪᠦᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠦᠨᠵᠡᠭᠡᠶᠢᠷᠡᠭᠦᠯᠵᠦ᠂ ᠶᠠᠨ ᠴᠢᠩ ᠲᠣᠭᠤᠷᠢᠭ ᠲᠠᠢ ᠵᠠᠯᠭᠠᠯᠳᠣᠨ ᠰᠣᠯᠢᠯᠴᠠᠭ᠎ᠠ ᠬᠢᠬᠦ ᠶᠢ ᠴᠢᠩᠭᠠᠳᠬᠠᠵᠦ᠂ ᠵᠠᠯᠭᠠᠯᠳᠣᠬᠤ ᠲᠦᠷᠦᠯ ᠵᠦᠢᠯ ᠨᠢ ᠡᠷᠲᠡ ᠪᠠᠷᠢᠯᠭ᠎ᠠ ᠡᠬᠢᠯᠡᠬᠦ ᠶᠢ ᠲᠦᠷᠭᠡᠳᠬᠡᠨ᠂ ᠰᠢᠨ᠎ᠡ ᠪᠠᠷ ᠬᠠᠪᠰᠣᠷᠣᠨ ᠲᠡᠳᠬᠦᠬᠦ ᠬᠦᠷᠢᠶ᠎ᠡ ᠬᠡᠪᠴᠢᠶ᠎ᠡ ᠶᠢ ᠢᠳᠡᠪᠬᠢᠲᠠᠢ ᠪᠠᠷ ᠨᠡᠭᠡᠭᠡᠨ ᠦᠷᠭᠡᠳᠬᠡᠨ᠎ᠡ᠃ ᠪᠦᠬᠦ ᠣᠯᠣᠰ ᠤᠨ ᠨᠡᠶᠢᠭᠡᠮ ᠤᠨ ᠪᠠᠲᠣᠯᠭ᠎ᠠ ᠶᠢᠨ ᠰᠠᠭᠤᠷᠢ ᠮᠦᠩᠭᠦᠨ ᠤ ᠬᠡᠷᠡᠭ ᠡᠷᠬᠢᠯᠡᠭᠴᠢ ᠶᠢᠨ ᠬᠤᠷᠠᠯ ᠠᠴᠠ ᠮᠠᠨ ᠤ ᠰᠢᠶᠠᠨ ᠳᠤ ᠨᠢᠭᠡ ᠳ᠋ᠦᠩᠰᠢᠭᠤᠷ ᠲᠦᠭᠦᠷᠢᠭ ᠤᠨ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢ ᠮᠦᠩᠭᠦ ᠶᠢ ᠳᠠᠷᠣᠢ ᠲᠦᠷᠭᠡᠨ ᠪᠦᠳᠦᠭᠡᠨ ᠪᠠᠶᠢᠭᠤᠯᠬᠤ ᠶᠢ ᠲᠡᠮᠡᠴᠡᠨ ᠣᠯᠵᠤ᠂ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠨᠢᠭᠡᠨ ᠵᠣᠷᠪᠣᠰ ᠰᠢᠨ᠎ᠡ ᠵᠠᠮ ᠢ ᠰᠦᠪᠡᠭᠴᠢᠯᠡᠨ ᠣᠯᠣᠨ᠎ᠠ᠃ ᠣᠷᠣᠨ ᠬᠤᠲᠠ ᠬᠤᠶᠠᠷ ᠳᠡᠰ ᠤᠨ ᠤᠳᠤᠷᠢᠳᠤᠯᠭ᠎ᠠ ᠪᠤᠯᠤᠨ ᠡᠯ᠎ᠡ ᠰᠠᠯᠠᠭ᠎ᠠ ᠮᠦᠴᠢᠷ ᠤᠨ ᠬᠠᠪᠰᠣᠷᠣᠨ ᠲᠡᠳᠬᠦᠬᠦ ᠬᠠᠷᠢᠴᠠᠭ᠎ᠠ ᠶᠢ ᠠᠰᠢᠭᠯᠠᠨ᠂ ᠪᠦᠬᠦ ᠬᠦᠴᠦᠨ ᠢᠶᠠᠷ ᠢᠶᠠᠨ ᠨᠡᠩ ᠣᠯᠠᠨ ᠲᠦᠷᠦᠯ ᠵᠦᠢᠯ ᠪᠤᠯᠤᠨ ᠪᠡᠯᠡ ᠮᠦᠩᠭᠦ ᠶᠢᠨ ᠬᠠᠪᠰᠣᠷᠣᠯᠭ᠎ᠠ ᠶᠢ ᠲᠡᠮᠡᠴᠡᠨ ᠣᠯᠣᠨ᠎ᠠ᠃ ᠦᠢᠯᠡᠳᠪᠦᠷᠢᠯᠡᠯ ᠤᠨ ᠬᠦᠭᠵᠢᠯᠲᠡ᠂ ᠰᠠᠭᠤᠷᠢ ᠲᠦᠬᠦᠭᠡᠷᠦᠮᠵᠢ᠂ ᠨᠡᠶᠢᠲᠠ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠷ ᠭᠤᠣᠯᠳᠠᠯᠭ᠎ᠠ ᠪᠣᠯᠭᠠᠨ᠂ ᠶᠠᠳᠠᠭᠤ ᠠᠴᠠ ᠠᠩᠭᠢᠵᠢᠷᠠᠭᠤᠯᠵᠣ ᠪᠤᠭᠤᠮᠲᠠ ᠰᠢᠪᠲᠣᠯᠬᠤ 58 ᠵᠢᠱᠢᠶᠡᠴᠢ ᠲᠣᠰᠬᠤᠨ ᠢ ᠪᠦᠲᠦᠭᠡᠨ ᠪᠠᠶᠢᠭᠤᠯᠣᠨ᠎ᠠ᠃      ᠪᠤᠬᠢᠷᠳᠤᠯ ᠢ ᠰᠡᠷᠭᠡᠶᠢᠯᠡᠬᠦ ᠰᠢᠪᠲᠤᠯᠠᠯᠲᠠ ᠶᠢᠨ ᠳᠠᠶᠢᠯᠠᠯᠳᠣᠭᠠᠨ ᠢ ᠰᠠᠶᠢᠲᠤᠷ ᠬᠢᠨ᠎ᠡ᠃ ︽ᠬᠦᠬᠡ ᠠᠭᠤᠯᠠ ᠬᠦᠬᠡᠮᠳᠦᠭ ᠤᠰᠣ ᠪᠤᠯ ᠠᠯᠲᠠᠨ ᠮᠦᠩᠭᠦᠨ ᠠᠭᠤᠯᠠ︾ ᠭᠡᠬᠦ ᠦᠵᠡᠯᠲᠡ ᠶᠢ ᠬᠦᠨᠵᠡᠭᠡᠢ ᠪᠡᠶᠡᠯᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠠᠳᠬᠤᠨ᠎ᠠ᠃ ᠲᠠᠷᠢᠶᠠᠯᠠᠬᠤ ᠪᠠᠨ ᠪᠤᠯᠢᠵᠤ ᠤᠶᠢᠵᠢᠭᠤᠯᠬᠤ ᠪᠤᠯᠤᠨ ᠪᠡᠬᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠶᠢᠨ ᠰᠢᠨ᠎ᠡ ᠨᠢᠭᠡᠨ ᠡᠭᠡᠯᠵᠢ ᠳᠤ 1 ᠲᠦᠮᠡᠨ ᠮᠦ ᠠᠵᠢᠯ ᠢ ᠪᠡᠶᠡᠯᠡᠭᠦᠯᠦᠨ᠎ᠡ᠃ ᠣᠨᠴᠠᠯᠢᠭᠲᠣ ᠠᠵᠦ ᠠᠬᠤᠢ ᠶᠢᠨ ᠣᠢ ᠰᠢᠭᠤᠢ ᠶᠢ 1.5 ᠲᠦᠮᠡᠨ ᠮᠦ ᠪᠡᠶᠡᠯᠡᠭᠦᠯᠵᠦ᠂ ᠠᠯᠪᠠᠨ ᠵᠢᠷᠤᠮ ᠤᠨ ᠴᠢᠨᠠᠷᠲᠠᠢ 3000 ᠮᠦ ᠮᠤᠳᠤ ᠲᠠᠷᠢᠨ᠂ ᠣᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 24.8%᠂ ᠡᠪᠡᠰᠦ ᠮᠤᠳᠤᠨ ᠤ ᠪᠦᠷᠬᠦᠴᠡ ᠶᠢᠨ ᠨᠤᠷᠮ᠎ᠠ ᠶᠢ 51.7% ᠳᠤ ᠬᠦᠷᠭᠡᠬᠦ ᠶᠢ ᠪᠠᠲᠤᠯᠠᠨ᠎ᠠ᠃ ᠠᠭᠠᠷ ᠮᠠᠨᠳᠠᠯ᠂ ᠤᠰᠤ ᠪᠤᠯᠤᠨ ᠬᠦᠷᠦᠰᠦ ᠰᠢᠷᠦᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠪᠦᠬᠦ ᠲᠠᠯ᠎ᠠ ᠪᠠᠷ ᠲᠣᠣᠱᠯᠠᠭᠤᠯᠣᠨ᠎ᠠ᠃ ︽ᠴᠡᠯᠮᠡᠭ ᠣᠭᠲᠠᠷᠭᠤᠢ ᠶᠢ ᠬᠠᠮᠠᠭᠠᠯᠠᠬᠤ ᠳᠠᠶᠢᠯᠠᠯᠳᠣᠭᠠᠨ︾ ᠤ ᠢᠯᠠᠯᠲᠠ ᠶᠢ ᠡᠷᠡᠰ ᠲᠡᠮᠡᠴᠡᠨ ᠣᠯᠵᠣ᠂ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠠᠭᠠᠷ ᠮᠠᠨᠳᠠᠯ ᠢ ᠪᠤᠬᠢᠷᠳᠣᠭᠤᠯᠬᠤ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠦ᠂ ᠦᠷᠭᠦᠯᠵᠢᠯᠡᠨ ᠣᠷᠣᠨ ᠲᠣᠭᠤᠷᠢᠭ ᠤ ᠠᠴᠢᠶᠠᠯᠠᠪᠤᠷᠢ ᠶᠡᠬᠡᠲᠠᠢ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠶᠢ ᠳᠡᠰ ᠳᠡᠪᠰᠢᠭᠦᠯᠦᠨ ᠦᠭᠡᠷᠡᠴᠢᠯᠡᠬᠦ ᠶᠢ ᠲᠦᠯᠬᠢᠨ ᠠᠬᠢᠭᠤᠯᠵᠤ᠂ ᠪᠤᠬᠢᠷᠳᠣᠯ ᠤᠨ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠨᠢ ᠪᠠᠷᠢᠮᠵᠢᠶ᠎ᠠ ᠳᠤ ᠨᠡᠶᠢᠴᠡᠬᠦ ᠶᠢ ᠪᠠᠲᠣᠯᠠᠨ᠎ᠠ᠃ ᠲᠦᠪᠯᠡᠷᠡᠭᠦᠯᠦᠨ ᠳᠣᠯᠠᠭᠠᠯᠠᠬᠤ᠂ ᠠᠷᠢᠭᠤᠨ ᠴᠡᠪᠡᠷ ᠢᠶᠠᠷ ᠳᠣᠯᠠᠭᠠᠯᠠᠬᠤ ᠠᠵᠢᠯ ᠢ ᠰᠠᠶᠢᠲᠣᠷ ᠬᠢᠨ᠎ᠡ᠃ ᠠᠮᠢ ᠠᠬᠤᠢ ᠶᠢᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠪᠠᠷ ᠲᠦᠯᠬᠢᠨ ᠠᠬᠢᠭᠤᠯᠵᠣ᠂ ᠠᠮᠢ ᠠᠬᠤᠢ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ᠃ ︽ᠴᠡᠩᠬᠡᠷ ᠤᠰᠤ ᠶᠢ ᠬᠠᠮᠠᠭᠠᠯᠠᠬᠤ ᠳᠠᠶᠢᠯᠠᠯᠳᠣᠭᠠᠨ︾ ᠤ ᠢᠯᠠᠯᠲᠠ ᠶᠢ ᠡᠷᠡᠰ ᠲᠡᠮᠡᠴᠡᠨ ᠤᠯᠵᠤ᠂ ᠬᠤᠲᠠ ᠬᠦᠳᠡᠭᠡ᠂ ᠠᠵᠦ ᠦᠢᠯᠡᠳᠪᠦᠷᠢᠯᠡᠯ ᠤᠨ ᠲᠣᠭᠤᠷᠢᠭ ᠤᠨ ᠪᠤᠵᠠᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠬᠦᠴᠦᠨ ᠢᠶᠠᠷ ᠢᠶᠠᠨ ᠪᠣᠵᠠᠷ ᠤᠰᠤ ᠶᠢ ᠰᠢᠢᠳᠪᠦᠷᠢᠯᠡᠬᠦ ᠴᠢᠳᠠᠪᠦᠷᠢ ᠪᠤᠯᠤᠨ ᠴᠡᠪᠡᠷᠵᠢᠭᠰᠡᠨ ᠤᠰᠤ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠪᠣᠵᠠᠷ ᠤᠰᠤ ᠶᠢ ᠰᠢᠢᠳᠪᠦᠷᠢᠯᠡᠬᠦ ᠠᠵᠢᠯ ᠪᠤᠯᠤᠨ ᠠᠵᠦ ᠦᠢᠯᠡᠳᠪᠦᠷᠢᠯᠡᠯ ᠤᠨ ᠬᠦᠷᠢᠶᠡᠯᠡᠩ ᠳᠤ ᠪᠣᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠦ᠂ ᠦᠢᠯᠡᠳᠪᠦᠷᠢ ᠶᠢᠨ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ᠭᠤᠣᠯ ᠤᠨ ᠳᠠᠷᠤᠭ᠎ᠠ ᠶᠢᠨ ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠲᠣᠣᠱᠯᠠᠭᠤᠯᠵᠣ᠂ ᠤᠰᠣᠨ ᠤ ᠡᠬᠢ ᠰᠣᠷᠪᠣᠯᠵᠢ ᠶᠢᠨ ᠭᠠᠵᠠᠷ ᠢ ᠬᠠᠮᠠᠭᠠᠯᠠᠵᠤ᠂ ᠭᠠᠵᠠᠷ ᠳᠣᠣᠷᠠᠬᠢ ᠤᠰᠣ ᠶᠢ ᠬᠡᠲᠦᠷᠡᠲᠡᠯ᠎ᠡ ᠠᠪᠬᠤ ᠠᠵᠢᠯᠯᠠᠭ᠎ᠠ ᠳᠤ ᠵᠠᠰᠠᠯᠲᠠ ᠬᠢᠵᠦ᠂ ᠬᠤᠲᠠ ᠬᠦᠳᠡᠭᠡ ᠶᠢᠨ ᠪᠣᠵᠠᠷ ᠦᠮᠡᠬᠡᠢ ᠤᠰᠣᠨ ᠤ ᠴᠣᠭᠴᠠ ᠶᠢ ᠠᠷᠢᠯᠭᠠᠨ᠎ᠠ᠃ ᠬᠦᠳᠡᠭᠡ ᠲᠣᠰᠬᠤᠨ ᠤ ᠤᠰᠣᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠡᠮᠬᠢ ᠵᠢᠷᠦᠮ ᠲᠠᠢ ᠪᠠᠷ ᠲᠦᠯᠬᠢᠨ ᠠᠬᠢᠭᠤᠯᠵᠦ᠂ ᠭᠤᠣᠯ ᠮᠦᠷᠡᠨ᠂ ᠨᠠᠭᠤᠷ ᠴᠦᠭᠦᠷᠦᠮ ᠤᠨ ᠤᠰᠣᠨ ᠤ ᠬᠦᠪᠡᠭᠡᠨ ᠱᠣᠭᠤᠮ ᠵᠡᠷᠭᠡ ᠠᠮᠢ ᠠᠬᠤᠢ ᠶᠢᠨ ᠬᠠᠮᠢᠶᠠᠷᠣᠯᠲᠠ ᠶᠢ ᠴᠢᠩᠭᠠᠳᠬᠠᠨ᠎ᠠ᠃ ︽ᠠᠷᠢᠭᠤᠨ ᠴᠡᠪᠡᠷ ᠨᠤᠲᠤᠭ ᠳᠡᠪᠢᠰᠭᠡᠷ ᠢ ᠬᠠᠮᠠᠭᠠᠯᠠᠬᠤ ᠳᠠᠶᠢᠯᠠᠯᠳᠣᠭᠠᠨ︾ ᠤ ᠢᠯᠠᠯᠲᠠ ᠶᠢ ᠡᠷᠡᠰ ᠲᠡᠮᠡᠴᠡᠵᠤ᠂ ᠮᠠᠯ ᠵᠢᠭᠦᠷᠲᠡᠨ ᠤ ᠪᠠᠭᠠᠰᠣ᠂ ᠡᠰᠢ ᠰᠦᠷᠡᠯ᠂ ᠲᠠᠷᠢᠶᠠᠯᠠᠩ ᠤᠨ ᠵᠣᠯᠣᠮ᠎ᠠ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠪᠠᠶᠠᠯᠠᠭᠵᠢᠭᠤᠯᠣᠨ ᠠᠰᠢᠭᠯᠠᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠣᠨ᠎ᠠ᠃ ᠬᠦᠷᠦᠰᠦ ᠰᠢᠷᠦᠢ ᠶᠢᠨ ᠣᠷᠴᠢᠨ ᠠᠬᠤᠢ ᠶᠢᠨ ᠶᠠᠰᠦ ᠴᠢᠨᠠᠷ ᠤᠨ ᠪᠠᠶᠢᠴᠠᠭᠠᠯᠲᠠ ᠶᠢ ᠬᠦᠨᠵᠡᠭᠡᠢ ᠦᠷᠨᠢᠭᠦᠯᠵᠦ᠂ ᠬᠦᠷᠦᠰᠦ ᠰᠢᠷᠣᠢ ᠶᠢᠨ ᠪᠣᠬᠢᠷᠳᠣᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠣᠷ ᠬᠢᠬᠦ ᠬᠡᠷᠡᠭᠲᠡᠢ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ ︽ᠡᠷᠬᠢᠵᠦ ᠬᠠᠷᠠᠬᠤ︾ ᠶᠢᠨ ᠬᠠᠷᠢᠭᠤ ᠲᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠦᠷ᠎ᠡ ᠪᠦᠳᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠦ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠶᠢᠨ ᠵᠠᠰᠠᠯᠲᠠ ᠶᠢᠨ ᠠᠵᠢᠯ ᠢ ᠰᠠᠶᠢᠲᠣᠷ ᠠᠭᠬᠤᠵᠤ᠂ ᠴᠠᠩ ᠱᠧᠩ ᠪᠠ ᠰᠢᠭᠠᠷᠣ ᠰᠢᠢᠳᠪᠦᠷᠢᠯᠡᠬᠦ ᠲᠠᠯᠠᠪᠣᠷ ᠤᠨ ᠴᠡᠴᠡᠭᠯᠡᠨ ᠰᠠᠶᠢᠵᠢᠷᠠᠭᠤᠯᠬᠤ ᠶᠢ ᠦᠨᠡᠨ ᠬᠦ ᠪᠠᠲᠣᠯᠠᠵᠣ᠂ ᠴᠠᠭᠠᠨ ᠣᠪᠣᠭ᠎ᠠ ᠰᠢᠭᠠᠷᠣ ᠰᠢᠢᠳᠪᠦᠷᠢᠯᠡᠬᠦ ᠲᠠᠯᠠᠪᠣᠷ ᠢ ᠠᠰᠢᠭᠯᠠᠯᠲᠠ ᠳᠤ ᠣᠷᠣᠭᠤᠯᠣᠨ᠎ᠠ᠃ ᠣᠯᠤᠰ ᠤᠨ ᠨᠤᠲᠤᠭ ᠳᠡᠪᠢᠰᠭᠡᠷ ᠤᠨ ᠭᠤᠣᠯ ᠴᠣᠭᠴᠠ ᠶᠢᠨ ᠴᠢᠳᠠᠮᠵᠢᠲᠣ ᠣᠷᠣᠨ ᠤ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠣ᠂ ᠡᠯ᠎ᠡ ᠲᠦᠷᠦᠯ ᠤᠨ ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠢ ᠲᠣᠳᠣᠷᠬᠠᠢ ᠪᠣᠯᠭᠠᠨ᠂ ᠬᠢᠨᠠᠨ ᠬᠠᠮᠢᠶᠠᠷᠣᠯᠲᠠ ᠶᠠᠪᠣᠭᠤᠯᠬᠤ ᠶᠢ ᠪᠠᠶᠢᠩᠭᠤᠵᠢᠭᠤᠯᠣᠨ᠎ᠠ᠃ ᠨᠤᠲᠤᠭ ᠪᠡᠯᠴᠢᠭᠡᠷ ᠤᠨ ᠦᠨᠳᠦᠰᠦᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠮᠠᠯᠵᠢᠬᠤ ᠶᠢ ᠴᠠᠭᠠᠵᠠᠯᠠᠨ ᠬᠠᠰᠢᠶᠠᠯᠠᠨ ᠲᠡᠵᠢᠬᠡᠬᠦ ᠠᠵᠢᠯ ᠢ ᠴᠢᠩᠭᠠᠳᠬᠠᠵᠤ᠂ ᠨᠤᠲᠤᠭ ᠪᠡᠯᠴᠢᠭᠡᠷ᠂ ᠣᠢ ᠰᠢᠭᠤᠢ ᠶᠢ ᠡᠪᠳᠡᠵᠦ᠂ ᠠᠲᠠᠷ ᠭᠠᠵᠠᠷ ᠬᠠᠭᠠᠯᠪᠤᠷᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃      ︵ᠬᠤᠶᠠᠷ︶ ᠦᠪᠡᠷᠮᠢᠴᠡ ᠣᠨᠴᠠᠯᠢᠭ ᠢ ᠠᠳᠬᠤᠨ᠂ ᠨᠡᠷᠡᠲᠦ ᠲᠡᠮᠳᠡᠭ ᠢ ᠪᠣᠶᠢᠵᠢᠭᠤᠯᠵᠣ᠂ ᠣᠳᠣ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢ ᠬᠦᠴᠦᠯᠡᠨ ᠬᠦᠭᠵᠢᠭᠦᠯᠦᠨ᠎ᠡ᠃ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠶᠡᠷᠦᠩᠬᠡᠶᠢᠯᠡᠨ ᠵᠠᠬᠢᠷᠣᠭᠴᠢ ᠪᠣᠯᠭᠠᠵᠤ᠂ ︽ᠲᠠᠷᠢᠶᠠᠯᠠᠩ ᠠᠵᠦ ᠦᠢᠯᠡᠰ ᠤᠨ ᠬᠦᠷᠢᠶᠡᠯᠡᠩ + ᠲᠣᠯᠣᠭᠠᠶᠢᠯᠠᠭᠴᠢ ᠠᠵᠦ ᠠᠬᠤᠶᠢᠯᠠᠯ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠦᠭᠵᠢᠯᠲᠡ ᠶᠢᠨ ᠬᠡᠪ ᠢᠶᠠᠷ ᠭᠤᠣᠯᠯᠠᠬᠤ ᠠᠵᠦ ᠦᠢᠯᠡᠰ ᠢ ᠪᠣᠵᠠᠭᠠᠶᠢᠷᠠᠭᠤᠯᠣᠨ ᠬᠦᠴᠦᠷᠭᠡᠭᠵᠢᠭᠦᠯᠵᠦ᠂ ᠨᠡᠶᠢᠰᠯᠡᠯ ᠬᠤᠲᠠ ᠶᠢᠨ ᠠᠷᠠᠳ ᠳᠤ ᠬᠠᠨᠳᠣᠭᠤᠯᠣᠭᠰᠠᠨ ︽ᠲᠦᠪ ᠤᠨ ᠲᠤᠭᠤᠭᠠᠨ ᠭᠡᠷ︾ ᠪᠠ ︽ᠨᠤᠭᠤᠭ᠎ᠠ ᠶᠢᠨ ᠰᠠᠭᠰᠤ︾ ᠪᠤᠯᠬᠤ ᠦᠢᠯᠡᠴᠢᠯᠡᠭᠡ ᠶᠢ ᠬᠦᠴᠦᠯᠡᠨ ᠪᠠᠶᠢᠭᠤᠯᠵᠣ᠂ ᠪᠤᠬᠢᠷᠳᠤᠯ ᠦᠭᠡᠢ᠂ ᠤᠷᠭᠠᠨᠢᠭ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠣᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠠᠷᠢᠮᠠᠯ ᠤᠨ ᠦᠢᠯᠡᠰ ᠤᠨ ᠲᠠᠯ᠎ᠠ ᠪᠠᠷ᠂  ᠲᠣᠯᠣᠭᠠᠶᠢᠯᠠᠭᠴᠢ ᠠᠵᠦ ᠠᠬᠤᠶᠢᠯᠠᠯ ᠤᠨ ᠬᠦᠲᠦᠯᠦᠨ ᠳᠠᠭᠠᠭᠤᠯᠬᠤ ᠶᠢ ᠴᠢᠩᠭᠠᠳᠬᠠᠵᠦ᠂ ︽ᠬᠤᠶᠢᠲᠣ ᠣᠷᠣᠨ ᠤ ᠲᠦᠮᠦᠰᠦ᠂ ᠲᠤᠮᠲᠠ ᠣᠷᠣᠨ ᠤ ᠨᠣᠭᠤᠭ᠎ᠠ᠂ ᠡᠮᠦᠨ᠎ᠡ ᠣᠷᠣᠨ ᠤ ᠬᠤᠯᠢᠮᠠᠭ ᠠᠮᠦ︾ ᠮᠡᠲᠦ ᠣᠷᠣᠨ ᠭᠠᠵᠠᠷ ᠤᠨ ᠲᠠᠷᠢᠮᠠᠯ ᠤᠨ ᠪᠠᠶᠢᠷᠢᠭᠤᠯᠣᠯᠲᠠ ᠶᠢ ᠪᠠᠬᠢᠵᠢᠭᠦᠯᠵᠦ᠂ ᠳᠠᠪᠠᠭᠤᠯᠢᠭ ᠵᠦᠢᠯ ᠢ ᠲᠦᠪᠯᠡᠷᠡᠭᠦᠯᠦᠨ᠂ ᠣᠨᠴᠠᠯᠢᠭᠲᠣ ᠠᠵᠦ ᠦᠢᠯᠡᠰ ᠢ ᠬᠦᠮᠦᠵᠢᠭᠦᠯᠵᠦ᠂ ᠬᠦᠷᠢᠶ᠎ᠡ ᠬᠡᠪᠴᠢᠶ᠎ᠡ ᠶᠢ ᠨᠢ ᠦᠷᠭᠡᠳᠬᠡᠨ᠎ᠡ᠃ ᠴᠧᠨ ᠭᠤᠸᠠᠨ ᠪᠠᠯᠭᠠᠰᠣ ᠪᠠᠷ ᠭᠤᠣᠯᠳᠠᠯᠭ᠎ᠠ ᠪᠤᠯᠭᠠᠨ᠂ ᠪᠣᠯᠪᠠᠰᠣᠷᠠᠭᠤᠯᠬᠤ᠂ ᠬᠦᠮᠦᠷᠭᠡᠯᠡᠬᠦ᠂ ᠲᠣᠬᠢᠷᠠᠭᠤᠯᠣᠨ ᠬᠦᠷᠭᠡᠬᠦ ᠵᠡᠷᠭᠡ ᠪᠠᠷ ᠨᠢᠭᠡ ᠴᠣᠭᠴᠠ ᠪᠣᠯᠭᠠᠭᠰᠠᠨ ᠲᠠᠷᠢᠶᠠᠯᠠᠩ ᠠᠵᠦ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠣᠨ᠎ᠠ᠃ ᠰᠠᠶᠢᠨ ᠦᠷ᠎ᠡ ᠶᠢᠨ ᠲᠦᠮᠦᠰᠦ᠂ ᠵᠠᠶᠢᠯᠠᠬᠤ᠂ ᠬᠠᠳᠠᠭᠠᠯᠠᠨ ᠴᠣᠭᠯᠠᠭᠤᠯᠬᠤ᠂ ᠪᠣᠯᠪᠠᠰᠣᠷᠠᠭᠤᠯᠬᠤ ᠵᠡᠷᠭᠡ ᠲᠣᠰᠬᠠᠢ ᠲᠦᠷᠦᠯ ᠤᠨ ᠨᠦᠬᠦᠪᠦᠷᠢ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠲᠦᠮᠦᠰᠦᠨ ᠤ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ ᠦᠪᠦᠷ ᠮᠣᠩᠭᠤᠯ ᠤᠨ ᠯᠧ ᠨᠦᠩ ᠲᠦᠮᠦᠰᠦ ᠶᠢᠨ ᠦᠢᠯᠡᠰ ᠢᠶᠠᠷ ᠵᠢᠯᠣᠭᠤᠳᠣᠯᠭ᠎ᠠ ᠪᠣᠯᠭᠠᠵᠣ᠂ ᠬᠠᠢ ᠹᠧᠩ᠂ ᠢᠦᠢ ᠹᠧᠩ ᠵᠡᠷᠭᠡ ᠲᠣᠰᠬᠠᠢ ᠬᠤᠷᠰᠢᠶᠠᠵᠢᠯ ᠢ ᠳᠠᠶᠢᠴᠢᠯᠡᠨ᠂ ᠬᠤᠶᠢᠲᠦ ᠬᠡᠰᠡᠭ ᠤᠨ ᠭᠠᠵᠠᠷ ᠣᠷᠣᠨ ᠤ ᠭᠤᠷᠪᠠᠨ ᠰᠢᠶᠠᠩ ᠪᠠᠯᠭᠠᠰᠣᠨ ᠤ ᠲᠦᠮᠦᠰᠦ ᠶᠢᠨ ᠦᠷ᠎ᠡ᠂ ᠲᠠᠸᠠᠷ ᠤᠨ ᠲᠦᠮᠦᠰᠦ ᠶᠢᠨ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠤ᠂ ᠯᠧ ᠨᠦᠩ ᠲᠦᠮᠦᠰᠦ ᠶᠢᠨ ᠦᠢᠯᠡᠰ ᠤᠨ 10 ᠲᠦᠮᠡᠨ ᠮᠦ ᠲᠦᠮᠦᠰᠦᠨ ᠦᠷ᠎ᠡ ᠶᠢᠨ ᠰᠠᠭᠤᠷᠢᠨ ᠭᠠᠵᠠᠷ ᠤᠨ ᠪᠠᠶᠢᠭᠤᠯᠣᠯᠲᠠ ᠶᠢ ᠲᠦᠷᠭᠡᠯᠡᠨ ᠠᠬᠢᠭᠤᠯᠣᠨ᠎ᠠ᠃ ᠵᠢᠯ ᠤᠨ ᠳᠣᠲᠣᠷ᠎ᠠ ᠪᠦᠬᠦ ᠰᠢᠶᠠᠨ ᠤ ᠲᠠᠷᠢᠮᠠᠯ ᠤᠨ ᠲᠠᠯᠠᠪᠠᠢ ᠶᠢ 45 ᠲᠦᠮᠡᠨ ᠮᠦ ᠬᠦᠷᠬᠦ ᠶᠢ ᠪᠠᠲᠣᠯᠠᠨ᠂ ᠶᠡᠷᠦᠩᠬᠡᠢ ᠭᠠᠷᠣᠯᠲᠠ ᠶᠢ 60 ᠲᠦᠮᠡᠨ ᠳᠤᠨ ᠬᠦᠷᠭᠡᠨ᠎ᠡ᠃ ᠸᠥ᠋ ᠹᠦ᠋ ᠱᠧᠩ᠂ ᠴᠠᠬᠠᠷ ᠨᠠᠭᠤᠷ ᠤᠨ ᠳᠠᠷᠢᠶᠠᠯᠠᠩ ᠬᠦᠭᠵᠢᠯᠲᠡ ᠶᠢᠨ ᠺᠣᠮᠫᠠᠨᠢ ᠪᠠᠷ ᠵᠢᠯᠣᠭᠤᠳᠣᠯᠭ᠎ᠠ ᠪᠣᠯᠭᠠᠨ᠂ ᠳᠣᠮᠲᠠ ᠬᠡᠰᠡᠭ ᠤᠨ ᠭᠠᠵᠠᠷ ᠣᠷᠣᠨ ᠤ ᠭᠤᠷᠪᠠᠨ ᠰᠢᠶᠠᠩ ᠪᠠᠯᠭᠠᠰᠣ ᠶᠢᠨ ᠪᠠᠷᠢᠮᠵᠢᠶᠠᠲᠤ ᠬᠦᠢᠲᠡᠨ ᠰᠡᠷᠢᠭᠦᠨ ᠢᠳᠡᠰᠢᠨ ᠨᠤᠭᠤᠭᠠᠨ ᠤ ᠲᠠᠷᠢᠮᠠᠯ ᠤᠨ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠠᠨ᠎ᠠ᠃ ᠸᠥ᠋ ᠹᠦ᠋ ᠱᠧᠩ ᠤᠨ ᠬᠦᠷᠦᠰᠦ ᠰᠢᠷᠦᠢ ᠦᠭᠡᠢ ᠪᠠᠷ ᠣᠷᠭᠤᠭᠤᠯᠬᠤ ᠢᠳᠡᠰᠢᠨ ᠨᠤᠭᠤᠭ᠎ᠠ ᠶᠢᠨ ᠲᠦᠷᠦᠯ ᠵᠦᠢᠯ᠂ ᠺᠠᠢ ᠶᠤᠸᠠᠨ ᠴᠤᠸᠠᠨ ᠱᠦᠨ ᠤ ᠲᠦᠷᠭᠡᠨ ᠬᠦᠯᠳᠡᠭᠡᠬᠦ ᠡᠷᠳᠡᠨᠢ ᠰᠢᠰᠢ᠂ ᠵᠢᠮᠢᠰ ᠨᠣᠭᠤᠭ᠎ᠠ ᠶᠢᠨ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠬᠦᠴᠦ ᠨᠡᠮᠡᠭᠦᠷᠢᠯᠡᠵᠤ᠂ ᠳ᠋ᠦᠩ ᠱᠧᠩ ᠪᠦᠯᠦᠭᠯᠡᠯ ᠤᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠠᠰᠢᠭᠯᠠᠬᠤ ᠲᠦᠷᠦᠯ ᠵᠦᠢᠯ ᠨᠢ ᠪᠣᠲᠠᠲᠠᠢ ᠪᠠᠷ ᠨᠠᠶᠢᠳᠠᠪᠦᠷᠢᠵᠢᠭᠤᠯᠪᠠ᠃ ᠵᠢᠯ ᠳᠤ᠂ ᠪᠦᠬᠦ ᠰᠢᠶᠠᠨ ᠤ 10 ᠲᠦᠮᠡᠨ ᠮᠦ ᠲᠠᠷᠢᠮᠠᠯ ᠤᠨ ᠲᠠᠯᠠᠪᠠᠢ ᠶᠢ ᠪᠠᠲᠠᠯᠠᠵᠣ  ᠂ᠶᠡᠷᠦᠩᠬᠡᠢ ᠭᠠᠷᠣᠯᠲᠠ ᠶᠢ 30 ᠲᠦᠮᠡᠨ ᠳᠤᠨ ᠬᠦᠷᠭᠡᠨ᠎ᠡ᠃ ᠡᠮᠦᠨᠡᠲᠦ ᠬᠡᠰᠡᠭ ᠤᠨ ᠠᠭᠤᠯᠠᠷᠬᠠᠭ ᠣᠷᠣᠨ ᠤ ᠠᠭᠤᠷ ᠠᠮᠢᠰᠬᠤᠯ ᠤᠨ ᠳᠠᠪᠠᠭᠤᠯᠢᠭ ᠲᠠᠯ᠎ᠠ ᠶᠢ ᠲᠦᠰᠢᠭᠯᠡᠵᠦ᠂ ᠲᠣᠯᠣᠭᠠᠶᠢᠯᠠᠭᠴᠢ ᠠᠵᠦ ᠠᠬᠤᠶᠢᠯᠠᠯ ᠢ ᠪᠤᠶᠢᠵᠢᠭᠤᠯᠬᠤ ᠪᠠ ᠣᠷᠢᠨ ᠣᠷᠣᠭᠤᠯᠵᠦ᠂ ᠰᠢᠶᠥᠩ ᠹᠧᠩ᠂ ᠲᠥᠩ ᠾᠧᠩ᠂ ᠰᠢᠶᠠᠩ ᠶᠧᠦ ᠨᠢᠦ᠋ ᠨᠢᠦ᠋ ᠵᠡᠷᠭᠡ ᠲᠣᠰᠬᠠᠢ ᠬᠤᠷᠰᠢᠶᠠᠵᠢᠯ ᠤᠨ ᠬᠦᠭᠵᠢᠯᠲᠡ ᠶᠢᠨ ᠴᠢᠳᠠᠪᠦᠷᠢ ᠶᠢ ᠳᠡᠭᠡᠭᠰᠢᠯᠡᠭᠦᠯᠵᠦ᠂ ᠡᠮᠦᠨᠡᠲᠦ ᠬᠡᠰᠡᠭ ᠤᠨ ᠭᠤᠷᠪᠠᠨ ᠰᠢᠶᠠᠩ ᠪᠠᠯᠭᠠᠰᠣᠨ ᠤ ᠬᠤᠯᠢᠮᠠᠭ ᠠᠮᠦ ᠬᠤᠯᠢᠮᠠᠭ ᠪᠤᠷᠴᠠᠭ ᠤᠨ ᠲᠠᠷᠢᠮᠠᠯ ᠤᠨ ᠰᠠᠭᠤᠷᠢᠨ ᠭᠠᠵᠠᠷ ᠢ ᠭᠤᠣᠯᠲᠠᠯᠭ᠎ᠠ ᠲᠠᠢ ᠪᠠᠶᠢᠭᠤᠯᠣᠨ᠎ᠠ᠃ ᠨᠤᠬᠠᠢ ᠶᠢᠨ ᠬᠤᠰᠢᠭᠤ᠂ ᠨᠤᠶᠢᠯ ᠠᠷᠪᠠᠢ᠂ ᠠᠮᠦ ᠪᠤᠳᠠᠭ᠎ᠠ᠂ ᠰᠢᠷ᠎ᠠ ᠪᠣᠷᠴᠠᠭ ᠵᠡᠷᠭᠡ ᠶᠢᠨ ᠲᠠᠷᠢᠮᠠᠯ ᠤᠨ ᠬᠡᠪᠴᠢᠶ᠎ᠡ ᠶᠢ ᠦᠷᠭᠡᠳᠬᠡᠬᠦ ᠶᠢ ᠳᠡᠮᠵᠢᠵᠦ᠂ ᠪᠦᠬᠦ ᠰᠢᠶᠠᠨ ᠤ ᠲᠠᠷᠢᠮᠠᠯ ᠤᠨ ᠲᠠᠯᠠᠪᠠᠢ ᠶᠢ 15 ᠲᠦᠮᠡᠨ ᠮᠦ ᠪᠣᠯᠬᠤ ᠶᠢ ᠪᠠᠲᠣᠯᠠᠨ᠎ᠠ᠃ ᠡᠭᠦᠨ ᠤ ᠬᠠᠮᠲᠦ᠂ ᠬᠢᠲᠠᠳ ᠡᠪᠡᠰᠣᠨ ᠡᠮ ᠤᠨ ᠦᠷᠡᠵᠢᠭᠦᠯᠦᠨ ᠪᠣᠶᠢᠵᠢᠭᠤᠯᠬᠤ᠂ ᠲᠠᠷᠢᠬᠤ᠂ ᠪᠣᠯᠪᠠᠰᠣᠷᠠᠭᠤᠯᠬᠤ ᠶᠡᠷᠦᠩᠭᠡᠶᠢᠯᠡᠩᠰᠡᠨ ᠰᠠᠭᠤᠷᠢᠨ ᠭᠠᠵᠠᠷ ᠤᠨ ᠲᠦᠷᠦᠯ ᠵᠦᠢᠯ ᠢ ᠢᠳᠡᠪᠬᠢᠲᠠᠢ ᠣᠷᠢᠨ ᠣᠷᠣᠭᠤᠯᠬᠤ ᠵᠢᠴᠢ ᠪᠡᠭᠡᠵᠢᠩ ᠤᠨ ᠮᠧᠢ ᠺᠧ ᠡᠯ ᠣᠳᠪᠠᠯᠠ ᠴᠡᠴᠡᠭ ᠤ ᠲᠠᠷᠢᠬᠤ ᠲᠦᠷᠦᠯ ᠵᠦᠢᠯ ᠢ ᠰᠢᠩ ᠾᠧ ᠳᠤ ᠣᠷᠣᠭᠤᠯᠣᠨ ᠠᠪᠴᠢᠷᠠᠨ᠎ᠠ᠃ ᠳ᠋ᠢᠶᠠᠨ ᠽᠢ ᠪᠠᠯᠭᠠᠰᠣᠨ ᠳᠤ ᠭᠦᠢᠯᠡᠰᠦ᠂ ᠤᠯᠠᠭᠠᠨ ᠭᠦᠢᠯᠡᠰᠦ ᠪᠠᠷ ᠭᠤᠣᠯ ᠪᠣᠯᠭᠠᠭᠰᠠᠨ ᠣᠨᠴᠠᠯᠢᠭᠲᠤ ᠠᠵᠦ ᠠᠬᠤᠢ ᠶᠢᠨ ᠣᠢ ᠶᠢ 5000 ᠮᠦ ᠠᠴᠠ ᠳᠡᠭᠡᠭᠰᠢ ᠪᠠᠶᠢᠭᠤᠯᠬᠤ ᠪᠠ ᠲᠦᠮᠡᠨ ᠮᠦ ᠬᠤᠨᠴᠢᠷ ᠶᠢᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ ᠂ ᠬᠤᠨᠢ᠂ ᠦᠬᠡᠷ᠂ ᠡᠯᠵᠢᠭᠡ᠂ ᠭᠠᠭ᠋ᠠᠢ ᠶᠢᠨ ᠲᠡᠵᠢᠭᠡᠨ ᠦᠷᠡᠵᠢᠭᠦᠯᠦᠨ ᠪᠤᠯᠪᠠᠰᠣᠷᠠᠭᠤᠯᠬᠤ ᠠᠵᠦ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠣᠯᠲᠠ ᠶᠢ ᠲᠦᠷᠬᠡᠨ ᠠᠬᠢᠭᠤᠯᠣᠨ᠎ᠠ᠃ ᠳ᠋ᠠ ᠪᠧᠢ ᠨᠦᠩ᠂ ᠳ᠋ᠦᠩ ᠢ ᠳ᠋ᠠ᠂ ᠵᠧᠨ ᠬᠤᠸᠠ ᠭᠥᠸᠧ ᠹᠦ᠋ ᠵᠡᠷᠭᠡ ᠠᠵᠦ ᠠᠬᠤᠶᠢᠯᠠᠯ ᠢᠶᠠᠷ ᠲᠣᠯᠣᠭᠠᠶᠢᠯᠠᠭᠤᠯᠵᠣ᠂ ᠬᠦᠢ ᠹᠧᠩ᠂ ᠮᠧᠩ ᠰᠢᠩ᠂ ᠰᠢᠩ ᠶᠤᠸᠠᠨ᠂ ᠵᠢᠶᠠᠨ ᠭᠥᠩ ᠵᠡᠷᠭᠡ ᠲᠠᠷᠢᠶᠠᠴᠢᠳ ᠤᠨ ᠲᠣᠰᠬᠠᠢ ᠬᠤᠷᠰᠢᠶᠠᠵᠢᠯ ᠢ ᠳᠠᠶᠢᠴᠢᠯᠠᠨ᠂ ᠪᠠᠷᠢᠮᠵᠢᠶᠠᠯᠠᠭᠰᠠᠨ ᠲᠡᠵᠢᠬᠡᠨ ᠦᠷᠡᠵᠢᠭᠦᠯᠬᠦ ᠲᠠᠯᠠᠪᠣᠷ ᠢ ᠲᠦᠷᠭᠡᠳᠬᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠷᠭᠡᠳᠬᠡᠨ᠎ᠡ᠃ ᠲᠣᠰ ᠵᠢᠯ ᠳᠤ᠂ ᠬᠤᠨᠢ᠂ ᠦᠬᠡᠷ᠂ ᠡᠯᠵᠢᠭᠡ᠂ ᠭᠠᠭ᠋ᠠᠢ ᠢ ᠲᠣᠰ ᠲᠣᠰ 60 ᠲᠦᠮᠡᠨ ᠲᠣᠯᠣᠭᠠᠢ᠂ 3 ᠲᠦᠮᠡᠨ ᠲᠣᠯᠣᠭᠠᠢ᠂ 1 ᠲᠦᠮᠡᠨ ᠲᠣᠯᠣᠭᠠᠢ᠂ 18 ᠲᠦᠮᠡᠨ ᠲᠣᠯᠣᠭᠠᠢ ᠦᠰᠭᠡᠭᠡᠨ ᠪᠣᠶᠢᠵᠢᠭᠤᠯᠬᠤ ᠪᠠᠷ ᠬᠦᠴᠦᠯᠡᠨ ᠴᠢᠷᠮᠠᠶᠢᠵᠦ᠂ ᠮᠢᠬᠠᠨ ᠤ ᠶᠡᠷᠦᠩᠬᠡᠢ ᠭᠠᠷᠣᠯᠲᠠ ᠶᠢ 2.4 ᠲᠦᠮᠡᠨ ᠳᠤᠨ ᠬᠦᠷᠭᠡᠨ᠎ᠡ᠃ ᠳ᠋ᠠ ᠪᠧᠢ ᠨᠦᠩ ᠠᠮᠢᠳᠣ ᠭᠠᠭ᠋ᠠᠢ ᠶᠢᠨ ᠲᠡᠵᠢᠭᠡᠨ ᠦᠷᠡᠵᠢᠭᠦᠯᠦᠭᠡ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ᠂ ᠳ᠋ᠦᠩ ᠢ ᠳ᠋ᠠ ᠮᠢᠬᠠᠨ ᠡᠯᠵᠢᠭᠡ ᠶᠢᠨ ᠲᠡᠵᠢᠭᠡᠨ ᠦᠷᠡᠵᠢᠭᠦᠯᠦᠭᠡ ᠶᠢᠨ ᠲᠦᠷᠦᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠪᠠᠲᠣᠯᠠᠵᠤ᠂ ᠵᠧᠨ ᠬᠤᠸᠠ ᠭᠥᠸᠧ ᠹᠦ᠋ ᠮᠢᠬᠠᠨ ᠦᠬᠡᠷ ᠤᠨ ᠲᠡᠵᠢᠭᠡᠨ ᠦᠷᠡᠵᠢᠭᠦᠯᠦᠭᠡ᠂ ᠼᠠᠢ ᠨᠦᠩ ᠱᠢ ᠳ᠋ᠠᠢ ᠶᠢᠨ ᠦᠨᠳᠡᠭᠡᠨ ᠲᠡᠬᠢᠶᠠᠨ ᠤ ᠲᠡᠵᠢᠭᠡᠨ ᠦᠷᠡᠵᠢᠭᠦᠯᠦᠭᠡ ᠶᠢᠨ ᠲᠦᠷᠦᠯ ᠵᠦᠢᠯ ᠢ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠠᠷᠢᠯᠢᠭ ᠪᠣᠯᠪᠠᠰᠣᠷᠠᠭᠤᠯᠣᠯᠲᠠ ᠶᠢᠨ ᠲᠠᠯ᠎ᠠ ᠪᠠᠷ᠂ ᠨᠡᠶᠢᠰᠯᠡᠯ ᠤᠨ ᠠᠷᠠᠳ ᠳᠤ ᠦᠢᠯᠡᠴᠢᠯᠡᠬᠦ ︽ᠲᠦᠪ ᠤᠨ ᠲᠤᠭᠤᠭᠠᠨ ᠭᠡᠷ︾ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠣ᠂ ᠲᠣᠯᠣᠭᠠᠶᠢᠯᠠᠭᠴᠢ ᠠᠵᠦ ᠠᠬᠤᠶᠢᠯᠠᠯ ᠤᠨ ᠳᠠᠶᠢᠴᠢᠯᠠᠬᠤ ᠦᠢᠯᠡᠳᠣᠯ ᠢ ᠭᠦᠢᠴᠡᠳ ᠪᠠᠳᠠᠷᠠᠭᠤᠯᠣᠨ᠂ ᠰᠢᠩ ᠯᠦᠩ ᠢᠳᠡᠭᠡᠨ ᠤ ᠵᠦᠢᠯ ᠵᠡᠷᠭᠡ ᠮᠠᠯ ᠲᠠᠷᠢᠶᠠᠯᠠᠩ ᠤᠨ ᠨᠠᠷᠢᠯᠢᠭ ᠪᠣᠯᠪᠠᠰᠣᠷᠠᠭᠤᠯᠬᠤ ᠠᠵᠦ ᠠᠬᠤᠶᠢᠯᠠᠯ ᠢ ᠪᠤᠶᠢᠵᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠲᠣᠬᠠᠢ ᠶᠢᠨ ᠭᠠᠵᠠᠷ ᠲᠤ ᠨᠢ ᠬᠤᠪᠢᠷᠠᠭᠤᠯᠬᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃      ᠰᠢᠯᠢᠳᠡᠭ ᠪᠦᠲᠦᠭᠡᠭᠳᠡᠭᠦᠨ ᠢ ᠪᠦᠬᠦ ᠬᠦᠴᠦ ᠪᠠᠷ ᠢᠶᠠᠨ ᠪᠦᠲᠦᠭᠡᠨ ᠪᠠᠶᠢᠭᠤᠯᠵᠣ᠂ ᠨᠢᠭᠡ ᠪᠦᠯᠦᠭ ︽ᠨᠤᠲᠤᠭ ᠤᠨ ᠲᠡᠮᠳᠡᠭᠲᠦ︾᠂ ︽ᠰᠢᠶᠠᠩ ᠤᠨ ᠲᠡᠮᠳᠡᠭᠲᠦ︾ ᠨᠡᠷᠡᠲᠦ ᠲᠡᠮᠳᠡᠭ ᠢ ᠡᠬᠢᠯᠡᠨ ᠪᠠᠶᠢᠭᠤᠯᠵᠦ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠦᠮᠦᠰᠦ᠂ ᠢᠳᠡᠰᠢᠨ ᠨᠣᠭᠤᠭ᠎ᠠ᠂ ᠬᠤᠯᠢᠮᠠᠭ ᠠᠮᠦ ᠬᠤᠯᠢᠮᠠᠭ ᠪᠣᠷᠴᠠᠭ᠂ ᠦᠬᠡᠷ ᠬᠤᠨᠢ ᠡᠯᠵᠢᠭᠡᠨ ᠮᠢᠬᠠᠨ ᠤ ᠪᠦᠲᠦᠭᠡᠭᠳᠡᠭᠦᠨ ᠵᠡᠷᠭᠡ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠲᠠᠢ ᠬᠤᠣᠷᠳᠠᠯ ᠦᠭᠡᠢ᠂ ᠪᠣᠬᠢᠷᠳᠣᠯ ᠦᠭᠡᠢ᠂ ᠤᠷᠭᠠᠨᠢᠭ ᠮᠠᠯ ᠲᠠᠷᠢᠶᠠᠯᠠᠩ ᠤᠨ ᠪᠦᠲᠦᠭᠡᠭᠳᠡᠭᠦᠨ ᠤ ᠨᠡᠷᠡᠲᠦ ᠲᠡᠮᠳᠡᠭ ᠢ ᠭᠤᠣᠯᠳᠠᠯᠭ᠎ᠠ ᠲᠠᠢ ᠪᠤᠶᠢᠵᠢᠭᠤᠯᠵᠤ᠂ ᠵᠢᠯ ᠤᠨ ᠳᠣᠲᠣᠷ᠎ᠠ ︽ᠭᠤᠷᠪᠠᠨ ᠲᠠᠸᠠᠷ ᠨᠢᠭᠡ ᠲᠡᠮᠳᠡᠭ︾ ᠢ 5-7 ᠭᠡᠷᠡᠴᠢᠯᠡᠯ ᠢ ᠪᠡᠶᠡᠯᠡᠭᠦᠯᠦᠨ᠎ᠡ᠃      ᠡᠵᠡᠩᠨᠡᠯᠲᠡ ᠶᠢᠨ ᠰᠢᠰᠲ᠋ᠧᠮ ᠢ ᠪᠦᠷᠢᠨ ᠲᠡᠭᠦᠯᠳᠡᠷ ᠪᠤᠯᠭᠠᠨ᠂ ᠡᠯᠧᠺᠲᠷᠣᠨ ᠬᠤᠳᠠᠯᠳᠤᠭ᠎ᠠ ᠶᠢᠨ ᠬᠦᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠦᠷᠦᠯ ᠵᠦᠢᠯ ᠤᠨ ᠪᠠᠶᠢᠭᠤᠯᠣᠯᠲᠠ ᠳᠤ ᠣᠷᠣᠭᠤᠯᠬᠤ ᠲᠦᠯᠬᠢᠨ ᠠᠬᠢᠭᠤᠯᠵᠣ᠂ ᠰᠦᠨᠢᠩ ᠢ ᠭᠧᠦ᠂ ᠯᠧ ᠼᠦᠨ ᠲᠣᠣ᠂ ᠲᠠᠷᠢᠶᠠᠯᠠᠩ ᠤᠨ ᠪᠠᠩᠬᠢ ᠶᠢᠨ E ᠬᠠᠮᠢᠶᠠᠷᠣᠭᠴᠢ᠂ ᠲᠸᠡᠩ ᠰᠢᠶᠦ᠋ᠨ ᠢ ᠨᠢᠭᠡᠳᠬᠡᠨ ︽ᠲᠣᠰᠬᠤᠨ ᠳᠤ ᠵᠤᠷᠢᠭᠤᠯᠬᠤ︾ ᠪᠤᠯᠭᠠᠨ᠂ ᠦᠨᠳᠦᠷ ᠪᠠᠷᠢᠮᠵᠢᠶ᠎ᠠ ᠪᠠᠷ ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠳᠤ ᠭᠠᠷᠬᠤ᠂ ᠶᠠᠰᠦ ᠴᠢᠨᠠᠷ ᠢ ᠭᠡᠷᠡᠴᠢᠯᠡᠬᠦ᠂ ᠡᠭᠦᠰᠦᠯ ᠮᠦᠷᠳᠡᠬᠦ ᠰᠢᠰᠲ᠋ᠧᠮᠵᠢ ᠶᠢᠨ ᠪᠠᠶᠢᠭᠤᠯᠣᠯᠲᠠ᠂ ᠡᠯᠧᠺᠲᠷᠣᠨ ᠬᠤᠳᠠᠯᠳᠤᠭ᠎ᠠ ᠶᠢᠨ ᠪᠣᠯᠪᠠᠰᠣᠷᠠᠯ᠂ ᠰᠦᠯᠵᠢᠶᠡᠨ ᠴᠡᠭ ᠤᠨ ᠲᠣᠬᠢᠷᠠᠭᠤᠯᠣᠯᠲᠠ ᠵᠡᠷᠭᠡ ᠦᠢᠯᠡᠲᠣᠯ ᠴᠢᠳᠠᠮᠵᠢ ᠪᠠᠷ ᠨᠢᠭᠡ ᠴᠣᠭᠴᠠ ᠪᠣᠯᠭᠠᠭᠰᠠᠨ ᠡᠯᠧᠺᠲᠷᠣᠨ ᠬᠤᠳᠠᠯᠳᠤᠭ᠎ᠠ ᠶᠢᠨ ᠲᠠᠪᠴᠠᠩ ᠢ ᠪᠦᠷᠢᠯᠳᠦᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠪᠣᠷᠣᠯᠠᠭᠤᠯᠣᠯᠲᠠ ᠶᠢᠨ ᠬᠡᠯᠪᠡᠷᠢ ᠶᠢ ᠪᠠᠶᠢᠭᠤᠯᠣᠨ᠂ ᠨᠡᠩ ᠣᠯᠠᠨ ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠢ ᠰᠢᠩ ᠾᠧ ᠠᠴᠠ ᠭᠠᠷᠴᠦ᠂ ᠪᠡᠭᠡᠵᠢᠩ᠂ ᠲᠢᠶᠠᠨᠵᠢᠨ᠂ ᠾᠧᠪᠧᠢ ᠳᠤ ᠣᠷᠣᠭᠤᠯᠣᠨ᠎ᠠ᠃      ᠣᠳᠣ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠲᠠ ᠶᠢ ᠠᠬᠢᠭᠤᠯᠵᠣ᠂  ᠲᠠᠷᠢᠶᠠᠯᠠᠩ ᠶᠢᠨ ᠲᠧᠭᠨᠢᠭ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠯᠪᠠᠰᠣᠷᠠᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠦᠷᠢᠲᠠᠳ ᠢ ᠲᠠᠷᠢᠶᠠᠨ ᠭᠠᠵᠠᠷ ᠬᠦᠷᠴᠦ ᠮᠡᠷᠭᠡᠵᠢᠯ ᠤᠨ ᠵᠢᠯᠣᠭᠤᠳᠣᠯᠭ᠎ᠠ ᠬᠢᠯᠭᠡᠨ᠎ᠡ᠃ ᠲᠣᠰᠬᠠᠶᠢᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠪᠦᠯᠬᠦᠮ ᠢ ᠪᠠᠶᠢᠭᠤᠯᠵᠤ᠂ᠭᠤᠣᠯ ᠪᠣᠯᠬᠤ ᠲᠠᠷᠢᠮᠠᠯ ᠤᠨ ᠲᠠᠷᠢᠵᠦ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 86% ᠳᠤ ᠬᠦᠷᠭᠡᠬᠦ ᠪᠠᠷ ᠴᠢᠷᠮᠠᠶᠢᠨ᠎ᠠ᠃ ᠪᠣᠷᠳᠣᠭᠤᠷ ᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠪᠦᠷᠭᠦᠭᠦᠯ ᠢ ᠬᠢᠵᠠᠭᠠᠷᠯᠠᠬᠤ᠂ ᠤᠰᠣ ᠶᠢ ᠬᠢᠵᠠᠭᠠᠷᠯᠠᠬᠤ ᠵᠡᠷᠭᠡ ︽ᠳᠦᠷᠪᠡᠨ ᠬᠢᠵᠠᠭᠠᠷᠯᠠᠬᠤ ᠠᠵᠢᠯ︾ ᠢ ᠬᠦᠨᠵᠡᠭᠡᠢ ᠦᠷᠨᠢᠭᠦᠯᠦᠨ᠎ᠡ᠃ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠠᠶᠢᠷᠢᠰᠢᠯ ᠢ ᠰᠢᠯᠢᠳᠡᠭᠵᠢᠭᠦᠯᠵᠦ᠂ ᠵᠢᠯ ᠤᠨ ᠳᠣᠲᠣᠷ᠎ᠠ ᠤᠰᠣ ᠠᠷᠪᠢᠯᠠᠬᠤ ᠤᠰᠣᠯᠠᠯᠲᠠ ᠶᠢᠨ ᠲᠠᠷᠢᠶᠠᠨ ᠭᠠᠵᠠᠷ ᠢ 3 ᠲᠦᠮᠡᠨ ᠮᠦ ᠦᠭᠡᠷᠡᠴᠢᠯᠡᠨ ᠵᠠᠰᠠᠨ᠎ᠠ᠃ ᠲᠠᠷᠢᠶᠠᠯᠠᠩ ᠤᠨ ᠤᠰᠣᠨ ᠤ  ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ᠲᠠᠷᠢᠶᠠᠯᠠᠩ ᠤᠨ ᠤᠰᠣ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠡᠪᠡᠳᠴᠢᠨ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃      ︵ᠭᠤᠷᠪᠠ︶ ᠪᠡᠯᠡ ᠣᠷᠣᠭᠤᠯᠣᠯᠲᠠ ᠶᠢ ᠠᠳᠬᠤᠨ᠂ ᠶᠠᠰᠣ ᠴᠢᠨᠠᠷ ᠦᠷ᠎ᠡ ᠪᠦᠳᠦᠮᠵᠢ ᠶᠢ ᠴᠢᠬᠤᠯᠠᠴᠢᠯᠠᠨ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠳᠡ ᠶᠢ ᠬᠦᠴᠦᠯᠡᠨ ᠠᠬᠢᠭᠤᠯᠣᠨ᠎ᠠ      ᠪᠠᠯ ᠴᠢᠯᠠᠭᠤ᠂ ᠴᠢᠭᠢᠭᠯᠢᠭ ᠰᠢᠷᠤᠢ ᠵᠡᠷᠭᠡ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠪᠤᠯᠤᠨ ᠭᠦᠢᠴᠡᠳ ᠬᠠᠩᠭᠠᠮᠵᠢᠲᠠᠢ ᠭᠠᠵᠠᠷ ᠰᠢᠷᠦᠢ᠂ ᠰᠠᠯᠬᠢᠨ᠂ ᠴᠠᠬᠢᠯᠭᠠᠨ᠂ ᠤᠰᠣ᠂ ᠬᠡᠢ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠤᠶᠠᠯᠳᠤᠭᠤᠯᠤᠨ᠂ ︽ᠡᠬᠢ ᠪᠠᠶᠠᠯᠢᠭ ᠤᠨ ᠫᠠᠶᠢᠰᠠ︾ ᠢ ᠰᠠᠶᠢᠲᠣᠷ ᠪᠡᠶᠡᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠦ ᠦᠢᠯᠡᠰ ᠤᠨ ᠳᠠᠪᠠᠭᠤᠯᠢᠭ ᠵᠦᠭ ᠰᠢᠯᠵᠢᠬᠦ ᠶᠢ ᠲᠦᠯᠬᠢᠨ ᠠᠬᠢᠭᠤᠯᠵᠣ᠂ ᠰᠢᠨ᠎ᠡ ᠮᠠᠲ᠋ᠧᠷᠢᠶᠠᠯ᠂ ᠪᠣᠬᠢᠷᠳᠣᠯ ᠦᠭᠡᠢ ᠡᠨᠧᠷᠬᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠣᠨ᠎ᠠ᠃      ᠤᠯᠠᠮᠵᠢᠯᠠᠯᠲᠤ ᠲᠠᠪᠠᠭᠤᠯᠢᠭ ᠠᠵᠦ ᠦᠢᠯᠡᠰ ᠤᠨ ᠬᠦᠭᠵᠢᠯᠲᠡ ᠶᠢ ᠳᠡᠭᠡᠭᠰᠢᠯᠡᠭᠦᠯᠦᠨ᠎ᠡ᠃ ᠷᠦᠢ ᠱᠧᠩ ᠪᠠᠯ ᠴᠢᠯᠠᠭᠤ ᠶᠢᠨ ᠠᠵᠤ ᠦᠢᠯᠡᠰ ᠤᠨ ᠲᠤᠭᠤᠷᠢᠭ ᠢᠶᠠᠷ ᠲᠣᠯᠣᠭᠠᠶᠢᠯᠠᠭᠴᠢ ᠪᠤᠯᠭᠠᠨ᠂ ᠪᠠᠯ ᠴᠢᠯᠠᠭᠤ ᠶᠢᠨ ᠰᠢᠨ᠎ᠡ ᠮᠠᠲ᠋ᠧᠷᠢᠶᠠᠯ ᠤᠨ ᠰᠣᠳᠣᠯᠣᠨ ᠨᠡᠭᠡᠭᠡᠬᠦ ᠪᠠ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠳᠬᠠᠵᠤ᠂ ᠪᠠᠯ ᠴᠢᠯᠠᠠᠭᠤᠨ ᠤ ᠠᠯᠺᠧᠨ᠂ ᠡᠯ᠎ᠡ ᠴᠢᠭᠯᠡᠯ ᠤᠨ ᠢᠵᠢᠯ ᠴᠢᠨᠠᠷᠲᠠᠢ ᠪᠠᠯ ᠴᠢᠯᠠᠭᠤ᠂ ᠯᠢᠲ᠋ᠢ ᠢᠶᠣᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠣ᠂ ᠲᠠᠩ ᠱᠠᠨ ᠤ ᠵᠢᠶᠠᠨ ᠬᠤᠸᠠ ᠪᠠᠯ ᠴᠢᠯᠠᠭᠤᠨ ᠤ ᠠᠯᠺᠧᠨ ᠶᠢᠨ ᠰᠢᠷᠢᠰ ᠢ ᠬᠦᠨᠵᠡᠭᠡᠢ ᠪᠤᠯᠪᠠᠰᠣᠷᠠᠭᠤᠯᠬᠤ ᠲᠦᠷᠦᠯ ᠵᠦᠢᠯ ᠢ ᠪᠤᠲᠠᠲᠠᠢ ᠪᠠᠷ ᠨᠠᠶᠢᠳᠠᠪᠣᠷᠢᠵᠢᠭᠤᠯᠣᠨ᠎ᠠ᠃ ᠶᠡᠷᠦᠩᠬᠢ ᠦᠢᠯᠡᠳᠪᠦᠷᠢᠯᠡᠯ ᠤᠨ ᠭᠠᠷᠤᠯᠲᠠ ᠶᠢ 15 ᠲᠦᠮᠡᠨ ᠲᠣᠨ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠨᠢᠭᠡ ᠪᠦᠯᠦᠭ ᠲᠣᠮᠣ ᠬᠡᠯᠪᠡᠷᠢ ᠶᠢᠨ ᠨᠡᠭᠦᠷᠡᠰᠦᠳᠦᠷᠦᠭᠴᠢᠲᠦ ᠠᠵᠦ ᠠᠬᠤᠶᠢᠯᠠᠯ ᠢ ᠣᠷᠣᠭᠤᠯᠣᠨ ᠠᠪᠴᠢᠷᠠᠵᠤ᠂ ᠨᠡᠭᠦᠷᠡᠰᠦᠳᠦᠷᠦᠭᠴᠢᠲᠦ ᠠᠵᠦ ᠠᠬᠤᠶᠢᠯᠠᠯ ᠢ ᠶᠡᠭᠡ ᠪᠠᠷ ᠬᠦᠭᠵᠢᠭᠦᠯᠦᠨ᠂ ᠨᠡᠭᠦᠷᠡᠰᠦᠳᠦᠷᠦᠭᠴᠢᠲᠦ ᠠᠵᠦ ᠠᠬᠤᠶᠢᠯᠠᠯ ᠤᠨ ᠲᠦᠪᠯᠡᠷᠡᠯ ᠤᠨ ᠣᠷᠣᠨ ᠢ ᠪᠤᠢ ᠪᠤᠯᠭᠠᠨ᠎ᠠ᠃ ᠶᠢᠩ ᠰᠢᠶᠠᠩ ᠢ ᠵᠢᠯ ᠳᠤ 2 ᠲᠦᠮᠡᠨ ᠲᠣᠨ ᠬᠡᠲᠦ ᠦᠨᠳᠦᠷ ᠴᠢᠳᠠᠮᠵᠢ ᠶᠢᠨ ᠪᠠᠯ ᠴᠢᠯᠠᠭᠤᠨ ᠤ ᠴᠠᠬᠢᠯᠭᠠᠨ ᠲᠣᠶᠢᠯ ᠪᠠ 1 ᠲᠦᠮᠡᠨ ᠲᠣᠨ ᠪᠢᠯᠢᠭ ᠲᠣᠶᠢᠯ ᠤᠨ ᠮᠠᠲ᠋ᠧᠷᠢᠶᠠᠯ᠂ ᠰᠢᠩ ᠱᠧᠩ ᠢ ᠵᠢᠯ ᠳᠤ 2 ᠲᠦᠮᠡᠨ ᠲᠣᠨ ᠬᠡᠲᠦ ᠦᠨᠳᠦᠷ ᠴᠢᠳᠠᠮᠵᠢ ᠶᠢᠨ ᠪᠠᠯ ᠴᠢᠯᠠᠭᠤᠨ ᠤ ᠴᠠᠬᠢᠯᠭᠠᠨ ᠲᠣᠶᠢᠯ  ᠂ ᠷᠦᠢ ᠱᠧᠩ ᠢ ᠵᠢᠯ ᠳᠤ 4 ᠲᠦᠮᠡᠨ ᠲᠤᠨ ᠯᠢᠲ᠋ᠢ ᠢᠶᠣᠨ ᠤ ᠳ᠋ᠢᠶᠠᠨ ᡂᠢ ᠶᠢᠨ ᠪᠢᠯᠢᠭ ᠲᠣᠶᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠡᠶᠡᠯᠡᠭᠦᠯᠦᠨ ᠠᠰᠢᠭᠯᠠᠯᠲᠠ ᠳᠤ ᠣᠷᠣᠬᠤ ᠶᠢ ᠪᠠᠲᠣᠯᠠᠨ᠎ᠠ᠃ ᠶᠡᠷᠦᠩᠬᠢ ᠦᠢᠯᠡᠳᠪᠦᠷᠢᠯᠡᠯ ᠤᠨ ᠭᠠᠷᠤᠯᠲᠠ ᠶᠢ 20 ᠲᠦᠮᠡᠨ ᠲᠣᠨ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠴᠢᠭᠢᠭᠯᠢᠭ ᠰᠢᠷᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠤᠯᠤᠨ ᠠᠵᠦ ᠦᠢᠯᠡᠰ ᠤᠨ ᠰᠠᠭᠤᠷᠢᠨ ᠳᠤ᠂ ᠹᠦᠵᠢᠶᠠᠨ ᠮᠤᠵᠢ ᠶᠢᠨ ᠯᠦᠩ ᠶᠠᠨ ᠤ ᠦᠮᠴᠢᠯᠡᠯ ᠤᠨ ᠡᠷᠬᠡ ᠲᠠᠢ ᠭᠤᠣ ᠯᠢᠠᠩ ᠰᠢᠷᠦᠢ ᠶᠢᠨ ᠰᠢᠨᠵᠢᠯᠡᠬᠦ ᠤᠬᠠᠭᠠᠨ ᠤ ᠮᠡᠷᠭᠡᠵᠢᠯ ᠤᠨ ᠬᠢᠵᠠᠭᠠᠷᠲᠦ ᠺᠣᠮᠫᠠᠨᠢ ᠲᠠᠢ ᠬᠠᠮᠲᠣᠷᠠᠨ ᠠᠵᠢᠯᠯᠠᠬᠤ ᠶᠢ ᠴᠢᠩᠭᠠᠳᠬᠠᠨ᠂ ᠸᠠᠭᠠᠷ ᠱᠠᠭᠠᠵᠢᠩ ᠤᠨ ᠲᠣᠯᠣᠭᠠᠶᠢᠯᠠᠭᠴᠢ ᠠᠵᠦ ᠠᠬᠤᠶᠢᠯᠠᠯ ᠢ ᠢᠳᠡᠪᠬᠢᠲᠠᠢ ᠪᠠᠷ ᠣᠷᠣᠭᠤᠯᠣᠨ ᠠᠪᠴᠢᠷᠠᠵᠤ᠂ ᠴᠢᠭᠢᠭᠯᠢᠭ ᠰᠢᠷᠤᠢ ᠶᠢᠨ ᠨᠠᠷᠢᠯᠢᠭ ᠪᠣᠯᠪᠠᠰᠣᠷᠠᠭᠤᠯᠬᠤ ᠠᠵᠦ ᠦᠢᠯᠡᠰ ᠢ ᠬᠦᠭᠵᠢᠭᠦᠯᠵᠦ᠂ ᠵᠢᠯ ᠳᠤ ᠯᠦᠩ ᠰᠢᠩ ᠴᠢᠭᠢᠭᠯᠢᠭ ᠰᠢᠷᠤᠢ᠂ ᠭᠤᠣ ᠯᠢᠠᠩ ᠰᠢᠷᠦᠢ ᠢ ᠨᠠᠷᠢᠯᠢᠭ ᠪᠣᠯᠪᠠᠰᠣᠷᠠᠭᠤᠯᠬᠤ ᠲᠦᠷᠦᠯ ᠵᠦᠢᠯ ᠢ ᠪᠦᠲᠦᠭᠡᠨ ᠪᠠᠶᠢᠭᠤᠯᠣᠨ᠎ᠠ᠃ ᠠᠵᠦ ᠠᠬᠤᠶᠢᠯᠠᠯ ᠤᠨ ᠲᠡᠷᠢᠭᠦᠨ ᠤ ᠤᠷ᠎ᠠ ᠮᠡᠷᠭᠡᠵᠢᠯ ᠪᠠ ᠲᠡᠷᠢᠭᠦᠨ ᠤ ᠦᠢᠯᠡᠳᠬᠦᠨ ᠤ ᠰᠣᠳᠣᠯᠣᠨ ᠨᠡᠭᠡᠭᠡᠬᠦ ᠶᠢ ᠲᠡᠮᠵᠢᠵᠦ᠂ ᠰᠢᠨ ᠲᠠᠢ᠂ ᠯᠦᠩ ᠱᠧᠩ ᠵᠡᠷᠭᠡ ᠲᠡᠮᠦᠷᠯᠢᠭ ᠬᠠᠶᠢᠯᠠᠭᠤᠯᠬᠤ ᠠᠵᠦ ᠠᠬᠤᠶᠢᠯᠠᠯ ᠢ ᠦᠭᠡᠷᠡᠴᠢᠯᠡᠨ ᠳᠡᠰ ᠳᠡᠪᠰᠢᠭᠦᠯᠵᠦ᠂ ᠠᠵᠦ ᠦᠢᠯᠡᠰ ᠤᠨ ᠬᠡᠯᠬᠢᠶ᠎ᠡ ᠶᠢ ᠲᠠᠰᠣᠷᠠᠯᠲᠠ ᠦᠭᠡᠢ ᠤᠷᠲᠣᠳᠬᠠᠨ᠎ᠠ᠃      ᠨᠠᠷᠢᠯᠢᠭ ᠪᠣᠯᠪᠠᠰᠣᠷᠠᠭᠤᠯᠲᠠ ᠶᠢᠨ ᠠᠵᠦ ᠦᠢᠯᠡᠰ ᠢ ᠬᠦᠴᠦᠯᠡᠨ ᠬᠦᠭᠵᠢᠭᠦᠯᠦᠨ᠎ᠡ᠃ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠣᠯᠲᠠ ᠶᠢᠨ ᠲᠣᠭᠲᠠᠯᠴᠠᠭᠠᠨ ᠤ ᠬᠤᠪᠢᠷᠠᠯᠲᠠ ᠶᠢᠨ ᠵᠠᠪᠰᠢᠶᠠᠨ ᠢ ᠲᠠᠯᠢᠮᠳᠠᠭᠤᠯᠣᠨ᠂ ᠬᠦᠷᠢᠶᠡᠯᠡᠩ ᠤᠨ ᠣᠨᠴᠠ ᠪᠠᠶᠢᠳᠠᠭ ᠳᠦᠭᠦᠮ ᠲᠦᠳᠡ᠂ ᠦᠨᠳᠦᠷ ᠪᠦᠲᠦᠮᠵᠢᠲᠠᠢ ᠡᠳ᠋ ᠪᠠᠷᠠᠭᠠᠨ ᠤ ᠭᠦᠢᠯᠭᠡᠭᠡᠨ ᠤ ᠲᠠᠪᠠᠭᠤᠯᠢᠭ ᠲᠠᠯ᠎ᠠ ᠶᠢ ᠠᠰᠢᠭᠯᠠᠨ᠂ ᠡᠳ᠋ ᠪᠠᠷᠠᠭᠠᠨ ᠤ ᠭᠦᠢᠯᠭᠡᠭᠡᠨ ᠤ ᠲᠠᠪᠠᠭᠤᠯᠢᠭ ᠲᠠᠯ᠎ᠠ ᠪᠠᠷ ᠪᠣᠯᠪᠠᠰᠣᠷᠠᠭᠤᠯᠬᠤ ᠠᠵᠦ ᠦᠢᠯᠡᠰ ᠤᠨ ᠬᠦᠭᠵᠢᠯᠲᠡ ᠶᠢ ᠳᠠᠶᠢᠴᠢᠯᠠᠬᠤ ᠶᠢ ᠪᠡᠶᠡᠯᠡᠭᠦᠯᠦᠨ᠎ᠡ᠃ ᠬᠦᠷᠢᠶᠡᠯᠡᠩ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠲᠠᠪᠠᠭᠤᠯᠢᠭ ᠲᠠᠯ᠎ᠠ ᠶᠢ ᠠᠰᠢᠭᠯᠠᠨ᠂ ᠨᠡᠭᠦᠷᠡᠰᠦᠨ ᠠᠭᠤᠷᠬᠠᠢ ᠶᠢᠨ ᠨᠠᠷᠢᠯᠢᠭ ᠪᠣᠯᠪᠠᠰᠣᠷᠠᠭᠤᠯᠲᠠ ᠶᠢᠨ ᠠᠵᠦ ᠠᠬᠤᠶᠢᠯᠠᠯ ᠢ ᠠᠪᠴᠢᠷᠠᠨ ᠣᠷᠣᠭᠤᠯᠵᠤ᠂ ᠵᠢᠯ ᠤᠨ ᠳᠣᠲᠣᠷ᠎ᠠ᠂ ᠬᠤᠸᠠ ᠮᠧᠩ ᠬᠦᠩᠭᠡᠨᠴᠠᠭᠠᠨ ᠤ ᠠᠵᠦ ᠠᠬᠤᠶᠢᠯᠠᠯ ᠤᠨ 200 ᠲᠦᠮᠡᠨ ᠲᠣᠨ ᠬᠦᠩᠭᠡᠨᠴᠠᠭᠠᠨ ᠤ ᠢᠰᠣᠯ ᠤᠨ ᠲᠦᠷᠦᠯ ᠵᠦᠢᠯ ᠤᠨ ᠠᠵᠢᠯ ᠢ ᠡᠷᠬᠢᠯᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠪᠦᠬᠦ ᠬᠤᠲᠠ ᠶᠢᠨ 600 ᠲᠦᠮᠡᠨ ᠺᠢᠯᠦᠸᠠᠲ ᠰᠠᠯᠬᠢᠨ ᠬᠦᠴᠦᠨ ᠤ ᠴᠠᠬᠢᠯᠭᠠᠨ ᠤ ᠪᠠᠶᠢᠭᠤᠯᠣᠯᠲᠠ ᠶᠢᠨ ᠲᠣᠭᠤᠷᠢᠨ ᠳᠤ᠂ ᠰᠠᠨᠰᠠᠷ ᠤᠨ ᠠᠶᠠᠯᠠᠯ ᠤᠨ ᠸᠠᠨ ᠶᠤᠸᠠᠨ ᠰᠠᠯᠬᠢᠨ ᠬᠦᠴᠦᠨ ᠤ ᠴᠠᠬᠢᠯᠭᠠᠨ ᠤ ᠲᠦᠭᠦᠭᠡᠷᠦᠮᠵᠢ ᠶᠢ ᠦᠢᠯᠡᠳᠪᠦᠷᠢᠯᠡᠬᠦ ᠺᠣᠮᠫᠠᠨᠢ ᠤ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠡᠳᠬᠡᠬᠦ ᠶᠢ ᠳᠡᠮᠵᠢᠨ᠎ᠡ᠃ ᠢᠳᠡᠪᠬᠢᠲᠠᠢ ᠪᠠᠷ ᠮᠠᠰᠢᠨ ᠲᠡᠷᠭᠡᠨ ᠤ ᠰᠡᠯᠪᠢᠭ ᠲᠣᠨᠤᠭ᠂ ᠮᠠᠰᠢᠨ ᠬᠦᠮᠦᠨ᠂ ᠭᠠᠷ ᠡᠵᠡᠮᠳᠡᠭᠦᠷ ᠨᠢᠰᠬᠡᠯ᠂ ᠪᠠᠷᠢᠯᠭ᠎ᠠ ᠶᠢᠨ ᠮᠠᠰᠢᠨ ᠵᠡᠷᠭᠡ ᠲᠤᠨᠤᠭ ᠲᠦᠬᠦᠭᠡᠷᠦᠮᠵᠢ ᠶᠢᠨ ᠦᠢᠯᠡᠳᠪᠦᠷᠢ ᠶᠢᠨ ᠠᠵᠦ ᠠᠬᠤᠶᠢᠯᠠᠯ ᠢ ᠣᠷᠢᠨ ᠬᠦᠭᠵᠢᠭᠦᠯᠦᠨ᠎ᠡ᠃ ᠳ᠋ᠠ ᠮᠠ ᠵᠡᠷᠭᠡ ᠭᠡᠷ ᠤᠨ ᠬᠡᠷᠡᠭᠰᠡᠯ ᠤᠨ ᠠᠵᠦ ᠠᠬᠤᠶᠢᠯᠠᠯ ᠤᠨ ᠲᠣᠮᠦ ᠬᠦᠴᠦᠷᠭᠡᠭ ᠪᠣᠯᠬᠤ ᠶᠢ ᠲᠣᠰᠠᠯᠠᠨ ᠳᠡᠮᠵᠢᠬᠦ ᠶᠢᠨ ᠬᠠᠮᠲᠣ᠂ ᠢᠳᠡᠪᠬᠢᠲᠠᠢ ᠪᠠᠷ ᠪᠣᠬᠢᠷᠳᠠᠯ ᠦᠭᠡᠢ᠂ ᠳᠣᠣᠷ᠎ᠠ ᠨᠡᠭᠦᠷᠡᠰᠦᠳᠦ᠋ᠷᠦᠭᠴᠢᠲᠦ ᠠᠷᠢᠭᠤᠨ ᠴᠡᠪᠡᠷ ᠭᠡᠷ ᠤᠨ ᠬᠡᠷᠡᠭᠰᠡᠯ ᠤᠨ ᠲᠣᠯᠣᠭᠠᠶᠢᠯᠠᠭᠴᠢ ᠠᠵᠦ ᠠᠬᠤᠶᠢᠯᠠᠯ ᠤᠳ ᠢ ᠣᠷᠢᠨ ᠠᠪᠴᠢᠷᠠᠵᠤ᠂ ᠭᠡᠷ ᠤᠨ ᠬᠡᠷᠡᠭᠰᠡᠯ ᠤᠨ ᠠᠵᠦ ᠠᠬᠤᠶᠢᠯᠠᠯ ᠤᠨ ᠪᠣᠯᠪᠠᠰᠣᠷᠠᠭᠤᠯᠵᠣ ᠲᠣᠬᠢᠷᠠᠭᠤᠯᠣᠨ ᠬᠦᠷᠭᠡᠬᠦ ᠬᠤᠷᠠᠵᠦ ᠲᠠᠷᠬᠠᠬᠤ ᠣᠷᠣᠨ ᠢ ᠴᠣᠭᠴᠠᠯᠠᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠬᠡᠷᠡᠮ ᠬᠠᠨ᠎ᠠ ᠶᠢᠨ ᠪᠣᠷᠣ ᠮᠠᠲ᠋ᠧᠷᠢᠶᠠᠯ ᠪᠣᠯᠣᠨ ᠲᠣᠮᠦ ᠬᠡᠯᠪᠡᠷᠢ ᠶᠢᠨ ᠣᠭᠰᠠᠷᠠᠬᠤ ᠬᠡᠯᠪᠡᠷᠢ ᠶᠢᠨ ᠪᠠᠷᠢᠯᠭ᠎ᠠ ᠶᠢᠨ ᠲᠣᠯᠣᠭᠠᠶᠢᠯᠠᠭᠴᠢ ᠠᠵᠦ ᠠᠬᠤᠶᠢᠯᠠᠯ ᠢ ᠣᠷᠢᠨ᠂ ᠰᠢᠨ᠎ᠡ ᠬᠡᠯᠪᠡᠷᠢ ᠶᠢᠨ ᠬᠡᠷᠡᠮ ᠬᠠᠨ᠎ᠠ ᠶᠢᠨ ᠪᠣᠷᠣ ᠮᠠᠲ᠋ᠧᠷᠢᠶᠠᠯ ᠵᠡᠷᠭᠡ ᠪᠣᠬᠢᠷᠳᠠᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠦ ᠦᠢᠯᠡᠳᠪᠦᠷᠢ ᠶᠢ ᠬᠦᠭᠵᠢᠭᠦᠯᠦᠨ᠎ᠡ᠃      ᠰᠢᠨ᠎ᠡ ᠬᠡᠯᠪᠡᠷᠢ ᠶᠢᠨ ᠡᠨᠧᠷᠭᠢ ᠶᠢᠨ ᠠᠵᠤ ᠦᠢᠯᠡᠰ ᠢ ᠤᠷᠢᠳᠴᠢᠯᠠᠨ ᠬᠦᠭᠵᠢᠭᠦᠯᠦᠨ᠎ᠡ᠃ ᠰᠠᠯᠬᠢᠨ ᠤ ᠡᠨᠧᠷᠬᠢ ᠂ ᠭᠡᠷᠡᠯ ᠤᠨ ᠡᠨᠧᠷᠭᠢ ᠶᠢᠨ ᠲᠠᠪᠠᠭᠤᠯᠢᠭ ᠢ ᠠᠰᠢᠭᠯᠠᠨ᠂ ᠢᠳᠡᠪᠬᠢᠲᠠᠢ ᠪᠠᠷ ᠵᠦᠩ ᠳ᠋ᠢᠶᠠᠨ ᡁᠢ ᠬᠦᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠯᠦᠪᠵᠢᠭᠦᠯᠭᠡ ᠶᠢ ᠲᠦᠯᠬᠢᠨ ᠠᠬᠢᠭᠤᠯᠵᠣ᠂ ᠳ᠋ᠠ ᠲᠠᠩ ᠸᠠᠨ ᠶᠤᠸᠠᠨ ᠤ ᠬᠤᠶᠠᠳᠤᠭᠠᠷ ᠬᠤᠭᠤᠴᠠᠭᠠᠨ ᠤ 49.5 ᠰᠠᠶ᠎ᠠ ᠸᠠᠲ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ᠂ ᠵᠦᠩ ᠲᠠᠢ ᠶᠢᠨ ᠰᠠᠯᠬᠢᠨ ᠬᠦᠴᠦᠨ ᠤ ᠴᠠᠬᠢᠯᠭᠠᠨ ᠪᠠᠷ ᠰᠣᠷᠬᠢᠷᠠᠭᠤᠯ ᠲᠣᠷᠰᠢᠬᠤ ᠲᠦᠷᠦᠯ ᠵᠦᠢᠯ ᠤᠨ ᠰᠦᠯᠵᠢᠶᠡᠨ ᠳᠤ ᠨᠡᠶᠢᠯᠡᠭᠦᠯᠵᠦ ᠴᠠᠬᠢᠯᠭᠠᠨ ᠭᠠᠷᠭᠠᠬᠤ ᠶᠢ ᠪᠠᠲᠣᠯᠠᠨ᠎ᠠ᠃ ᠶᠡᠭᠡ ᠬᠦᠴᠦᠨ ᠢᠶᠠᠷ ᠠᠮᠢᠳᠣ ᠪᠣᠳᠠᠰ ᠤᠨ ᠴᠢᠨᠠᠷᠲᠠᠢ ᠴᠠᠬᠢᠯᠭᠠᠨ ᠭᠠᠷᠭᠠᠬᠤ᠂ ᠢᠯᠴᠢ ᠬᠠᠩᠭᠠᠬᠤ ᠲᠦᠷᠦᠯ ᠵᠦᠢᠯ ᠢ ᠬᠦᠭᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠯᠲᠠ ᠶᠢ ᠠᠬᠢᠭᠤᠯᠵᠣ᠂ ᠦᠪᠦᠷ ᠮᠣᠩᠭᠤᠯ ᠤᠨ ᠴᠢᠤᠸᠠᠨ ᠱᠦᠨ ᠠᠮᠢᠳᠣ ᠪᠣᠳᠠᠰ ᠤᠨ ᠫᠣᠲ᠋ᠧᠨ᠋ᠲ ᠡᠨᠧᠷᠬᠢ ᠶᠢᠨ ᠬᠠᠲᠠᠭᠤ ᠪᠡᠶᠡᠲᠦ ᠲᠦᠯᠡᠰᠢ ᠶᠢᠨ ᠲᠦᠷᠦᠯ ᠵᠦᠢᠯ ᠤᠨ ᠪᠠᠶᠢᠭᠤᠯᠣᠯᠲᠠ ᠶᠢ ᠲᠦᠷᠭᠡᠯᠡᠨ ᠠᠬᠢᠭᠤᠯᠣᠨ᠎ᠠ᠃ ︽ᠱᠠᠨᠰᠢ ᠠᠴᠠ ᠪᠡᠭᠡᠵᠢᠩ ᠬᠦᠷᠬᠦ ᠲᠦᠷᠪᠡᠨ ᠱᠤᠭᠤᠮ︾ ᠤᠨ ᠬᠢᠯᠢ ᠨᠡᠪᠲᠡᠷᠡᠬᠦ ᠶᠢᠨ ᠲᠣᠰᠠ ᠪᠠᠷ᠂ ᠰᠢᠲᠠᠮᠠᠬᠠᠢ ᠬᠡᠢ ᠶᠢᠨ ᠬᠠᠳᠠᠭᠠᠯᠠᠵᠤ ᠲᠤᠬᠢᠷᠠᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ ᠢᠳᠡᠪᠬᠢᠲᠠᠢ ᠪᠠᠷ ᠠᠵᠦ ᠠᠬᠤᠶᠢᠯᠠᠯ ᠤᠨ ᠰᠢᠲᠠᠮᠠᠬᠠᠢ ᠬᠡᠢ ᠶᠢᠨ ᠡᠬᠢ ᠰᠣᠷᠪᠣᠯᠵᠢ ᠶᠢᠨ ᠲᠣᠬᠢᠷᠠᠭᠤᠯᠬᠤ ᠵᠢᠭᠠᠯᠲᠠ ᠶᠢ ᠲᠡᠮᠡᠴᠡᠨ ᠣᠯᠬᠤ ᠶᠢ ᠳᠡᠮᠵᠢᠵᠦ᠂ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠭᠡᠷᠡᠭᠦᠯᠵᠦ ᠨᠦᠬᠡᠴᠡᠯᠡᠬᠦ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠪᠠᠲᠣᠯᠠᠵᠣ᠂ ᠵᠦᠩ ᠬᠤᠣ ᠰᠢᠲᠠᠮᠠᠬᠠᠢ ᠬᠡᠢ LNG ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠶᠢᠨ ᠮᠦᠨ ᠴᠢᠨᠠᠷ ᠤᠨ ᠲᠠᠪᠰᠢᠯᠲᠠ ᠣᠯᠬᠤ ᠶᠢ ᠠᠬᠢᠭᠤᠯᠣᠨ᠎ᠠ᠃      ︵ᠳᠦᠷᠪᠡ︶ ᠲᠣᠬᠢᠶᠠᠯ ᠢ ᠠᠳᠬᠤᠨ᠂ ᠲᠠᠪᠠᠭᠤᠯᠢᠭ ᠲᠠᠯ᠎ᠠ ᠪᠠᠨ ᠦᠷᠭᠡᠳᠬᠡᠨ᠂ ᠰᠢᠨ᠎ᠡ ᠪᠠᠷ ᠮᠠᠨᠳᠣᠭᠰᠠᠨ ᠦᠢᠯᠡᠴᠢᠯᠡᠭᠡᠨ ᠤ ᠦᠢᠯᠡᠰ ᠢ ᠬᠦᠴᠦᠯᠡᠨ ᠪᠣᠵᠠᠭᠠᠶᠢᠷᠠᠭᠤᠯᠣᠨ᠎ᠠ      ᠭᠠᠵᠠᠷ ᠵᠦᠢ ᠶᠢᠨ ᠳᠠᠪᠠᠭᠤᠯᠢᠭ ᠪᠠᠶᠢᠷᠢ ᠶᠢ ᠠᠰᠢᠭᠯᠠᠨ᠂ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠪᠤᠯᠣᠨ ᠴᠠᠷᠠᠰᠣᠨ ᠨᠠᠭᠤᠷ᠂ ᠰᠣᠮᠣᠨ ᠠᠭᠤᠯᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ᠂ ︽ᠡᠳ᠋ ᠪᠠᠷᠠᠭ᠎ᠠ ᠶᠢᠨ ᠭᠦᠢᠯᠭᠡᠭᠡ +︾ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠣᠳᠣᠬᠢ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠣᠯᠣᠨ ᠲᠡᠭᠦᠯᠳᠡᠷ ᠵᠣᠭᠠᠴᠠᠯ ᠤᠨ ᠠᠮᠠᠷᠠᠯᠲᠠ ᠦᠩᠭᠡᠷᠡᠭᠦᠯᠬᠦ ᠰᠠᠭᠤᠷᠢᠨ ᠭᠠᠵᠠᠷ ᠢ ᠴᠣᠭᠴᠠᠯᠠᠨ᠎ᠠ᠃      ᠲᠣᠮᠦ ᠡᠳ᠋ ᠪᠠᠷᠠᠭᠠᠨ ᠤ ᠭᠦᠢᠯᠭᠡᠭᠡᠨ ᠤ ᠠᠵᠦ ᠦᠢᠯᠡᠰ ᠢ ᠲᠦᠷᠭᠡᠯᠡᠨ ᠬᠦᠭᠵᠢᠭᠦᠯᠦᠨ᠎ᠡ᠃ ᠣᠯᠣᠰ ᠠᠴᠠ ᠪᠡᠭᠡᠵᠢᠩ᠂ ᠲᠢᠶᠠᠨᠵᠢᠨ᠂ ᠾᠧᠪᠧᠢ ᠶᠢᠨ ᠣᠷᠴᠢᠨ ᠠᠬᠤᠢ ᠶᠢᠨ ᠬᠠᠮᠠᠭᠠᠯᠠᠯ ᠳᠤ ᠤᠯᠠᠮ ᠨᠢᠭᠡ ᠠᠯᠬᠤᠮ ᠬᠦᠴᠦᠯᠡᠴᠡ ᠪᠠᠨ ᠴᠢᠩᠭᠠᠳᠬᠠᠵᠣ ᠪᠠᠶᠢᠬᠤ ᠵᠠᠪᠰᠢᠶᠠᠨ ᠪᠣᠯᠣᠨ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠵᠠᠰᠠᠮᠠᠯ ᠵᠠᠮ᠂ ᠲᠡᠮᠦᠷ ᠵᠠᠮ ᠤᠨ ᠬᠤᠯᠪᠣᠭᠠᠯᠠᠭᠰᠠᠨ ᠲᠡᠭᠡᠭᠡᠪᠦᠷᠢ᠂ ᠵᠡᠭᠦᠨ ᠪᠠᠷᠠᠭᠤᠨ ᠨᠢ ᠨᠡᠪᠲᠡᠷᠡᠬᠦ ᠲᠠᠪᠠᠭᠤᠯᠢᠭ ᠲᠠᠯ᠎ᠠ ᠶᠢ ᠠᠳᠬᠤᠨ᠂ ᠪᠦᠬᠦ ᠲᠠᠯ᠎ᠠ ᠪᠠᠷ ᠡᠳ᠋ ᠪᠠᠷᠠᠭᠠᠨ  ᠤ ᠭᠦᠢᠯᠭᠡᠭᠡᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠠᠵᠦ ᠦᠢᠯᠡᠰ ᠢ ᠲᠣᠮᠦ ᠬᠦᠴᠦᠷᠭᠡᠭ ᠪᠣᠯᠭᠠᠨ᠎ᠠ᠃ ᠵᠢᠯ ᠤᠨ ᠳᠣᠲᠣᠷ᠎ᠠ ᠢ ᠳ᠋ᠠ ᠽᠥᠩ᠂ ᠪᠧᠢ ᠹᠠᠩ ᠯᠦ ᠭᠠᠷᠠᠮ ᠤᠨ ᠨᠡᠭᠦᠷᠡᠰᠦᠨ ᠬᠦᠮᠦᠷᠭᠡᠯᠡᠭᠡᠨ ᠤ ᠡᠳ᠋ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠵᠢᠴᠢ ᠲᠢᠶᠠᠨᠵᠢᠨ ᠭᠠᠷᠠᠮ ᠤᠨ ᠦᠩᠭᠡᠲᠦ ᠲᠡᠮᠦᠷᠯᠢᠭ ᠤᠨ ᠡᠳ᠋ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠪᠠᠷᠢᠯᠭ᠎ᠠ ᠡᠷᠬᠢᠯᠡᠬᠦ ᠶᠢ ᠬᠦᠴᠦᠯᠡᠨ ᠲᠡᠮᠡᠴᠡᠵᠤ᠂ ᠪᠥᠸᠧ ᠶᠤᠸᠠᠨ ᠤ ᠲᠣᠭᠠᠵᠢᠭᠤᠯᠣᠭᠰᠠᠨ ᠬᠠᠳᠠᠭᠠᠯᠠᠮᠵᠢ ᠶᠢᠨ ᠨᠡᠭᠦᠷᠡᠰᠦ ᠶᠢᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠢ ᠡᠷᠬᠢᠯᠡᠨ ᠪᠠᠶᠢᠭᠤᠯᠣᠨ᠎ᠠ᠃ ᠦᠷᠭᠦᠯᠵᠢᠯᠡᠨ ᠬᠦᠴᠦ ᠪᠠᠨ ᠲᠦᠪᠯᠡᠷᠡᠭᠦᠯᠦᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠬᠦᠷᠢᠶᠡᠯᠡᠩ ᠤᠨ ᠮᠢᠶᠣᠣ ᠯᠢᠶᠠᠩ ᠲᠡᠮᠦᠷ ᠵᠠᠮ ᠤᠨ ᠲᠦᠪ ᠦᠷᠲᠡᠭᠡ ᠶᠢᠨ ᠪᠠᠷᠠᠭᠠᠨ ᠤ ᠲᠠᠯᠠᠪᠣᠷ ᠢ ᠲᠦᠷᠭᠡᠳᠬᠡᠨ ᠪᠠᠶᠢᠭᠤᠯᠵᠣ᠂ ᠪᠦᠬᠦ ᠬᠦᠴᠦᠨ ᠢᠶᠠᠷ ᠪᠠᠷᠠᠭᠤᠨ ᠤ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠵᠦ᠂ ᠵᠡᠭᠦᠨ ᠤ ᠠᠭᠤᠷᠬᠠᠢ ᠶᠢ ᠪᠠᠷᠠᠭᠤᠨᠰᠢ ᠣᠷᠣᠭᠤᠯᠵᠣ᠂ ᠨᠡᠭᠦᠷᠡᠰᠦᠨ ᠠᠭᠤᠷᠬᠠᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠤᠯᠠᠨ ᠲᠠᠯ᠎ᠠ ᠶᠢᠨ ᠡᠳ᠋ ᠪᠠᠷᠠᠭᠠᠨ ᠤ ᠭᠦᠢᠯᠭᠡᠭᠡᠨ ᠬᠠᠷᠢᠯᠴᠠᠨ ᠨᠦᠬᠦᠪᠦᠷᠢᠯᠡᠭᠰᠡᠨ ᠲᠣᠮᠦ ᠡᠳ᠋ ᠪᠠᠷᠠᠭᠠᠨ ᠤ ᠭᠦᠢᠯᠭᠡᠭᠡᠨ ᠤ ᠠᠵᠦ ᠦᠢᠯᠡᠰ ᠤᠨ ᠪᠠᠶᠢᠷᠢᠭᠤᠯᠣᠯᠲᠠ ᠶᠢ ᠪᠠᠶᠢᠭᠤᠯᠣᠨ᠎ᠠ᠃      ᠵᠣᠭᠠᠴᠠᠯ ᠤᠨ ᠦᠢᠯᠡᠰ ᠤᠨ ᠠᠵᠣ ᠦᠢᠯᠡᠰ ᠢ ᠳᠣᠪᠣᠶᠢᠮ᠎ᠠ ᠬᠦᠭᠵᠢᠭᠦᠯᠦᠨ᠎ᠡ᠃ ᠪᠦᠬᠦ ᠬᠦᠷᠢᠶ᠎ᠡ ᠴᠠᠷᠠᠭᠠᠨ ᠤ ᠠᠶᠠᠯᠠᠯ ᠵᠢᠭᠤᠯᠴᠢᠯᠡᠯ᠂ ᠳᠦᠷᠪᠡᠨ ᠣᠯᠠᠷᠢᠯ ᠤᠨ ᠠᠶᠠᠯᠠᠯ ᠵᠢᠭᠤᠯᠴᠢᠯᠠᠯ ᠵᠢᠴᠢ ᠣᠨᠴᠠᠯᠢᠭᠲᠣ ᠠᠶᠠᠯᠠᠯ ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠭᠦᠯᠥᠨ᠎ᠡ᠃ ᠠᠶᠠᠯᠠᠯ ᠵᠢᠭᠤᠯᠴᠢᠯᠠᠯ ᠤᠨ ᠡᠬᠢ ᠪᠠᠶᠠᠯᠢᠭ᠂ ᠰᠠᠭᠤᠷᠢ ᠲᠦᠬᠦᠭᠡᠷᠦᠮᠵᠢ ᠵᠢᠴᠢ ᠠᠵᠣ ᠦᠢᠯᠡᠰ ᠤᠨ ᠪᠠᠶᠢᠷᠢᠯᠠᠭᠤᠯᠣᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠢᠨᠲ᠋ᠧᠷᠨᠧᠲ ᠰᠦᠯᠵᠢᠶ᠎ᠡ ᠶᠢᠨ ᠵᠢᠵᠢᠭ ᠪᠠᠯᠭᠠᠰᠣ᠂ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ᠂ ᠢᠳᠡᠭᠡᠨ ᠣᠮᠳᠠᠭᠠᠨ ᠣᠷᠣᠨ ᠰᠠᠭᠤᠴᠠ᠂ ᠮᠦᠰᠦ ᠴᠠᠰᠣᠨ ᠤ ᠪᠡᠶᠡᠳᠠᠨ ᠣᠶᠢᠯᠠᠭᠠᠯᠠᠯᠳᠠ᠂ ᠡᠷᠡᠭᠦᠯ ᠴᠢᠬᠢᠷᠠᠭ ᠢᠶᠠᠷ ᠪᠡᠶ᠎ᠡ ᠰᠣᠪᠢᠯᠠᠬᠤ᠂ ᠨᠠᠰᠣᠳᠠᠨ  ᠢ ᠠᠰᠠᠷᠠᠬᠤ ᠦᠢᠯᠡᠴᠢᠯᠡᠭᠡ ᠵᠡᠷᠭᠡ ᠲᠦᠷᠦᠯ ᠵᠥᠢᠯ ᠢ ᠣᠨᠴᠠᠭᠠᠶᠢᠯᠠᠨ ᠬᠦᠭᠵᠢᠭᠦᠯᠦᠨ᠎ᠠ  ᠃ ᠦᠨᠳᠦᠷ ᠬᠤᠷᠳᠣᠴᠠᠲᠣ ᠲᠡᠮᠦᠷ ᠵᠠᠮ ᠤᠨ ᠲᠣᠭᠤᠷᠢᠭ᠂ ᠴᠠᠷᠠᠰᠣᠨ ᠨᠠᠭᠤᠷ᠂ ᠰᠣᠮᠣᠨ ᠠᠭᠤᠯᠠ᠂ ᠯᠣᠣ ᠯᠢ ᠳᠠᠯᠠᠢ ᠪᠠᠷ ᠲᠡᠩᠭᠡᠯᠢᠭ ᠪᠣᠯᠭᠠᠨ᠂ ᠦᠨᠳᠦᠷ ᠪᠠᠷᠢᠮᠵᠢᠶ᠎ᠠ ᠪᠠᠷ ᠨᠢᠭᠡᠨ ᠵᠣᠷᠪᠣᠰ ᠰᠣᠳᠣᠨ ᠰᠢᠯᠢᠳᠡᠭ ᠵᠣᠭᠠᠴᠠᠯ ᠤᠨ ᠱᠣᠭᠤᠮ ᠢ ᠲᠦᠯᠦᠪᠵᠢᠭᠦᠯᠦᠨ ᠪᠦᠲᠦᠭᠡᠵᠦ᠂ ᠠᠶᠠᠯᠠᠯ ᠵᠢᠭᠤᠯᠴᠢᠯᠠᠯ ᠤᠨ ᠦᠢᠯᠡᠰ ᠢ ᠳᠡᠰ ᠳᠠᠪᠰᠢᠭᠦᠯᠦᠨ᠎ᠠ᠃ ᠳᠠᠯᠠᠨ ᠬᠠᠷ᠎ᠠ ᠠᠭᠤᠯᠠ᠂ ᠲᠣᠣ ᠵᠢᠣ ᠬᠤᠸᠠ ᠳᠠᠪᠠᠭ᠎ᠠ᠂ ᠱᠣᠸᠠᠩ ᠲᠠᠢ ᠱᠠᠨ᠂ ᠨᠠᠨ ᠭᠤᠸᠠᠨ ᠲᠠᠯ᠎ᠠ ᠨᠣᠲᠤᠭ᠂ ᠴᠢ ᠵᠢᠶᠠ ᠶᠢᠩ ᠣᠰᠣᠨ ᠴᠦᠬᠦᠷᠦᠮ ᠵᠡᠷᠭᠡ ᠴᠢᠬᠤᠯᠠ ᠵᠣᠭᠠᠴᠠᠯ ᠤᠨ ᠦᠢᠯᠡᠰ ᠤᠨ ᠡᠬᠢ ᠪᠠᠶᠠᠯᠢᠭ ᠢ ᠬᠦᠭᠵᠢᠭᠦᠯᠦᠨ ᠪᠦᠲᠦᠭᠡᠨ ᠪᠠᠶᠢᠭᠤᠯᠬᠤ ᠬᠦᠴᠦᠯᠡᠴᠡ  ᠪᠠᠨ ᠦᠷᠬᠦᠯᠵᠢᠯᠡᠨ ᠨᠡᠮᠡᠭᠳᠡᠭᠦᠯᠦᠨ᠂ ᠠᠶᠠᠯᠠᠯ ᠵᠢᠭᠤᠯᠴᠢᠯᠠᠯ ᠤᠨ ᠣᠯᠠᠨ ᠶᠠᠩᠵᠣᠲᠣ ᠬᠦᠭᠵᠢᠯᠲᠡ ᠶᠢ ᠪᠦᠬᠦ ᠬᠦᠴᠦᠨ  ᠢᠶᠠᠷ ᠲᠦᠯᠬᠢᠨ ᠠᠬᠢᠭᠤᠯᠣᠨ᠎ᠠ᠃ ᠬᠦᠳᠡᠭᠡ ᠲᠣᠰᠬᠤᠨ ᠤ ᠴᠡᠩᠬᠡᠭ ᠣᠰᠣ ᠬᠦᠬᠡᠮᠳᠦᠭ ᠠᠭᠤᠯᠠ᠂ ᠣᠷᠣᠨ ᠨᠣᠲᠤᠭ  ᠤᠨ ᠰᠣᠶᠣᠯ᠂ ᠣᠨᠴᠠᠯᠢᠭᠲᠣ ᠲᠠᠷᠢᠵᠣ ᠦᠷᠡᠵᠢᠭᠦᠯᠬᠦ ᠵᠡᠷᠭᠡ ᠡᠬᠢ ᠪᠠᠶᠠᠯᠢᠭ ᠳᠤ ᠲᠦᠰᠢᠭᠯᠡᠨ᠂ ᠲᠣᠬᠠᠢ ᠶᠢᠨ ᠭᠠᠵᠠᠷ  ᠲᠤᠨᠢ ᠲᠣᠬᠢᠷᠠᠭᠤᠯᠣᠨ  ᠂ ᠠᠷᠠᠳ ᠣᠯᠠᠨ ᠤ ᠣᠷᠣᠨ ᠰᠠᠭᠤᠴᠠ᠂ ᠵᠠᠩ ᠦᠢᠯᠡ ᠶᠢᠨ ᠮᠦᠽᠸᠢ᠂ ᠲᠠᠷᠢᠶᠠᠴᠢᠨ ᠡᠷᠦᠬᠡ ᠶᠢᠨ ᠪᠠᠶᠠᠷ ᠴᠡᠩᠬᠡᠯ ᠤᠨ ᠳᠡᠯᠭᠡᠭᠦᠷ᠂ ᠣᠨᠴᠠᠯᠢᠭᠳᠣ ᠠᠵᠤ ᠠᠬᠤᠢ ᠶᠢᠨ ᠣᠢ᠂ ᠲᠠᠷᠢᠶᠠᠯᠠᠩ ᠤᠨ ᠪᠦᠲᠦᠭᠡᠭᠳᠡᠭᠦᠨ ᠤ ᠭᠠᠷ ᠣᠷᠠᠯᠠᠯ ᠤᠨ ᠦᠢᠯᠡᠳᠬᠡᠯ ᠵᠡᠷᠭᠡ ᠲᠦᠷᠦᠯ ᠵᠦᠢᠯ ᠳᠤ ᠲᠦᠰᠢᠭᠯᠡᠨ᠂ ᠰᠣᠯᠠ ᠰᠡᠯᠡᠭᠦᠴᠡᠯ  ᠤᠨ ᠶᠠᠩᠵᠤ᠂ ᠪᠡᠶᠡᠴᠢᠯᠡᠨ ᠣᠶᠢᠯᠠᠭᠠᠬᠤ ᠶᠠᠩᠵᠣ ᠶᠢᠨ ᠬᠦᠳᠡᠭᠡ ᠲᠣᠰᠬᠤᠨ ᠤ ᠠᠶᠠᠯᠠᠯ ᠵᠢᠭᠤᠯᠴᠢᠯᠠᠯ ᠢ ᠬᠦᠭᠵᠢᠭᠦᠯᠦᠨ᠎ᠡ᠃ ᠵᠢᠯ ᠤᠨ ᠳᠣᠲᠣᠷ᠎ᠠ᠂ ᠯᠣ᠋ ᠵᠢᠶᠠ ᠶᠢᠩ ᠲᠣᠰᠬᠤᠨ ᠰᠢᠭ 10 ᠠᠶᠠᠨᠴᠢᠨ ᠤ ᠪᠠᠭᠤᠳᠠᠯ ᠤᠨ ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠶᠠᠩ ᠲᠣᠰᠬᠤᠨ ᠪᠣᠯᠭᠠᠨ 1-2 ᠬᠦᠳᠡᠭᠡ ᠲᠣᠰᠬᠤᠨ ᠤ ᠵᠢᠱᠢᠶ᠎ᠡ ᠦᠵᠡᠭᠦᠯᠭᠦ ᠲᠣᠷᠰᠢᠯᠲᠠ ᠶᠢᠨ ᠴᠡᠭ ᠢ ᠪᠦᠲᠦᠭᠡᠨ ᠪᠠᠶᠢᠭᠤᠯᠵᠣ᠂ 2-3 ᠦᠨᠳᠦᠷ ᠪᠠᠷᠢᠮᠵᠢᠶᠠᠲᠣ ᠲᠠᠷᠢᠶᠠᠴᠢᠨ ᠡᠷᠦᠬᠡ ᠶᠢᠨ ᠪᠠᠶᠠᠷ ᠴᠡᠩᠬᠡᠯ ᠤᠨ ᠲᠡᠯᠭᠡᠭᠦᠷ ᠢ ᠪᠠᠶᠢᠭᠤᠯᠣᠨ᠎ᠠ᠃ ᠪᠡᠭᠡᠵᠢᠩ ᠤᠨ ᠡᠪᠣᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠣᠭᠯᠠᠭᠠᠨ ᠤ ᠵᠠᠪᠰᠢᠶᠠᠨ ᠢ ᠠᠰᠢᠭᠯᠠᠨ᠂  ᠪᠡᠶ᠎ᠡ  ᠶᠢᠨ ᠲᠠᠮᠢᠷ ᠤᠨ ᠵᠢᠭᠤᠯᠴᠢᠯᠠᠯ  ᠪᠠ ᠮᠦᠰᠦ ᠴᠠᠰᠣᠨ ᠤ ᠵᠢᠭᠤᠯᠴᠢᠯᠠᠯ ᠤᠨ ᠲᠦᠷᠦᠯ ᠵᠦᠢᠯ ᠢ ᠶᠡᠭᠡ ᠬᠦᠴᠦᠨ ᠢᠶᠠᠷ ᠬᠦᠭᠵᠢᠭᠦᠯᠦᠨ᠂ ᠵᠢᠯ ᠤᠨ ᠳᠣᠲᠣᠷ᠎ᠠ᠂ ᠴᠠᠰᠣᠨ ᠳᠤ ᠭᠤᠯᠭᠤᠬᠤ ᠲᠠᠯᠠᠪᠠᠢ 1 ᠰᠠᠭᠤᠷᠢ ᠪᠠᠶᠢᠭᠤᠯᠬᠤ ᠶᠢ ᠪᠠᠲᠣᠯᠠᠨ᠎ᠠ᠃ ᠡᠮᠦᠨᠡᠳᠦ ᠬᠡᠰᠡᠭ ᠤᠨ ᠬᠤᠪᠢᠰᠬᠠᠯ ᠤᠨ ᠲᠡᠣᠬᠡ᠂ ᠡᠮᠦᠨ᠎ᠡ ᠣᠪᠣᠭ᠎ᠠ ᠶᠢᠨ ᠪᠠᠶᠢᠯᠳᠣᠭᠠᠨ᠂ ᠴᠢ ᠳ᠋ᠠ ᠴᠢᠩ ᠤᠨ ᠪᠠᠶᠢᠯᠳᠣᠭᠠᠨ᠂ ᠰᠣᠮᠣᠨ ᠠᠭᠤᠯᠠ ᠶᠢᠨ ᠦᠢᠯᠡᠰ ᠪᠣᠰᠬᠠᠭᠰᠠᠨ ᠲᠡᠣᠬᠡ᠂ ᠯᠦ ᠢᠦᠢ ᠪᠣᠣ ᠶᠢᠨ ᠲᠡᠷᠢᠬᠦᠨ ᠤ ᠦᠢᠯᠡ ᠶᠠᠪᠣᠳᠠᠯ ᠵᠡᠷᠬᠡ ︽ᠣᠯᠠᠭᠠᠨ ᠰᠣᠶᠣᠯ︾ ᠤᠨ ᠡᠬᠢ ᠪᠠᠶᠠᠯᠢᠭ ᠢ ᠭᠦᠨᠵᠡᠭᠡᠢ ᠠᠰᠢᠭᠯᠠᠨ᠂ ᠨᠠᠮ ᠤᠨ ᠭᠡᠰᠢᠭᠦᠨ ᠺᠠᠲᠠᠷ ᠠᠵᠢᠯᠳᠠᠨ ᠤ ᠰᠣᠷᠭᠠᠨ ᠬᠦᠮᠦᠵᠢᠭᠦᠯᠬᠦ ᠲᠣᠷᠰᠢᠯᠲᠠ ᠶᠢᠨ ᠰᠠᠭᠤᠷᠢᠨ ᠭᠠᠵᠠᠷ ᠪᠣᠯᠣᠨ ᠣᠯᠣᠰ ᠢᠶᠠᠨ ᠬᠠᠶᠢᠷᠠᠯᠠᠬᠤ ᠦᠵᠡᠯ ᠤ ᠰᠣᠷᠭᠠᠨ ᠬᠦᠮᠣᠵᠢᠯ ᠤᠨ ᠲᠣᠷᠰᠢᠯᠲᠠ ᠶᠢᠨ ᠰᠠᠭᠤᠷᠢᠨ ᠭᠠᠵᠠᠷ   ᠢ ᠪᠦᠲᠦᠭᠡᠨ ᠪᠠᠶᠢᠭᠤᠯᠬᠤ ᠶᠢ ᠦᠷᠬᠦᠯᠵᠢᠯᠡᠨ ᠲᠦᠯᠬᠢᠨ ᠠᠬᠢᠭᠤᠯᠵᠣ᠂ ︽ᠣᠯᠠᠭᠠᠨ ᠰᠣᠶᠣᠯ︾ ᠤᠨ ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠭᠦᠯᠦᠨ᠎ᠠ᠃ ᠵᠢᠭᠤᠯᠴᠢᠯᠠᠯ ᠤᠨ ᠦᠢᠯᠡᠰ ᠤᠨ ᠣᠬᠠᠭᠤᠯᠭ᠎ᠠ ᠶᠢ ᠨᠡᠮᠡᠭᠳᠡᠭᠦᠯᠦᠨ᠂ ᠣᠯᠠᠭᠠᠨᠴᠠᠪ — ᠳ᠋ᠠᠲ᠋ᠦᠩ — ᠵᠠᠩ ᠵᠢᠶᠠ ᠺᠸᠣ ᠶᠢᠨ ᠵᠢᠭᠤᠯᠴᠢᠯᠠᠯ ᠤᠨ ᠬᠤᠯᠪᠣᠭ᠎ᠠ ᠶᠢᠨ ᠠᠬᠢᠭᠤᠯᠣᠯᠳᠠ᠂ᠣᠯᠠᠭᠠᠨᠴᠠᠪ ᠬᠤᠲᠠ — ︽ᠨᠡᠶᠢᠰᠯᠡᠯ ᠬᠤᠲᠠ ᠶᠢᠨ ᠲᠡᠭᠦᠷᠬᠡ ᠳᠠᠬᠢ ᠲᠠᠯ᠎ᠠ ᠨᠣᠲᠤᠭ᠂ ᠵᠣᠰᠠᠯᠠᠩ ᠤᠨ ᠭᠠᠵᠠᠷ︾ ᠭᠡᠬᠦ ᠵᠢᠭᠤᠯᠴᠢᠯᠠᠯ ᠤᠨ ᠲᠡᠮᠳᠡᠭᠳᠦ ᠶᠢᠨ ᠣᠬᠠᠭᠤᠯᠭ᠎ᠠ ᠪᠠ ︽ᠰᠢᠩ ᠾᠧ — ᠶᠠᠨ ᠴᠢᠩ︾ ᠬᠠᠷᠢᠯᠴᠠᠨ ᠬᠠᠮᠵᠢᠯᠴᠠᠬᠤ ᠬᠤᠷᠰᠢᠨ ᠲᠣᠭᠳᠠᠯᠴᠠᠭ᠎ᠠ ᠢ ᠦᠷᠭᠡᠳᠬᠡᠨ᠎ᠡ᠃ ᠵᠢᠯ ᠤᠨ ᠳᠣᠲᠣᠷ᠎ᠠ  ᠬᠦᠯᠢᠶᠠᠨ ᠠᠪᠬᠤ ᠵᠣᠴᠢᠳ ᠤᠨ ᠲᠤᠭ᠎ᠠ ᠶᠢ 80 ᠲᠦᠮᠡᠨ ᠬᠦᠮᠦᠨ ᠣᠳᠠᠭ᠎ᠠ᠂ ᠠᠶᠠᠯᠠᠯ ᠵᠢᠭᠤᠯᠴᠢᠯᠠᠯ ᠤᠨ ᠣᠷᠣᠯᠭ᠎ᠠ 5600 ᠲᠦᠮᠡᠨ ᠲᠦᠭᠦᠷᠢᠭ ᠤᠨ ᠠᠰᠢᠭ ᠬᠤᠨᠵᠢᠪᠣᠷᠢ  ᠶᠢ ᠪᠡᠶᠡᠯᠡᠭᠦᠯᠣᠨ᠎ᠠ᠃      ᠮᠦᠩᠭᠦᠨ ᠭᠦᠢᠯᠡᠭᠡᠨ ᠤ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠦᠭᠵᠢᠭᠦᠯᠦᠨ᠎ᠠ᠃  ᠮᠦᠩᠭᠦᠨ ᠭᠦᠢᠯᠡᠭᠡᠨ ᠤ ᠢᠨᠵᠧᠨᠧᠷᠭ ᠤᠨ ᠲᠣᠷᠰᠢᠯᠲᠠ ᠶᠢᠨ ᠰᠢᠶᠠᠨ ᠤ ᠪᠦᠲᠦᠭᠡᠨ ᠪᠠᠶᠢᠭᠤᠯᠣᠯᠲᠠ ᠶᠢ ᠦᠷᠬᠦᠯᠵᠢᠯᠡᠨ ᠪᠠᠷᠢᠮᠳᠠᠯᠠᠵᠣ᠂ ᠬᠤᠲᠠ ᠶᠢᠨ ᠪᠡᠯᠡ ᠣᠷᠣᠭᠤᠯᠣᠯᠲᠠ ᠶᠢ ᠰᠠᠶᠢᠳᠣᠷ ᠡᠵᠡᠩᠨᠡᠨ᠂ ᠬᠤᠲᠠ ᠶᠢᠨ ᠣᠯᠠᠨ ᠳᠠᠪᠬᠤᠷᠭ᠎ᠠ  ᠶᠢᠨ ᠬᠦᠷᠦᠩᠭᠡ ᠶᠢᠨ ᠵᠠᠬ᠎ᠠ ᠳᠡᠯᠭᠡᠭᠦᠷ ᠢ ᠬᠦᠭᠵᠢᠭᠦᠯᠦᠨ᠎ᠡ᠃ ᠪᠣᠰᠣᠳ ᠬᠤᠲᠠ ᠶᠢᠨ ᠮᠦᠩᠭᠦᠨ ᠭᠦᠢᠯᠡᠭᠡᠨ ᠤ ᠪᠠᠶᠢᠭᠤᠯᠣᠮᠵᠢ᠂ ᠪᠡᠯᠡ ᠣᠷᠣᠭᠤᠯᠣᠯᠲᠠ ᠶᠢᠨ ᠪᠠᠶᠢᠭᠤᠯᠣᠮᠵᠢ ᠶᠢᠨ ᠭᠤᠣᠯᠳᠠᠯᠭᠠᠳᠣ ᠠᠵᠣ ᠦᠢᠯᠡᠰ ᠤᠨ ᠲᠦᠷᠥᠯ ᠵᠦᠢᠯ  ᠪᠣᠯᠣᠨ ᠣᠯᠠᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠳᠤ ᠣᠷᠣᠯᠴᠠᠬᠤ ᠶᠢ ᠢᠳᠡᠪᠬᠢᠲᠠᠢ ᠲᠠᠲᠠᠨ᠂ ᠳᠣᠮᠳᠠ ᠵᠢᠵᠢᠭ ᠠᠵᠣ ᠠᠬᠤᠶᠢᠯᠠᠯ ᠤᠨ ᠪᠡᠯᠡ ᠮᠦᠩᠭᠦ ᠬᠡᠷᠡᠭᠰᠡᠬᠦ ᠱᠠᠭᠠᠷᠳᠠᠯᠭ᠎ᠠ ᠶᠢ ᠣᠨᠣᠪᠴᠢᠲᠠᠢ ᠪᠠᠷ ᠵᠣᠬᠢᠴᠠᠭᠤᠯᠵᠣ᠂ ᠪᠡᠯᠡ ᠮᠦᠩᠭᠦ ᠣᠷᠣᠭᠤᠯᠬᠤ ᠠᠷᠭ᠎ᠠ ᠵᠠᠮ ᠢᠶᠠᠨ ᠦᠷᠭᠡᠳᠬᠡᠨ᠎ᠡ᠃     ︵ᠲᠠᠪᠤ︶ ᠣᠷᠴᠢᠨ ᠲᠣᠭᠤᠷᠢᠨ ᠢ ᠠᠳᠬᠤᠵᠣ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠦᠭᠵᠢᠯᠲᠡ ᠶᠢᠨ ᠳᠠᠯᠳᠠ ᠬᠦᠴᠦᠨ ᠢ ᠬᠦᠴᠦᠯᠡᠨ ᠬᠦᠭᠵᠢᠭᠡᠨ᠎ᠡ      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠨ᠎ᠠ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠪᠲᠤᠯᠤᠯᠲᠠ ᠶᠢᠨ ᠵᠢᠯ︾ ︽ᠠᠷᠠᠳ ᠠᠴᠠ ᠡᠷᠬᠢᠯᠡᠭᠰᠡᠨ ᠠᠵᠦ ᠠᠬᠤᠢ ᠶᠢᠨ ᠬᠦᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠢᠯ︾ ᠵᠡᠷᠭᠡ ᠬᠦᠳᠡᠯᠭᠡᠭᠡᠨ ᠢ ᠯᠠᠪᠳᠠᠭᠤᠨ ᠪᠠᠲᠣᠲᠠᠢ ᠦᠷᠨᠢᠭᠦᠯᠦᠨ᠎ᠡ᠃ ᠤᠯᠠᠭᠠᠨᠴᠠᠪ ᠤᠨ ᠶᠡᠷᠦᠩᠬᠡᠶᠢᠯᠡᠭᠰᠡᠨ ᠡᠳ᠋ ᠪᠠᠷᠠᠭ᠎ᠠ ᠶᠢᠨ ᠭᠦᠢᠯᠭᠡᠭᠡ ᠶᠢᠨ ᠠᠵᠤ ᠦᠢᠯᠡᠰ ᠤᠨ ᠬᠦᠷᠢᠶᠡᠯᠡᠩ᠂ ᠰᠢᠩ ᠸᠠᠩ ᠵᠢᠶᠣᠣ ᠠᠵᠦ ᠦᠢᠯᠡᠳᠪᠦᠷᠢ ᠶᠢᠨ ᠬᠦᠷᠢᠶᠡᠯᠡᠩ᠂ ᠴᠧᠨ ᠭᠤᠸᠠᠨ ᠪᠠᠯᠭᠠᠰᠣᠨ ᠤ ᠲᠠᠷᠢᠶᠠᠯᠠᠩ ᠦᠢᠯᠡᠳᠪᠦᠷᠢ ᠶᠢᠨ ᠬᠦᠷᠢᠶᠡᠯᠡᠩ ᠤᠨ ᠲᠠᠪᠴᠠᠩ ᠤᠨ ᠵᠠᠯᠭᠠᠨ ᠬᠦᠯᠢᠶᠡᠨ ᠠᠪᠬᠤ ᠦᠢᠯᠡᠲᠣᠯ ᠢ ᠲᠦᠯᠦᠪᠵᠢᠭᠦᠯᠦᠨ ᠪᠠᠳᠠᠷᠠᠭᠤᠯᠵᠣ᠂ ᠠᠵᠦ ᠦᠢᠯᠡᠰ ᠤᠨ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠠᠵᠦ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠦᠢ ᠶᠢᠨ ᠡᠬᠢ ᠪᠠᠶᠠᠯᠢᠭ ᠢ ᠠᠮᠢᠳᠣᠯᠢᠭ ᠢᠶᠠᠷ ᠬᠡᠷᠡᠭᠯᠡᠵᠦ᠂ ᠬᠦᠷᠢᠶᠡᠯᠡᠩ ᠤᠨ ᠳᠠᠭᠠᠭᠠᠴᠠ ᠬᠢᠭᠡᠳ ᠦᠢᠯᠡᠴᠢᠯᠡᠭᠡᠨ ᠤ ᠬᠢᠷᠢ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠭᠤᠷᠪᠠᠨ ᠶᠡᠭᠡ ᠬᠦᠷᠢᠶᠡᠯᠡᠩ ‍ᠤᠨ‌ᠨᠡᠶᠢᠰᠯᠡᠯ ᠤᠨ ᠪᠤᠰᠣ ᠴᠢᠳᠠᠪᠬᠢ ᠶᠢ ᠵᠠᠯᠭᠠᠨ ᠨᠡᠪᠲᠡᠷᠡᠭᠦᠯᠬᠦ ᠬᠢᠭᠡᠳ ᠠᠵᠦ ᠦᠢᠯᠡᠰ ᠤᠨ ᠰᠢᠯᠵᠢᠯᠲᠡ ᠶᠢᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠣᠨ᠎ᠠ᠃ ᠭᠤᠶᠢᠪᠢᠰᠢ ᠦᠭᠡᠢ ᠪᠠᠷ ᠨᠡᠩ ᠢᠯᠡ ᠲᠣᠳᠣ᠂ ᠨᠡᠪᠲᠡᠷᠬᠡᠢ᠂ ᠰᠠᠶᠢᠨ ᠰᠠᠶᠢᠬᠠᠨ ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢ ᠪᠠᠶᠢᠭᠤᠯᠣᠨ᠎ᠠ᠃ ︽ᠰᠢᠭᠤᠳ ᠨᠡᠪᠲᠡᠷᠡᠯᠭᠡ︾ ᠶᠢ ᠨᠡᠭᠡᠭᠡᠵᠦ᠂  ︽ᠲᠦᠷᠭᠡᠨ ᠬᠦᠢᠴᠡᠳᠬᠡᠬᠦ︾᠂ ︽ᠳᠠᠷᠦ᠋ᠢᠬᠠᠨ ᠬᠦᠢᠴᠡᠳᠬᠡᠬᠦ︾᠂ ︽ᠨᠢᠭᠡ ᠤᠳᠠᠭ᠎ᠠ ᠳᠡᠭᠡᠷ᠎ᠡ ᠬᠦᠢᠴᠡᠳᠬᠡᠬᠦ︾ ᠵᠡᠷᠭᠡ ᠬᠢᠬᠦ ᠠᠷᠭ᠎ᠠ ᠶᠢ ᠰᠠᠨᠠᠭᠠᠴᠢᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠦᠢᠯᠡᠴᠢᠯᠡᠭᠡ ᠶᠢᠨ ᠭᠤᠣᠯᠯᠠᠭᠴᠢ ᠦᠢᠯᠡᠳᠦᠯ ᠢ ᠭᠦᠢᠴᠡᠳ ᠪᠠᠲᠠᠷᠠᠭᠤᠯᠵᠣ᠂ ᠰᠢᠩ ᠾᠧ ᠰᠢᠶᠠᠨ ᠳᠤ ᠰᠠᠭᠤᠷᠢᠰᠢᠬᠤ ᠲᠦᠷᠦᠯ ᠵᠦᠢᠯ ᠳᠤ ᠪᠦᠷᠢᠨ ᠦᠢᠯᠡᠴᠢᠯᠡᠭᠡ᠂ ᠪᠦᠬᠦ ᠶᠠᠪᠣᠴᠠᠲᠦ ᠦᠢᠯᠡᠴᠢᠯᠡᠭᠡ ᠬᠠᠩᠭᠠᠨ᠎ᠠ ᠃ ︽ᠨᠢᠭᠡ ᠪᠦᠰᠡ ᠨᠢᠭᠡ ᠵᠠᠮ︾᠂ ︽ᠪᠡᠭᠡᠵᠢᠩ᠂ ᠲᠢᠶᠠᠨᠵᠢᠨ᠂ ᠾᠧᠪᠧᠢ ᠶᠢᠨ ᠬᠠᠮᠵᠢᠯᠴᠠᠨ ᠬᠦᠭᠵᠢᠬᠦ︾ ᠪᠠᠶᠢᠯᠳᠣᠬᠤ ᠪᠣᠳᠣᠯᠭ᠎ᠠ ᠳᠤ ᠰᠠᠨᠠᠭᠠᠴᠢᠯᠠᠭ᠎ᠠ ᠲᠠᠢ ᠪᠠᠷ ᠠᠭᠤᠰᠣᠯᠴᠠᠨ ᠣᠷᠣᠵᠣ᠂ ᠤᠯᠠᠭᠠᠨᠴᠠᠪ᠂ ᠳ᠋ᠠᠲ᠋ᠦ᠋ᠩ᠂ ᠵᠠᠩ ᠵᠢᠶᠠ ᠺᠧᠦ ᠶᠢᠨ ᠭᠠᠵᠠᠷ ᠣᠷᠣᠨ ᠤ ᠬᠠᠮᠲᠣᠷᠠᠯᠴᠠᠭ᠎ᠠ ᠬᠢᠭᠡᠳ ᠬᠦᠬᠡᠬᠤᠲᠡ᠂ ᠪᠣᠭᠤᠲᠣ᠂ ᠣᠷᠳᠣᠰ ᠤᠨ ᠵᠣᠬᠢᠴᠠᠯᠳᠣᠨ ᠬᠦᠭᠵᠢᠬᠦ ᠠᠵᠢᠯ ᠳᠤ ᠢᠳᠡᠪᠬᠢᠲᠠᠢ ᠣᠷᠣᠯᠴᠠᠨ᠂ ᠪᠡᠭᠡᠵᠢᠩ᠂ ᠲᠢᠶᠠᠨᠵᠢᠨ᠂ ᠾᠧᠪᠧᠢ᠂ ᠬᠦᠬᠡᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠬᠦᠭᠵᠢᠭᠰᠡᠨ ᠣᠷᠣᠨ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠬᠤ ᠰᠠᠯᠪᠣᠷᠢ ᠪᠠᠭ᠎ᠠ ᠳᠣᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠦ ᠂ ᠠᠶᠢᠯᠴᠢᠯᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠲᠣᠰᠬᠠᠢ ᠬᠤᠳᠠᠯᠳᠤᠭᠠᠴᠢᠨ ᠤᠷᠢᠬᠤ᠂ ᠫᠷᠦᠭᠷᠡᠮ ᠬᠤᠷᠠᠯ ᠠᠴᠠ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠨᠢᠭᠡ ᠪᠦᠯᠦᠭ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠤᠳ ᠢ ᠪᠦᠬᠦ ᠬᠦᠴᠦᠨ ᠢᠶᠠᠷ ᠢᠶᠠᠨ ᠲᠡᠮᠡᠴᠡᠨ ᠣᠯᠣᠨ᠎ᠠ᠃ ᠵᠢᠯ ᠳᠤ ᠨᠠᠭᠠᠲᠤ ᠵᠠᠬ᠎ᠠ ᠳᠠᠭᠠᠨ ᠳ᠋ᠦᠩᠰᠢᠭᠤᠷ ᠲᠦᠭᠦᠷᠢᠭ ᠠᠴᠠ ᠳᠡᠭᠡᠭᠰᠢ ᠲᠣᠮᠦ ᠲᠦᠷᠦᠯ ᠵᠦᠢᠯ ᠢ ᠠᠷᠪᠠ ᠣᠷᠢᠨ ᠠᠪᠴᠢᠷᠠᠨ᠎ᠠ᠃ ᠲᠦᠷᠦᠯ ᠵᠦᠢᠯ ᠤᠨ ᠵᠣᠬᠢᠴᠠᠭᠤᠯᠬᠤ ᠶᠢ ᠴᠢᠩᠭᠠᠳᠬᠠᠨ᠂ ᠰᠢᠶᠠᠨ ᠤ ᠱᠠᠲᠣᠨ ᠤ ᠣᠳᠣᠷᠢᠳᠣᠯᠭ᠎ᠠ ᠠᠴᠠ ᠭᠤᠣᠯᠳᠠᠯᠭᠠᠲᠣ ᠠᠵᠦ ᠦᠢᠯᠡᠰ᠂ ᠠᠵᠦ ᠠᠬᠤᠶᠢᠯᠠᠯ᠂ ᠲᠦᠷᠦᠯ ᠵᠦᠢᠯ ᠤᠳ ᠢ ᠳᠠᠭᠠᠭᠠᠴᠢᠯᠠᠨ ᠬᠠᠷᠢᠭᠤᠴᠠᠯᠭᠠᠲᠣ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠨᠢᠭᠡ ᠠᠵᠦ ᠠᠬᠤᠶᠢᠯᠠᠯ ᠨᠢᠭᠡ ᠲᠦᠷᠦ ᠶᠢᠨ ᠪᠣᠳᠣᠯᠭ᠎ᠠ᠂ ᠨᠢᠭᠡ ᠲᠦᠷᠦᠯ ᠵᠦᠢᠯ ᠳᠤ ᠨᠢᠭᠡ ᠲᠦᠷᠦ ᠶᠢᠨ ᠪᠣᠳᠣᠯᠭ᠎ᠠ ᠲᠣᠬᠢᠷᠠᠭᠤᠯᠵᠣ᠂ ᠠᠵᠦ ᠠᠬᠤᠶᠢᠯᠠᠯ ᠤᠨ ᠡᠷᠭᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠳᠠᠬᠢ ᠬᠦᠴᠢᠷᠳᠡᠯ ᠪᠠ ᠠᠰᠠᠭᠤᠲᠠᠯ ᠳᠤ ᠴᠠᠭ ᠲᠣᠬᠠᠢ ᠳᠤ ᠨᠢ ᠰᠣᠳᠣᠯᠣᠨ ᠰᠢᠢᠳᠪᠦᠷᠢᠯᠡᠬᠦ ᠬᠡᠷᠡᠭᠲᠡᠢ᠃ ᠲᠦᠪ ᠤᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠠᠴᠠ ᠠᠷᠠᠳ ᠠᠴᠠ ᠡᠷᠬᠢᠯᠡᠭᠰᠡᠨ ᠠᠵᠦ ᠠᠬᠤᠢ ᠶᠢᠨ ᠬᠦᠭᠵᠢᠯᠲᠡ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ᠲᠦᠷᠦ ᠶᠢᠨ ᠪᠣᠳᠣᠯᠭ᠎ᠠ ᠶᠢᠨ ᠣᠨᠣᠪᠴᠢᠲᠦ ᠴᠢᠨᠠᠷ ᠶᠢᠨ ᠳᠡᠮᠵᠢᠯᠭᠡ ᠶᠢ ᠳᠡᠭᠡᠭᠰᠢᠯᠡᠭᠦᠯᠵᠦ᠂ ᠳᠣᠲᠣᠨᠣ ᠠᠷᠢᠭᠤᠨ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠣᠭᠠᠴᠢᠨ ᠤ ᠬᠠᠷᠢᠴᠠᠭ᠎ᠠ ᠶᠢ ᠪᠠᠶᠢᠭᠤᠯᠵᠣ᠂ ᠠᠷᠠᠳ ᠠᠴᠠ ᠡᠷᠬᠢᠯᠡᠭᠰᠡᠨ ᠠᠵᠦ ᠠᠬᠤᠢ ᠶᠢᠨ ᠬᠦᠭᠵᠢᠯᠲᠡ ᠶᠢ ᠬᠦᠴᠦᠯᠡᠨ ᠠᠬᠢᠭᠤᠯᠣᠨ᠎ᠠ᠃     ︵ᠵᠢᠷᠭᠤᠭ᠎ᠠ︶ ᠪᠦᠲᠦᠭᠡᠨ ᠪᠠᠶᠢᠭᠤᠯᠣᠯᠲᠠ ᠶᠢ ᠠᠳᠬᠤᠵᠣ᠂ ᠬᠠᠮᠢᠶᠠᠷᠣᠯᠲᠠ ᠶᠢ ᠴᠢᠩᠭᠠᠳᠬᠠᠨ᠂ ᠬᠤᠲᠠ ᠬᠦᠳᠡᠭᠡ ᠶᠢᠨ ᠬᠦᠭᠵᠢᠯᠲᠡ ᠶᠢ ᠨᠢᠭᠡᠲᠦᠯᠲᠠᠢ ᠬᠦᠭᠵᠢᠭᠦᠯᠦᠨ᠎ᠡ      ᠬᠤᠲᠠ ᠶᠢᠨ ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠭᠤᠷᠪᠠᠨ ᠬᠤᠲᠠ︾ ᠶᠢ ᠬᠠᠮᠲᠣᠪᠡᠷ ᠪᠠᠶᠢᠭᠤᠯᠬᠤ ᠪᠠᠷ ᠶᠡᠷᠦᠩᠬᠡᠢ ᠵᠢᠯᠣᠭᠤᠳᠣᠯᠭ᠎ᠠ ᠪᠣᠯᠭᠠᠨ᠂ ᠰᠢᠨ᠎ᠡ ᠬᠠᠭᠤᠴᠢᠨ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠣᠯᠲᠠ ᠬᠢᠭᠡᠳ ᠦᠭᠡᠷᠡᠴᠢᠯᠡᠯᠲᠡ ᠶᠢ ᠨᠢᠭᠡᠲᠦᠯᠲᠠᠢ ᠲᠦᠯᠦᠪᠯᠡᠨ ᠠᠬᠢᠭᠤᠯᠵᠣ᠂ ᠬᠤᠲᠠ ᠶᠢᠨ ᠰᠠᠭᠤᠷᠢ ᠲᠦᠭᠦᠭᠡᠷᠦᠮᠵᠢ ᠪᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠰᠢᠩ ᠹᠠ ᠵᠡᠭᠦᠨ ᠵᠡᠭᠡᠯᠢ᠂ ᠢᠦᠢ ᠼᠠᠢ ᠵᠡᠭᠡᠯᠢ᠂ ᠰᠠᠶᠢᠨ ᠤᠰᠤ ᠵᠠᠮ᠂ ᠯᠣᠣ ᠯᠢ ᠬᠠᠢ ᠵᠠᠮ ᠵᠡᠷᠭᠡ ᠵᠡᠭᠡᠯᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠯᠡᠨ ᠠᠬᠢᠭᠤᠯᠣᠨ᠎ᠠ᠃      ᠰᠢᠨ᠎ᠡ ᠬᠤᠲᠠ ᠶᠢᠨ ᠲᠣᠭᠤᠷᠢᠭ ᠤᠨ ᠰᠢᠨ ᠱᠢ ᠵᠢᠢ ᠠᠭᠤᠳᠠᠮ ᠲᠠᠯᠠᠪᠠᠢ᠂ ᠬᠠᠭᠤᠴᠢᠨ ᠬᠤᠲᠠ ᠶᠢᠨ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠶᠢ ᠦᠭᠡᠷᠡᠴᠢᠯᠡᠨ ᠲᠡᠭᠦᠯᠳᠡᠷᠵᠢᠭᠦᠯᠦᠨ᠎ᠡ᠃ ᠰᠢᠨ᠎ᠡ ᠪᠠᠷ ᠤᠰᠣ ᠪᠠᠷ ᠴᠡᠪᠡᠷᠯᠡᠬᠦ ᠵᠣᠷᠯᠣᠩ ᠢ 15 ᠰᠠᠭᠤᠷᠢ ᠪᠠᠶᠢᠭᠤᠯᠣᠨ᠎ᠠ᠃ ᠰᠢᠨ᠎ᠡ ᠪᠠᠷ ᠴᠡᠪᠡᠷᠵᠢᠭᠰᠡᠨ ᠤᠰᠣᠨ ᠤ ᠬᠤᠭᠤᠯᠠᠢ ᠶᠢᠨ ᠲᠣᠣᠷ ᠢ 5.5 ᠺᠢᠯᠣᠮᠧᠲᠷ᠂ ᠪᠣᠬᠢᠷᠲᠣᠯ ᠤᠰᠣᠨ ᠤ ᠬᠤᠭᠤᠯᠠᠢ ᠶᠢᠨ ᠲᠣᠣᠷ ᠢ 3.3 ᠺᠢᠯᠣᠮᠧᠲᠷ ᠪᠠᠶᠢᠭᠤᠯᠵᠣ᠂ ᠴᠡᠪᠡᠷᠵᠢᠭᠰᠡᠨ ᠣᠰᠣᠨ ᠤ ᠣᠷᠴᠢᠵᠤ ᠬᠡᠷᠡᠭᠯᠡᠬᠦ ᠬᠢᠭᠡᠳ ᠪᠣᠬᠢᠷᠲᠣᠯ ᠤᠰᠣ ᠶᠢ ᠰᠢᠢᠳᠪᠦᠷᠢᠯᠡᠬᠦ ᠲᠠᠯᠠᠪᠣᠷ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠨᠡᠳᠬᠡᠨ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ ᠬᠠᠭᠤᠴᠢᠨ ᠬᠤᠲᠠ ᠶᠢᠨ ᠲᠣᠭᠤᠷᠢᠭ ᠤᠨ ᠹᠦ᠋ ᠷᠦᠢ ᠰᠠᠭᠤᠭᠠᠯᠢ ᠠᠷᠠᠳ ᠤᠨ ᠲᠣᠭᠤᠷᠢᠭ ᠵᠡᠷᠭᠡ ᠳᠦᠭᠦᠮ ᠪᠦᠲᠦᠴᠡᠲᠦ ᠣᠷᠣᠨ ᠰᠠᠭᠤᠴᠠ ᠶᠢᠨ ᠪᠣᠴᠠᠨ ᠨᠡᠭᠦᠭᠦ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠭᠡᠷᠡᠭᠵᠢᠭᠦᠯᠦᠨ᠎ᠡ᠃ ᠦᠨᠳᠦᠷ ᠬᠤᠷᠳᠣᠴᠠᠲᠣ ᠲᠡᠮᠦᠷ ᠵᠠᠮ ᠤᠨ ᠲᠣᠭᠤᠷᠢᠭ ᠤᠨ ᠣᠨᠴᠠᠯᠢᠭᠲᠤ ᠵᠢᠵᠢᠭ ᠪᠠᠯᠭᠠᠰᠣᠨ ᠤ ᠪᠦᠲᠦᠭᠡᠨ ᠪᠠᠶᠢᠭᠤᠯᠣᠯᠲᠠ ᠶᠢᠨ ᠲᠣᠭᠤᠷᠢᠨ ᠳᠤ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠴᠢᠩᠭᠠᠳᠬᠠᠨ᠎ᠠ᠃ ᠬᠤᠲᠠ ᠶᠢᠨ ᠬᠠᠮᠢᠶᠠᠷᠣᠯᠲᠠ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠪᠠᠶᠢᠭᠤᠯᠣᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠬᠠᠣᠯᠢ ᠪᠣᠰᠤ ᠪᠠᠷᠢᠯᠭ᠎ᠠ᠂ ᠬᠤᠲᠠ ᠶᠢᠨ ᠳᠦᠷᠢ ᠳᠦᠷᠬᠦ ᠶᠢᠨ ᠶᠡᠷᠦᠩᠬᠡᠢ ᠵᠠᠰᠠᠯᠲᠠ ᠶᠢ ᠴᠢᠩᠭᠠᠳᠬᠠᠵᠤ᠂ ᠬᠤᠲᠠ ᠶᠢᠨ ᠳᠦᠷᠢ ᠳᠦᠷᠬᠦ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠳᠣᠳᠬᠠᠨ ᠳᠡᠭᠡᠭᠰᠢᠯᠡᠭᠦᠯᠦᠨ᠎ᠡ᠃ ︽ᠲᠣᠮᠣ ᠳ᠋ᠠᠶᠢᠲ᠋ᠠ︾ ︽ᠢᠨᠲ᠋ᠧᠷᠨᠧᠲ +︾ ᠵᠡᠷᠭᠡ ᠬᠤᠲᠠ ᠶᠢᠨ ᠬᠠᠮᠢᠶᠠᠷᠣᠯᠲᠠ ᠶᠢᠨ ᠰᠢᠨ᠎ᠡ ᠬᠡᠪ ᠵᠠᠭᠪᠣᠷ ᠢ ᠢᠳᠡᠪᠬᠢᠲᠠᠢ ᠪᠠᠷ ᠰᠦᠪᠡᠭᠴᠢᠯᠡᠨ᠂ ᠠᠯᠬᠤᠮ ᠠᠯᠬᠤᠮ ᠢᠶᠠᠷ ᠬᠠᠮᠲᠣᠷᠠᠨ ᠬᠦᠳᠡᠯᠦᠯᠴᠡᠵᠤ᠂ ᠴᠣᠭᠠᠷ ᠠᠳᠬᠤᠨ᠂ ᠬᠠᠮᠲᠣᠪᠠᠷ ᠬᠠᠮᠢᠶᠠᠷᠣᠭᠰᠠᠨ ︽ᠶᠡᠭᠡ ᠬᠤᠲᠠ ᠶᠢᠨ ᠬᠠᠮᠢᠶᠠᠷᠣᠯᠲᠠ︾ ᠶᠢᠨ ᠪᠠᠶᠢᠳᠠᠯ ᠢ ᠪᠦᠷᠢᠯᠳᠦᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠣᠯᠲᠠ ᠶᠢᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠤ ᠲᠣᠰᠬᠠᠯ ᠴᠢᠩᠭ᠎ᠠ ᠪᠠᠶᠢᠭ᠎ᠠ ᠤᠰᠣ᠂ ᠴᠠᠬᠢᠯᠭᠠᠨ᠂ ᠲᠣᠯᠠᠭᠠᠴᠠᠯᠭ᠎ᠠ ᠶᠢᠨ ᠬᠠᠩᠭᠠᠯᠭ᠎ᠠ ᠶᠢᠨ ᠪᠠᠲᠣᠯᠭ᠎ᠠ ᠬᠢᠭᠡᠳ ᠠᠳᠠᠯ ᠠᠬᠤᠢ ᠶᠢᠨ ᠦᠢᠯᠡᠴᠢᠯᠡᠭᠡ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠤ ᠪᠠᠶᠢᠭᠤᠯᠣᠯᠲᠠ ᠶᠢ ᠲᠦᠷᠭᠡᠳᠬᠡᠨ᠎ᠡ᠃ ᠬᠦᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠮᠬᠢ ᠵᠢᠷᠦᠮ ᠲᠠᠢ ᠲᠦᠯᠬᠢᠨ ᠠᠬᠢᠭᠤᠯᠵᠣ᠂ ᠬᠤᠭ ᠨᠣᠪᠰᠢ᠂ ᠪᠣᠬᠢᠷᠳᠣᠯ ᠤᠰᠣᠨ ᠤ ᠵᠠᠰᠠᠯᠲᠠ᠂ ︽ᠵᠣᠷᠯᠣᠩ ᠤᠨ ᠰᠢᠨᠡᠴᠢᠯᠡᠯᠲᠡ︾᠂ ᠲᠣᠰᠬᠤᠨ ᠤ ᠳᠦᠷᠢ ᠳᠦᠷᠬᠦ ᠴᠡᠭᠴᠡᠯᠡᠨ ᠵᠠᠰᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠴᠢᠩᠭ᠎ᠠ ᠠᠳᠬᠤᠵᠣ᠂ ᠬᠤᠭ ᠨᠤᠪᠰᠢ ᠶᠢ ᠴᠡᠪᠡᠷᠯᠡᠬᠦ᠂ ᠭᠤᠣ ᠴᠦᠬᠦᠷᠦᠮ ᠢ ᠴᠡᠪᠡᠷᠯᠡᠬᠦ᠂ ᠭᠡᠷ ᠤᠨ ᠲᠡᠵᠢᠭᠡᠪᠦᠷᠢ ᠶᠢᠨ ᠰᠢᠪᠬᠢ ᠶᠢ ᠴᠡᠪᠡᠷᠯᠡᠬᠦ ᠠᠵᠢᠯ ᠢ ᠦᠷᠨᠢᠭᠦᠯᠵᠦ᠂ ᠬᠦᠳᠡᠭᠡ ᠲᠣᠰᠬᠤᠨ ᠤ ᠰᠠᠭᠤᠭᠠᠯᠢ ᠠᠷᠠᠳ ᠤᠨ ᠰᠠᠭᠤᠬᠤ ᠣᠷᠴᠢᠨ ᠲᠣᠭᠤᠷᠢᠨ ᠤᠨ ᠮᠠᠭᠤ ᠳᠠᠳᠬᠠᠯ ᠢ ᠦᠭᠡᠷᠡᠴᠢᠯᠡᠬᠦ ︽ᠭᠤᠷᠪᠠ ᠶᠢ ᠴᠡᠪᠡᠷᠯᠡᠵᠦ᠂ ᠨᠢᠭᠡ ᠶᠢ ᠦᠭᠡᠷᠡᠴᠢᠯᠡᠬᠦ︾ ᠬᠦᠳᠡᠯᠭᠡᠭᠡᠨ ᠢ ᠬᠦᠨᠵᠡᠭᠡᠶᠢᠷᠡᠭᠦᠯᠦᠨ ᠶᠠᠪᠣᠭᠳᠠᠭᠤᠯᠵᠣ᠂ ᠦᠵᠡᠰᠭᠦᠯᠡᠩᠲᠦ ᠰᠠᠶᠢᠬᠠᠨ ᠠᠮᠢᠳᠣᠷᠠᠬᠤ ᠳᠤ ᠲᠣᠬᠢᠷᠠᠮᠵᠢᠲᠠᠢ ᠬᠦᠳᠡᠭᠡ ᠲᠣᠰᠬᠤᠨ ᠪᠤᠯᠤᠨ ᠬᠠᠮᠤᠭ ᠭᠤᠶᠣ ᠬᠦᠷᠢᠶ᠎ᠡ ᠬᠠᠰᠢᠶ᠎ᠡ ᠶᠢᠨ ᠪᠠᠶᠢᠭᠤᠯᠣᠯᠲᠠ ᠶᠢᠨ ᠬᠦᠳᠡᠯᠭᠡᠭᠡᠨ ᠢ ᠢᠳᠡᠪᠬᠢᠲᠠᠢ ᠦᠷᠨᠢᠭᠦᠯᠵᠦ᠂ ᠵᠢᠯ ᠤᠨ ᠳᠣᠲᠣᠷ᠎ᠠ ᠰᠢᠶᠠᠩ ᠪᠦᠬᠦᠨ ᠵᠢᠱᠢᠶ᠎ᠡ ᠦᠵᠡᠭᠦᠯᠬᠦ ᠲᠣᠰᠬᠤᠨ ᠲᠠᠢ ᠪᠣᠯᠬᠤ ᠶᠢ ᠪᠠᠲᠣᠯᠠᠨ᠎ᠠ᠃ ᠵᠠᠮ ᠬᠠᠷᠢᠯᠴᠠᠭᠠᠨ ᠤ ᠰᠦᠯᠵᠢᠶ᠎ᠡ ᠶᠢ ᠰᠠᠶᠢᠵᠢᠷᠠᠭᠤᠯᠬᠤ᠂ ᠠᠶᠢᠯ ᠲᠣᠰᠬᠤᠨ ᠤ ᠵᠠᠮ ᠤᠨ ᠳᠠᠷᠣᠰᠢᠭᠤᠯᠣᠯᠲᠠ ᠵᠢᠴᠢ ᠠᠮᠢ ᠨᠠᠰᠣᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠰᠠᠶᠢᠲᠣᠷ ᠬᠡᠷᠡᠭᠵᠢᠭᠦᠯᠵᠦ᠂ ︽ᠳᠦᠷᠪᠡᠨ ᠰᠠᠶᠢᠨ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠠᠳᠬᠤᠨ᠎ᠠ᠃ ᠰᠢᠨ᠎ᠡ ᠨᠢᠭᠡᠨ ᠡᠭᠡᠯᠵᠢ ᠶᠢᠨ ᠬᠦᠳᠡᠭᠡ ᠲᠣᠰᠬᠤᠨ ᠤ ᠴᠠᠬᠢᠯᠭᠠᠨ ᠲᠣᠣᠷ ᠢ ᠦᠭᠡᠷᠡᠴᠢᠯᠡᠨ ᠲᠡᠰ ᠳᠡᠪᠰᠢᠭᠦᠯᠬᠦ ᠢᠨᠵᠧᠨᠧᠷᠢᠩ ᠬᠡᠷᠡᠭᠵᠢᠭᠦᠯᠦᠨ᠎ᠡ᠃ ᠪᠦᠬᠦ ᠲᠠᠯ᠎ᠠ ᠪᠠᠷ ︽ᠤᠶᠣᠨᠴᠢ ᠷᠠᠳᠢᠣ᠋ ᠲᠧᠯᠸᠢᠰ︾ ᠤᠨ ᠢᠨᠵᠧᠨᠧᠷᠢᠩ ᠢ ᠬᠡᠷᠡᠭᠵᠢᠭᠦᠯᠦᠨ᠂ ᠬᠦᠳᠡᠭᠡ ᠲᠣᠰᠬᠤᠨ ᠤ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠦᠷᠭᠦᠯᠲᠡ ᠶᠢᠨ ᠴᠢᠨᠠᠷ ᠢ ᠳᠡᠭᠡᠭᠰᠢᠯᠡᠭᠦᠯᠦᠨ᠎ᠡ᠃ ᠬᠦᠳᠡᠭᠡ ᠲᠣᠰᠬᠤᠨ ᠤ ᠦᠷᠭᠡᠨ ᠵᠣᠷᠪᠣᠰ ᠤᠨ ᠰᠦᠯᠵᠢᠶ᠎ᠡ ᠪᠤᠯᠤᠨ ᠳᠦᠷᠪᠡᠳᠦᠭᠡᠷ ᠦᠶ᠎ᠡ ᠶᠢᠨ ᠰᠢᠯᠵᠢᠮᠡᠯ ᠬᠤᠯᠪᠣᠭ᠎ᠠ ᠶᠢᠨ ᠰᠦᠯᠵᠢᠶ᠎ᠡ ᠶᠢᠨ ᠪᠦᠷᠭᠦᠯᠲᠡ ᠶᠢᠨ ᠠᠬᠢᠴᠠ ᠶᠢ ᠲᠦᠷᠭᠡᠳᠬᠡᠵᠦ᠂ ᠪᠦᠷᠭᠦᠯᠲᠡ ᠶᠢᠨ ᠨᠤᠷᠮ᠎ᠠ ᠶᠢ 75% ᠳᠤ ᠬᠦᠷᠬᠡᠭᠦ ᠪᠠᠷ ᠴᠢᠷᠮᠠᠶᠢᠨ᠎ᠠ᠃ ᠬᠦᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠰᠢᠨᠡᠴᠢᠯᠡᠵᠦ᠂ ᠬᠦᠳᠡᠭᠡ ᠲᠣᠰᠬᠤᠨ ᠤ ᠠᠳᠠᠯ ᠠᠬᠤᠶᠢᠴᠢᠯᠠᠭᠰᠠᠨ ᠬᠠᠮᠢᠶᠠᠷᠦᠯᠲᠠ ᠶᠢᠨ ᠵᠠᠭᠪᠣᠷ ᠢ ᠢᠳᠡᠪᠬᠢᠲᠠᠢ ᠪᠠᠷ ᠰᠦᠪᠡᠭᠴᠢᠯᠡᠵᠦ᠂ ᠦᠪᠡᠷᠲᠡᠭᠡᠨ ᠵᠠᠰᠠᠬᠤ ᠪᠠᠷ ᠰᠠᠭᠤᠷᠢ ᠪᠣᠯᠭᠠᠨ᠂ ᠬᠠᠣᠯᠢ ᠪᠠᠷ ᠵᠠᠰᠠᠬᠤ ᠪᠠᠷ ᠦᠨᠳᠦᠰᠦ ᠪᠣᠯᠭᠠᠨ᠂ ᠰᠣᠷᠲᠠᠯ ᠢᠶᠠᠷ ᠵᠠᠰᠠᠬᠤ ᠪᠠᠷ ᠤᠷᠢᠳᠠᠯ ᠪᠣᠯᠭᠠᠭᠰᠠᠨ ᠵᠠᠰᠠᠯᠲᠠ ᠶᠢᠨ ᠪᠠᠶᠢᠳᠠᠯ ᠢ ᠪᠦᠷᠢᠯᠳᠦᠭᠦᠯᠦᠨ᠎ᠡ᠃     ︵ᠳᠣᠯᠤᠭ᠎ᠠ︶ ᠪᠠᠲᠣᠯᠭ᠎ᠠ ᠶᠢ ᠠᠳᠬᠤᠵᠣ᠂ ᠠᠷᠠᠳ ᠤᠨ ᠠᠮᠢᠳᠣᠷᠠᠯ ᠳᠤ ᠠᠰᠢᠭ ᠬᠦᠷᠳᠡᠬᠡᠵᠦ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠪᠠᠷ ᠬᠦᠴᠦᠯᠡᠨ᠎ᠡ      ᠤᠷᠢᠳᠠᠪᠡᠷ ᠠᠵᠢᠯ ᠣᠯᠭᠤᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠶᠡᠭᠡ ᠰᠣᠷᠭᠠᠭᠤᠯᠢ ᠶᠢᠨ ᠤᠶᠣᠨᠳᠠᠳ᠂ ᠬᠦᠳᠡᠭᠡ ᠲᠣᠰᠬᠤᠨ ᠤ ᠰᠢᠯᠵᠢᠯᠲᠡ ᠶᠢᠨ ᠴᠢᠨᠠᠷᠲᠠᠢ ᠬᠦᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠠᠢ ᠬᠦᠮᠦᠰ ᠵᠢᠴᠢ ᠵᠡᠮᠳᠡᠭᠴᠦᠳ ᠵᠡᠷᠭᠡ ᠭᠤᠣᠯᠲᠠᠯᠭ᠎ᠠ ᠲᠠᠢ ᠬᠠᠮᠲᠣᠯᠢᠭ ᠤᠨ ᠠᠵᠢᠯ ᠣᠯᠭᠤᠯᠲᠠ ᠶᠢ ᠪᠦᠬᠦ ᠬᠦᠴᠦᠨ ᠢᠶᠠᠷ ᠪᠠᠲᠣᠯᠠᠵᠣ᠂ ᠵᠢᠯ ᠤᠨ ᠳᠣᠲᠣᠷ᠎ᠠ᠂ ᠬᠤᠲᠠ ᠪᠠᠯᠭᠠᠰᠣᠨ ᠤ ᠠᠵᠢᠯ ᠣᠯᠭᠤᠯᠲᠠ ᠳᠤ ᠰᠢᠨ᠎ᠡ ᠪᠠᠷ 990 ᠬᠦᠮᠦᠨ ᠨᠡᠮᠡᠭᠳᠡᠵᠦ᠂ ᠤᠶᠣᠨᠲᠠᠳ ᠬᠢᠭᠡᠳ ᠨᠤᠲᠤᠭ ᠲᠤ ᠪᠠᠨ ᠪᠣᠴᠠᠬᠤ ᠲᠠᠷᠢᠶᠠᠴᠢᠳ ᠤᠨ ᠦᠢᠯᠡᠰ ᠪᠣᠰᠬᠠᠬᠤ ᠶᠢ ᠳᠡᠮᠵᠢᠵᠦ᠂ ᠬᠦᠳᠡᠭᠡ ᠲᠣᠰᠬᠤᠨ ᠤ ᠬᠦᠳᠡᠯᠮᠦᠷᠢ ᠬᠦᠴᠦᠨ ᠤ ᠠᠵᠢᠯ ᠮᠡᠷᠭᠡᠵᠢᠯ ᠤᠨ ᠪᠣᠯᠪᠠᠰᠣᠷᠠᠯ ᠤᠨ ᠠᠩᠬᠢ ᠳᠤ 1000 ᠬᠦᠮᠦᠨ ᠢ ᠣᠷᠣᠯᠴᠠᠭᠤᠯᠵᠣ᠂ ᠦᠢᠯᠡᠰ ᠪᠣᠰᠬᠠᠬᠤ ᠪᠣᠯᠪᠠᠰᠣᠷᠠᠯ ᠤᠨ ᠠᠩᠬᠢ ᠳᠤ 209 ᠬᠦᠮᠦᠨ ᠢ ᠣᠷᠣᠯᠴᠠᠭᠤᠯᠵᠠᠢ᠃ ᠦᠢᠯᠡᠰ ᠪᠤᠰᠬᠠᠬᠤ ᠡᠷᠡᠮᠡᠯᠵᠡᠯ ᠲᠠᠢ᠂ ᠲᠦᠷᠦ ᠶᠢᠨ ᠪᠣᠳᠣᠯᠭ᠎ᠠ ᠳᠤ ᠨᠡᠶᠢᠴᠡᠬᠦ ᠡᠯ᠎ᠡ ᠲᠦᠷᠦᠯ ᠤᠨ ᠬᠦᠮᠦᠰ ᠲᠤ ᠦᠷᠭᠦᠯᠵᠢᠯᠡᠨ ᠦᠢᠯᠡᠰ ᠪᠣᠰᠬᠠᠬᠤ ᠳᠠᠭᠠᠭᠠᠯᠳᠠᠲᠣ ᠵᠢᠭᠡᠯᠡᠯᠭᠡ ᠶᠢ ᠬᠦᠷᠲᠡᠭᠡᠨ᠎ᠡ᠃      ᠶᠡᠭᠡ ᠬᠦᠴᠦᠨ ᠢᠶᠠᠷ ᠰᠣᠷᠭᠠᠨ ᠬᠦᠮᠦᠵᠢᠯ ᠰᠣᠶᠣᠯ ᠤᠨ ᠦᠢᠯᠡᠰ ᠢ ᠬᠦᠭᠵᠢᠭᠦᠯᠦᠨ᠎ᠡ᠃ ᠠᠷᠠᠳ ᠲᠦᠮᠡᠨ ᠤ ᠰᠡᠳᠬᠢᠯ ᠬᠠᠨᠦᠮᠵᠢᠲᠠᠢ ᠰᠣᠷᠭᠠᠨ ᠬᠦᠮᠦᠵᠢᠯ ᠢ ᠰᠠᠶᠢᠲᠣᠷ ᠬᠢᠬᠦ ᠶᠢ ᠪᠠᠷᠢᠮᠲᠠᠯᠠᠵᠤ᠂ ᠰᠣᠷᠭᠠᠭᠤᠯᠢ ᠶᠢᠨ ᠵᠠᠬᠢᠷᠣᠯ ᠬᠢᠭᠡᠳ ᠪᠠᠭᠰᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂ ᠪᠦᠬᠦ ᠲᠠᠯ᠎ᠠ ᠪᠠᠷ ᠳᠣᠮᠲᠠ ᠪᠠᠭ᠎ᠠ ᠰᠣᠷᠭᠠᠭᠤᠯᠢ᠂ ᠬᠡᠣᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠳᠦᠷᠢᠮ ᠢ ᠬᠡᠷᠡᠭᠵᠢᠭᠦᠯᠦᠨ᠎ᠡ᠃ ᠰᠣᠷᠭᠠᠨ ᠬᠦᠮᠦᠵᠢᠯ ᠤᠨ ᠣᠷᠣᠭᠤᠯᠣᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠦ᠂ ᠱᠦ ᠭᠤᠸᠠᠩ ᠪᠠᠭ᠎ᠠ ᠰᠣᠷᠭᠠᠭᠤᠯᠢ᠂ ᠵᠢᠩ ᠮᠧᠩ ᠬᠡᠣᠬᠡᠳ ᠤᠨ ᠴᠡᠴᠡᠷᠯᠢᠭ᠂ ᠢᠦᠢ ᠶᠢᠩ ᠬᠡᠣᠬᠡᠳ ᠤᠨ ᠴᠡᠴᠡᠷᠯᠢᠭ᠂ ᠰᠢᠨ᠎ᠡ ᠲᠣᠭᠤᠷᠢᠭ ᠤᠨ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠠᠰᠠᠷ ᠢ ᠨᠠᠮᠤᠷ ᠲᠤ ᠠᠰᠢᠭᠯᠠᠯᠲᠠ ᠳᠤ ᠣᠷᠣᠬᠤ ᠶᠢ ᠪᠠᠲᠣᠯᠠᠵᠤ᠂ ᠰᠣᠷᠣᠭᠴᠢ ᠣᠯᠠᠨᠲᠠᠢ ᠠᠩᠬᠢ ᠪᠠ ᠬᠡᠣᠬᠡᠳ ᠤᠨ ᠴᠡᠴᠡᠷᠯᠢᠭ ᠲᠤ ᠣᠷᠣᠬᠤ ᠬᠦᠴᠢᠷ ᠠᠰᠠᠭᠤᠳᠠᠯ ᠢ ᠲᠣᠶᠢᠯᠪᠦᠷᠢᠲᠠᠢ ᠰᠢᠢᠳᠪᠦᠷᠢᠯᠡᠨ᠎ᠡ᠃ ᠬᠤᠪᠢ ᠶᠢᠨ ᠪᠠᠶᠢᠭᠤᠯᠣᠭᠰᠠᠨ ᠬᠡᠣᠬᠡᠳ ᠤᠨ ᠴᠡᠴᠡᠷᠯᠢᠭ ᠤᠨ ᠬᠠᠮᠢᠶᠠᠷᠣᠯᠲᠠ ᠶᠢ ᠴᠢᠩᠭᠠᠳᠬᠠᠵᠤ᠂ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠰᠣᠷᠢᠯᠲᠠ ᠶᠢᠨ ᠪᠠᠶᠢᠭᠤᠯᠣᠮᠵᠢ ᠶᠢ ᠳᠦᠷᠢᠮᠵᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠦᠨᠵᠡᠭᠡᠢ ᠶᠠᠪᠣᠭᠳᠠᠭᠤᠯᠣᠨ᠂ ᠬᠦᠳᠡᠭᠡ ᠲᠣᠰᠬᠤᠨ ᠤ ᠦᠨᠳᠦᠰᠦᠨ ᠱᠠᠲᠣᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠂ ᠰᠢᠶᠠᠨ ᠤ ᠳᠡᠰ ᠤᠨ ᠰᠣᠶᠣᠯ ᠤᠨ ᠲᠠᠯᠠᠪᠠᠢ ᠶᠢ ᠣᠯᠣᠰ ᠤᠨ ᠭᠤᠷᠪᠠᠳᠣᠭᠠᠷ ᠳᠡᠰ ᠲᠤ ᠬᠦᠷᠭᠡᠬᠦ ᠪᠠᠷ ᠴᠢᠷᠮᠠᠶᠢᠨ᠂ ᠰᠢᠶᠠᠩ ᠪᠠᠯᠭᠠᠰᠣᠨ ᠤ ᠶᠡᠷᠦᠩᠬᠡᠶᠢᠯᠡᠭᠰᠡᠨ ᠰᠣᠶᠣᠯ ᠤᠨ ᠦᠷᠲᠡᠭᠡ ᠪᠦᠬᠦᠨ ᠢ ᠪᠠᠷᠢᠮᠵᠢᠶ᠎ᠠ ᠳᠤ ᠬᠦᠷᠭᠡᠨ᠎ᠡ᠃ ︽ᠭᠤᠷᠪᠠᠨ ᠲᠣᠰᠬᠠᠢ ᠣᠷᠣᠨ ᠤ ᠴᠢᠳᠠᠪᠦᠷᠢᠲᠠᠨ︾ ᠢ ᠪᠣᠯᠪᠠᠰᠣᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠬᠦᠭᠵᠢᠯᠲᠡ ᠶᠢ ᠢᠳᠡᠪᠬᠢᠲᠠᠢ ᠳᠡᠮᠵᠢᠨ᠎ᠠ᠃ ᠰᠣᠶᠣᠯ ᠢ ᠦᠨᠳᠦᠰᠦᠨ ᠱᠠᠲᠣᠨ ᠳᠤ ᠬᠦᠷᠭᠡᠬᠦ᠂ ︽ᠰᠣᠶᠣᠯ ᠢ ᠲᠦᠮᠡᠨ ᠡᠷᠦᠬᠡᠨ ᠳᠤ ᠬᠦᠷᠭᠡᠬᠦ︾᠂ ︽ᠺᠢᠨᠣ᠋ ᠬᠦᠷᠭᠡᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠰᠣᠶᠣᠯ ᠤᠨ ᠦᠢᠯᠡᠰ ᠤᠨ ᠬᠦᠭᠵᠢᠯᠲᠡ ᠶᠢ ᠢᠳᠡᠪᠬᠢᠲᠠᠢ ᠵᠣᠷᠢᠭᠵᠢᠭᠤᠯᠣᠨ᠂ ᠨᠢᠭᠡ ᠪᠦᠯᠦᠭ ᠰᠢᠯᠢᠳᠡᠭ ᠤᠷᠠᠯᠢᠭ ᠤᠨ ᠴᠢᠳᠠᠪᠦᠷᠢᠲᠠᠨ ᠢ ᠬᠦᠮᠦᠵᠢᠭᠦᠯᠬᠦ ᠪᠤᠯᠤᠨ ᠣᠷᠢᠨ ᠠᠪᠴᠢᠷᠠᠵᠦ᠂ ᠨᠢᠭᠡ ᠪᠦᠯᠦᠭ ᠰᠢᠯᠢᠳᠡᠭ ᠣᠷᠠᠯᠢᠭ ᠤᠨ ᠪᠦᠲᠦᠭᠡᠯ ᠢ ᠡᠭᠦᠳᠦᠨ ᠪᠦᠲᠦᠭᠡᠬᠦ ᠪᠦᠭᠡᠳ ᠳᠡᠯᠭᠡᠷᠡᠭᠦᠯᠦᠨ᠎ᠡ᠃ ᠴᠢᠨ ᠣᠯᠣᠰ ᠤᠨ ᠤᠷᠲᠦ ᠴᠠᠭᠠᠨ ᠬᠡᠷᠡᠮ᠂ ᠮᠢᠩ ᠣᠯᠣᠰ ᠤᠨ ᠤᠷᠲᠦ ᠴᠠᠭᠠᠨ ᠬᠡᠷᠡᠮ᠂ ᠤᠯᠠᠮᠵᠢᠯᠠᠯᠲᠤ ᠬᠦᠳᠡᠭᠡ ᠲᠣᠰᠬᠤᠨ᠂ ᠵᠠᠩ ᠦᠢᠯᠡ ᠶᠢᠨ ᠪᠠᠷᠢᠯᠭ᠎ᠠ ᠵᠡᠷᠭᠡ ᠲᠡᠣᠬᠡᠨ ᠳᠣᠷᠠᠰᠬᠠᠯᠲᠣ ᠡᠳ᠋ ᠪᠤᠯᠤᠨ ᠰᠣᠶᠣᠯ ᠤᠨ ᠦᠪ ᠤᠨ ᠬᠠᠮᠠᠭᠠᠯᠠᠨ ᠠᠰᠢᠭᠯᠠᠬᠤ ᠠᠵᠢᠯ ᠢ ᠲᠠᠰᠣᠷᠠᠯᠲᠠ ᠦᠭᠡᠢ ᠴᠢᠩᠭᠠᠳᠬᠠᠨ᠎ᠠ᠃      ᠡᠮ ᠡᠮᠨᠡᠯᠭᠡ ᠬᠢᠭᠡᠳ ᠨᠡᠶᠢᠭᠡᠮ ᠤᠨ ᠪᠠᠲᠣᠯᠠᠪᠣᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠸᠠᠺᠽᠢᠨ ᠲᠠᠷᠢᠬᠤ ᠠᠵᠢᠯ ᠢ ᠴᠢᠩᠭ᠎ᠠ ᠵᠢᠷᠣᠮᠵᠢᠭᠤᠯᠵᠣ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠦᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠷ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶ᠎ᠠ ᠪᠣᠯᠣᠨ ᠰᠢᠶᠠᠩ ᠪᠠᠯᠭᠠᠰᠣᠨ ᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠲᠦᠬᠦᠭᠡᠷᠦᠮᠵᠢ ᠶᠢ ᠨᠢᠭᠡᠳᠬᠡᠨ᠂ ᠡᠮ ᠡᠮᠨᠡᠯᠭᠡ ᠶᠢᠨ ᠮᠡᠷᠭᠡᠵᠢᠯᠲᠡᠨ ᠤ ᠪᠦᠬᠦᠯᠢ ᠴᠣᠭᠴᠠ ᠶᠢᠨ ᠴᠢᠳᠠᠪᠦᠷᠢ ᠪᠤᠯᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠣᠲᠣᠷ ᠰᠠᠯᠠᠭᠠᠨ ᠤ ᠠᠰᠠᠷ᠂ ᠵᠡᠮᠳᠡᠭᠴᠦᠳ ᠤᠨ ᠳᠠᠭᠠᠭᠠᠯᠭᠠᠵᠣ ᠠᠰᠠᠷᠠᠭᠤᠯᠬᠤ ᠪᠤᠯᠤᠨ ᠡᠷᠡᠭᠦᠯᠵᠢᠬᠦ ᠲᠦᠪ ᠢ ᠪᠠᠶᠢᠭᠤᠯᠵᠣ᠂ ᠠᠰᠢᠭᠯᠠᠯᠲᠠ ᠳᠤ ᠣᠷᠣᠭᠤᠯᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢ ︽ᠬᠤᠶᠠᠳᠣᠭᠠᠷ ᠳᠡᠰ ᠤᠨ ᠬᠦᠬᠡ ᠵᠡᠷᠭᠡ︾ ᠶᠢᠨ ᠡᠮᠨᠡᠯᠭᠡ ᠶᠢᠨ ᠬᠢᠨᠠᠯᠲᠠ ᠶᠢ ᠦᠩᠭᠡᠷᠡᠭᠦᠯᠦᠨ᠎ᠡ᠃ ᠪᠡᠭᠡᠵᠢᠩ ᠤᠨ ᠨᠡᠷᠡᠲᠦ ᠡᠮᠨᠡᠯᠭᠡ ᠶᠢᠨ ᠬᠤᠷᠢᠶ᠎ᠠ  ᠲᠠᠢ ᠬᠠᠮᠲᠣᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 98% ᠳᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠣᠲᠠᠨ ᠤ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ᠬᠤᠲᠠ ᠪᠠᠯᠭᠠᠰᠣᠨ ᠤ ᠠᠵᠢᠯᠲᠠᠨ ᠤ ᠨᠠᠰᠣᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠦᠷᠭᠡᠳᠬᠡᠨ᠂ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠲᠣᠷ ᠬᠢᠵᠦ᠂ ᠪᠠᠲᠣᠯᠠᠪᠠᠰᠣ ᠵᠣᠬᠢᠬᠤ ᠪᠦᠬᠦᠨ ᠢ ᠪᠠᠳᠣᠯᠠᠨ᠎ᠠ᠃ ᠵᠡᠮᠳᠡᠭᠴᠦᠳ ᠤᠨ ᠡᠯ᠎ᠡ ᠲᠦᠷᠦᠯ ᠤᠨ ᠨᠦᠬᠦᠪᠦᠷᠢ ᠣᠯᠭᠤᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠵᠡᠮᠳᠡᠭᠴᠦᠳ ᠤᠨ ᠪᠠᠲᠣᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠶᠠᠳᠠᠭᠤ ᠬᠦᠴᠢᠷᠳᠡᠯᠳᠡᠢ ᠣᠯᠠᠨ ᠲᠦᠮᠡᠨ ᠤ ᠦᠨᠳᠦᠰᠦᠨ ᠠᠮᠢᠳᠣᠷᠠᠯ ᠢ ᠰᠠᠶᠢᠲᠣᠷ ᠪᠠᠲᠣᠯᠠᠨ᠎ᠠ᠃ ᠨᠡᠶᠢᠭᠡᠮ ᠤᠨ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠨᠡᠶᠢᠭᠡᠮ ᠲᠣᠭᠤᠷᠢᠭ ᠵᠢᠴᠢ ᠠᠷᠠᠳ ᠠᠴᠠ ᠡᠷᠬᠢᠯᠡᠭᠰᠡᠨ ᠨᠠᠰᠣᠵᠢᠯ ᠤᠨ ᠠᠰᠠᠷᠠᠮᠵᠢ ᠶᠢᠨ ᠪᠠᠶᠢᠭᠤᠯᠣᠮᠵᠢ ᠶᠢᠨ ᠡᠷᠡᠭᠦᠯ ᠢᠶᠠᠷ ᠬᠦᠭᠵᠢᠬᠦ ᠶᠢ ᠳᠡᠮᠵᠢᠬᠦ ᠬᠡᠷᠡᠭᠲᠡᠢ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠳᠦᠷᠢᠮ ᠤᠨ ᠦᠭᠡᠷᠡᠴᠢᠯᠡᠯᠲᠡ ᠶᠢ ᠠᠯᠬᠤᠮ ᠠᠯᠬᠤᠮ ᠢᠶᠠᠷ ᠠᠬᠢᠭᠤᠯᠵᠦ᠂ ᠵᠢᠯ ᠤᠨ ᠳᠣᠲᠣᠷ᠎ᠠ ᠳᠠᠯᠠᠨ ᠬᠠᠷ᠎ᠠ ᠠᠭᠤᠯᠠ ᠶᠢᠨ ᠣᠷᠣᠰᠢᠭᠤᠯᠭ᠎ᠠ ᠶᠢᠨ ᠭᠠᠵᠠᠷ ᠢ ᠪᠠᠶᠢᠭᠤᠯᠵᠤ ᠳᠠᠭᠤᠰᠣᠨ᠎ᠠ᠃      ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠬᠠᠣᠯᠢ ᠵᠠᠰᠠᠭᠲᠣ ᠰᠢᠩ ᠾᠧ︾ ᠶᠢᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ︽ᠳᠣᠯᠣᠳᠣᠭᠠᠷ ᠲᠠᠪᠣᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ︽ᠬᠠᠣᠯᠢ ᠴᠠᠭᠠᠵᠠ 6+N︾ ᠠᠵᠢᠯᠯᠠᠭ᠎ᠠ ᠶᠢ ᠲᠦᠯᠬᠢᠨ ᠠᠬᠢᠭᠤᠯᠵᠣ᠂ ᠪᠦᠬᠦ ᠠᠷᠠᠳ ᠢᠷᠭᠡᠳ ᠤᠨ ᠬᠠᠣᠯᠢ ᠴᠠᠭᠠᠵᠠ ᠶᠢᠨ ᠬᠡᠪ ᠪᠣᠯᠪᠠᠰᠣᠷᠠᠯ ᠢ ᠳᠡᠭᠡᠭᠰᠢᠯᠡᠭᠦᠯᠦᠨ᠎ᠡ ᠃ ︽ᠡᠩᠬᠡ ᠲᠠᠶᠢᠪᠣᠩ ᠰᠢᠩ ᠾᠧ︾ ᠶᠢᠨ ᠪᠦᠲᠦᠭᠡᠨ ᠪᠠᠶᠢᠭᠤᠯᠣᠯᠲᠠ ᠶᠢ ᠬᠦᠨᠵᠡᠭᠡᠢ ᠶᠠᠪᠣᠭᠳᠠᠭᠤᠯᠵᠤ᠂ ᠬᠠᠷ᠎ᠠ ᠪᠦᠯᠦᠭᠲᠡᠨ ᠢ ᠣᠰᠠᠳᠬᠠᠵᠣ᠂ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠤᠨ ᠪᠣᠭᠤᠮᠲᠠ ᠰᠢᠪᠲᠣᠯᠬᠤ ᠳᠠᠶᠢᠯᠠᠯᠳᠣᠭᠠᠨ ᠢ ᠡᠷᠡᠰ ᠰᠠᠶᠢᠲᠣᠷ ᠬᠢᠵᠦ᠂ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠭᠡᠮ ᠤᠨ ᠠᠮᠦᠷ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠣᠷᠰᠢᠯᠭ᠎ᠠ︾ ᠶᠢ ᠰᠣᠷᠣᠯᠴᠠᠨ ᠳᠡᠯᠭᠡᠷᠡᠭᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠬᠠᠣᠯᠢ ᠪᠠᠷ ᠵᠠᠰᠠᠬᠤ ᠪᠠᠶᠢᠭᠤᠯᠣᠯᠲᠠ ᠶᠢ ᠲᠦᠯᠬᠢᠨ ᠠᠬᠢᠭᠤᠯᠵᠦ᠂ ᠨᠢᠭᠡ ᠪᠦᠯᠦᠭ ᠵᠠᠬᠢᠳᠠᠯ ᠰᠣᠷᠪᠣᠯᠵᠢᠯᠠᠭ᠎ᠠ ᠶᠢᠨ ᠳᠣᠪᠣᠶᠢᠮ᠎ᠠ ᠠᠰᠠᠭᠤᠳᠠᠯ ᠢ ᠢᠳᠡᠪᠬᠢᠲᠠᠢ ᠪᠠᠷ ᠰᠢᠢᠳᠪᠦᠷᠢᠯᠡᠨ᠎ᠡ᠃ ᠠᠶᠣᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠠᠶᠣᠯᠭᠦᠢ ᠦᠢᠯᠡᠳᠪᠦᠷᠢᠯᠡᠯ ᠳᠤ ᠬᠤᠯᠪᠣᠭᠳᠠᠭᠰᠠᠨ ᠬᠦᠨᠳᠦ ᠶᠡᠭᠡ ᠠᠶᠣᠯ ᠠᠳᠡᠯ ᠭᠠᠷᠬᠤ ᠶᠢ ᠰᠡᠷᠭᠡᠶᠢᠯᠡᠬᠦ ᠪᠠ ᠡᠷᠡᠰ ᠬᠤᠷᠢᠭᠯᠠᠨ᠎ᠠ᠃ ᠢᠳᠡᠭᠡᠨ ᠤ ᠵᠦᠢᠯ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠣᠯᠲᠠ ᠶᠢᠨ ᠳᠦᠷᠢᠮ ᠢ ᠴᠢᠩᠭ᠎ᠠ ᠪᠠᠷᠢᠮᠲᠠᠯᠠᠵᠤ᠂ ᠲᠠᠷᠢᠶᠠᠯᠠᠩ ᠠᠷᠠᠯᠵᠢᠶᠠᠨ ᠤ ᠵᠠᠬ᠎ᠠ᠂ ᠲᠠᠪᠣᠨ ᠵᠢᠵᠢᠭ ᠦᠢᠯᠡᠳᠭᠡᠯ ᠤᠨ ᠭᠠᠵᠠᠷ ᠵᠢᠴᠢ ᠵᠢᠵᠢᠭ ᠡᠮᠨᠡᠯᠭᠡ᠂ ᠡᠮ ᠤᠨ ᠳᠡᠯᠭᠡᠭᠦᠷ ᠢ ᠲᠦᠪᠯᠡᠷᠡᠭᠦᠯᠦᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠣ᠂ ᠣᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠪᠠᠲᠣᠯᠠᠨ᠎ᠠ᠃ ᠭᠡᠨᠡᠳᠲᠡ ᠶᠢᠨ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠣᠯᠲᠠ ᠶᠢ ᠴᠢᠩᠭᠠᠳᠬᠠᠵᠦ᠂ ᠤᠷᠢᠳᠴᠢᠯᠠᠨ ᠲᠦᠰᠦᠪᠯᠡᠬᠦ᠂ ᠤᠷᠢᠳᠴᠢᠯᠠᠨ ᠮᠡᠳᠡᠭᠡᠯᠡᠬᠦ ᠪᠠ ᠭᠠᠮᠰᠢᠭ ᠢ ᠰᠡᠷᠭᠡᠶᠢᠯᠡᠵᠦ᠂ ᠭᠠᠮᠰᠢᠭ ᠢ ᠪᠠᠭᠠᠰᠬᠠᠬᠤ ᠴᠢᠳᠠᠪᠣᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠤᠯᠣᠨ ᠬᠤᠶᠠᠷ ᠢ ᠬᠦᠷᠢᠶᠡᠯᠡᠨ᠂ ᠬᠠᠮᠲᠣᠪᠠᠷ ᠪᠠᠶᠢᠭᠤᠯᠬᠤ ᠶᠢ ᠬᠦᠨᠵᠡᠭᠡᠶᠢᠷᠡᠭᠦᠯᠵᠦ᠂ ᠴᠡᠷᠢᠭ ᠠᠷᠠᠳ ᠤᠨ ᠬᠠᠮ ᠬᠦᠭᠵᠢᠯᠲᠡ ᠶᠢ ᠠᠬᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠶᠢᠨ ᠪᠠᠲᠣᠯᠭ᠎ᠠ ᠶᠢᠨ ᠰᠢᠰᠲ᠋ᠧᠮ ᠢ ᠪᠠᠶᠢᠭᠤᠯᠦᠨ ᠲᠡᠭᠦᠯᠳᠡᠷᠵᠢᠭᠦᠯᠦᠨ᠎ᠡ᠃ ᠨᠠᠮ ᠤᠨ ᠦᠨᠳᠦᠰᠦᠲᠡᠨ ᠤ ᠱᠠᠰᠢᠨ ᠰᠣᠷᠲᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠮᠣᠩᠭᠤᠯ ᠬᠢᠲᠠᠳ ᠬᠤᠶᠠᠷ ᠬᠡᠯᠡ ᠶᠢ ᠵᠡᠷᠭᠡᠪᠡᠷ ᠬᠡᠷᠡᠭᠯᠡᠬᠦ ᠠᠵᠢᠯ ᠪᠣᠯᠣᠨ ᠱᠠᠰᠢᠨ ᠰᠣᠷᠲᠠᠬᠤᠨ ᠤ ᠬᠡᠷᠡᠭ ᠶᠠᠪᠣᠳᠠᠯ ᠤᠨ ᠬᠠᠮᠢᠶᠠᠷᠣᠯᠲᠠ ᠶᠢ ᠬᠠᠣᠯᠢ ᠶᠣᠰᠣᠭᠠᠷ ᠵᠢᠷᠤᠮᠵᠢᠭᠤᠯᠣᠨ᠎ᠠ᠃ ᠪᠦᠬᠦ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃ ᠠᠬᠠᠮᠠᠳ ᠺᠠᠲᠠᠷᠴᠣᠳ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠠᠵᠢᠯᠴᠢᠨ ᠤ ᠡᠪᠯᠡᠯ ᠂ ᠡᠪ ᠬᠠᠮᠲᠦ ᠵᠠᠯᠠᠭᠤᠴᠣᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠣ ᠬᠤᠷᠠᠯ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠡᠨ ᠤ ᠡᠪᠯᠡᠯ᠂ ᠲᠧᠭᠨᠢᠭ ᠮᠡᠷᠭᠡᠵᠢᠯ ᠤᠨ ᠡᠪᠯᠡᠯ᠂ ᠵᠣᠬᠢᠶᠠᠯᠴᠢ ᠤᠷᠠᠯᠢᠭᠴᠣᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠷᠠᠭᠠᠯᠵᠠᠬᠤ ᠵᠡᠷᠭᠡ ᠵᠣᠬᠢᠶᠠᠨ ᠪᠠᠶᠢᠭᠤᠯᠣᠯᠲᠠ ᠶᠢᠨ ᠬᠦᠭᠦᠷᠭᠡ ᠬᠤᠯᠪᠣᠭᠠᠰᠣ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠴᠢᠯᠡᠵᠣ᠂ ᠲᠤᠭ᠎ᠠ ᠪᠦᠷᠢᠳᠬᠡᠯ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ᠂ ᠴᠠᠭ ᠠᠭᠤᠷ᠂ ᠲᠠᠩᠰᠠ ᠡᠪᠬᠢᠮᠡᠯ᠂ ᠲᠦᠯᠦᠪᠯᠡᠭᠡᠲᠦ ᠦᠷᠡᠵᠢᠯ ᠵᠡᠷᠭᠡ ᠠᠵᠢᠯ ᠢ ᠰᠠᠶᠢᠲᠣᠷ ᠬᠢᠵᠦ᠂ ᠡᠯ᠎ᠡ ᠲᠦᠷᠦᠯ ᠤᠨ ᠨᠡᠶᠢᠭᠡᠮ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠣᠨ᠎ᠠ᠃     ᠭᠤᠷᠪᠠ᠄ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠲᠡᠮᠦᠷ ᠲᠠᠪᠲᠠᠬᠤ ᠳᠤ ᠦᠪᠡᠷ ᠢᠶᠠᠨ ᠡᠷᠬᠡᠪᠰᠢ ᠬᠠᠲᠠᠭᠤ ᠪᠠᠶᠢᠬᠤ ᠬᠡᠷᠡᠭᠲᠡᠢ︕ ᠰᠢᠨ᠎ᠡ ᠡᠭᠦᠷᠭᠡ᠂ ᠰᠢᠨ᠎ᠡ ᠬᠠᠷᠠᠯᠲᠠ ᠳᠤ ᠬᠠᠨᠳᠣᠬᠤ ᠳᠠᠭᠠᠨ ᠵᠠᠰᠠᠭ ᠤᠨ ᠣᠷᠳᠣᠨ ᠡᠷᠬᠡᠪᠰᠢ ᠰᠢᠨ᠎ᠡ ᠡᠭᠦᠷᠭᠡᠯᠡᠯ᠂ ᠰᠢᠨ᠎ᠡ ᠦᠢᠯᠡ ᠠᠵᠢᠯᠯᠠᠭ᠎ᠠ  ᠲᠠᠢ ᠪᠠᠶᠢᠬᠤ ᠬᠡᠷᠡᠭᠲᠡᠢ᠃ ᠪᠢᠳᠡ ᠡᠷᠬᠡᠪᠰᠢ ︽ᠳᠦᠷᠪᠡᠨ ᠤᠬᠠᠮᠰᠠᠷ︾ ᠢ ᠪᠠᠲᠦ ᠪᠠᠬᠢ ᠪᠤᠢ ᠪᠤᠯᠭᠠᠨ᠂ ︽ᠳᠦᠷᠪᠡᠨ ᠢᠲᠡᠭᠡᠯ︾ ᠢ ᠪᠠᠲᠣᠳᠬᠠᠵᠣ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ ᠬᠦᠴᠦᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠨ᠎ᠠ᠃      ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠲᠠᠯᠠᠵᠤ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠣᠨ᠎ᠠ᠃ ᠴᠠᠭ ᠢᠮᠠᠭᠳᠠ ᠵᠠᠰᠠᠭ ᠤᠨ ᠣᠷᠳᠣᠨ ᠤ ᠠᠵᠢᠯ ᠢᠶᠠᠨ ᠬᠠᠣᠯᠢᠵᠢᠯ ᠤᠨ ᠵᠠᠮ ᠳᠤ ᠣᠷᠣᠭᠤᠯᠵᠣ᠂ ᠬᠠᠣᠯᠢ ᠪᠠᠷ ᠵᠠᠰᠠᠬᠤ ᠰᠡᠳᠬᠢᠬᠦᠢ ᠪᠤᠯᠤᠨ ᠬᠠᠣᠯᠢ ᠪᠠᠷ ᠵᠠᠰᠠᠬᠤ ᠠᠷᠭ᠎ᠠ ᠶᠢ ᠬᠡᠷᠡᠭᠯᠡᠨ ᠠᠵᠢᠯ ᠢᠶᠠᠨ ᠠᠬᠢᠭᠤᠯᠣᠨ᠎ᠠ᠃ ᠬᠠᠣᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠦᠮ᠂ ᠨᠡᠶᠢᠭᠡᠮ ᠨᠡᠶᠢᠲᠡ ᠳᠤ ᠢᠯᠡ ᠪᠠᠷ ᠨᠡᠶᠢᠳᠡᠯᠡᠬᠦ ᠪᠠ ᠬᠡᠷᠡᠴᠢᠯᠡᠭᠡ ᠰᠣᠨᠣᠰᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠪᠣᠳᠣᠯᠲᠠ ᠶᠢ ᠴᠢᠩᠭᠠᠳᠬᠠᠵᠤ᠂ ᠬᠠᠣᠯᠢ ᠶᠣᠰᠣᠭᠠᠷ ᠵᠠᠰᠠᠭ ᠶᠠᠪᠣᠭᠤᠯᠬᠤ ᠬᠢᠷᠢ ᠬᠡᠮᠵᠢᠶ᠎ᠡ ᠪᠠᠨ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃ ᠬᠠᠣᠯᠢ ᠴᠠᠭᠠᠵᠠ ᠤᠨ ᠵᠦᠪᠯᠡᠭᠴᠢ᠂ ᠠᠵᠦ ᠠᠬᠤᠢ ᠶᠢᠨ ᠵᠦᠪᠯᠡᠭᠴᠢ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ ᠬᠡᠷᠡᠭ ᠶᠠᠪᠣᠳᠠᠯ ᠤᠨ ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠦᠪᠴᠢ ᠪᠦᠷᠭᠦᠯᠲᠡ ᠶᠢ ᠪᠡᠶᠡᠯᠡᠭᠦᠯᠦᠨ᠎ᠡ᠃ ᠵᠠᠰᠠᠭ ᠤᠨ ᠶᠠᠪᠣᠳᠠᠯ ᠤᠨ ᠢᠯᠡ ᠪᠤᠯᠭᠠᠬᠤ ᠡᠷᠴᠢᠮ ᠢ ᠴᠢᠩᠭᠠᠷᠠᠭᠤᠯᠵᠣ᠂ ᠵᠠᠰᠠᠭ ᠤᠨ ᠣᠷᠳᠣᠨ ᠤ ᠠᠵᠢᠯ ᠤᠨ ᠦᠵᠡᠭᠳᠡᠴᠡ ᠶᠢ ᠨᠡᠮᠡᠭᠳᠡᠭᠦᠯᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠬᠠᠣᠯᠢ ᠴᠠᠭᠠᠵᠠ ᠶᠢᠨ ᠬᠢᠨᠠᠯᠲᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠨᠠᠷᠢᠨ ᠬᠢᠨᠠᠮᠠᠭᠠᠢ ᠰᠠᠶᠢᠲᠣᠷ ᠪᠡᠶᠡᠯᠡᠭᠦᠯᠦᠨ᠎ᠡ᠃ ᠡᠷᠬᠡ ᠲᠣᠰᠢᠶᠠᠯ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠣᠯᠢᠵᠢᠭᠰᠠᠨ᠂ ᠬᠠᠣᠯᠢ ᠶᠢ ᠭᠤᠣᠯᠴᠢ ᠪᠠᠷ ᠬᠡᠷᠡᠭᠵᠢᠭᠦᠯᠵᠦ᠂ ᠢᠯᠡ ᠲᠣᠳᠣ ᠲᠦᠪ ᠭᠤᠣᠯᠴᠢ᠂ ᠠᠷᠢᠭᠤᠨ ᠴᠢᠭᠡᠴᠢ ᠦᠨᠳᠦᠷ ᠪᠦᠲᠦᠮᠵᠢᠲᠦ᠂ ᠬᠠᠣᠯᠢ ᠶᠢ ᠰᠠᠬᠢᠨ᠂ ᠦᠨᠡᠨᠴᠢ ᠢᠲᠡᠭᠡᠮᠵᠢᠲᠠᠢ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃      ᠨᠠᠮ ᠢᠶᠠᠨ ᠴᠢᠩᠭ᠎ᠠ ᠵᠠᠰᠠᠬᠤ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠣᠨ᠎ᠠ᠃ ᠢᠮᠠᠭᠲᠠ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠪᠣᠯᠭᠠᠵᠣ᠂ ᠢᠯᠵᠠᠷᠠᠯ ᠢ ᠡᠰᠡᠷᠭᠦᠴᠡᠨ᠂ ᠠᠷᠢᠭᠤᠨ ᠴᠢᠭᠡᠴᠢ ᠶᠢ ᠡᠷᠬᠢᠮᠯᠡᠬᠦ ᠶᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠣᠨ᠎ᠠ ᠃ ᠲᠦᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠬᠤᠶᠠᠷ ᠢ ᠰᠣᠷᠣᠯᠴᠠᠵᠦ᠂ ᠨᠢᠭᠡ ᠳᠤ ᠲᠡᠩᠴᠡᠭᠦᠯᠬᠦ︾ ᠰᠣᠷᠣᠯᠴᠠᠯᠭ᠎ᠠ ᠬᠦᠮᠦᠵᠢᠯ ᠤᠨ ᠪᠠᠶᠢᠩᠭᠤᠵᠢᠯᠲᠠ᠂ ᠳᠦᠷᠢᠮᠵᠢᠯᠲᠡ ᠶᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠦ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠦᠷᠭᠦᠯᠵᠢᠯᠡᠨ ᠦᠷᠨᠢᠭᠦᠯᠵᠦ᠂ ︽ᠳᠦᠷᠪᠡᠨ ᠰᠣᠷᠲᠠᠯ︾ ᠢ ᠴᠣᠭᠴᠠᠯᠠᠯᠲᠠ ᠦᠭᠡᠢ ᠴᠡᠭᠴᠡᠯᠡᠨ ᠵᠠᠰᠠᠨ᠂ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ᠰᠢᠨ᠎ᠡ ᠢᠯᠡᠷᠡᠯ ᠢ ᠳᠣᠪᠣᠶᠢᠮ᠎ᠠ ᠴᠡᠭᠴᠡᠯᠡᠨ ᠵᠠᠰᠠᠨ᠎ᠠ᠃ ᠰᠣᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠭᠠᠳᠬᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠰᠣᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠣᠯᠲᠠ ︽ᠨᠢᠭᠡ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠦᠷᠢᠵᠢᠭᠤᠯᠣᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠬᠢᠴᠢᠶᠡᠩᠭᠦᠶᠢᠯᠡᠨ ᠵᠢᠷᠤᠮᠯᠠᠨ᠎ᠠ᠃ ︽ᠭᠠᠮᠲᠠᠢ ᠠᠮᠢᠳᠣᠷᠠᠯ︾ ᠤᠨ ᠦᠵᠡᠯ ᠰᠠᠨᠠᠭ᠎ᠠ ᠶᠢ ᠪᠠᠲᠤ ᠪᠠᠬᠢ ᠪᠣᠯᠭᠠᠨ᠂ ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠨ᠂ ︽ᠭᠤᠷᠪᠠᠨ ᠵᠤᠶᠢᠯ ᠤᠨ ᠠᠯᠪᠠᠨ ᠵᠠᠷᠣᠳᠠᠯ︾ ᠢ ᠰᠠᠭᠠᠵᠣ᠂ ᠵᠠᠰᠠᠭ ᠵᠠᠬᠢᠷᠭᠠᠨ ᠤ ᠦᠪᠡᠷ ᠤᠨ ᠦᠷᠲᠡᠭ ᠢ ᠦᠨᠡᠨ ᠬᠦ ᠪᠠᠭᠤᠷᠠᠭᠤᠯᠣᠨ᠎ᠠ᠃ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠣᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ᠂ ᠳᠠᠭᠠᠭᠠᠴᠢᠯᠠᠯᠲᠠ ᠵᠠᠷᠯᠠᠯᠲᠠ ᠪᠠ ᠳᠠᠭᠠᠭᠠᠴᠢᠯᠠᠯᠲᠠ ᠳᠤ ᠣᠷᠣᠯᠴᠠᠬᠤ᠂ ᠭᠠᠵᠠᠷ ᠰᠢᠷᠣᠢ ᠶᠢ ᠰᠢᠯᠵᠢᠭᠦᠯᠦᠨ ᠦᠭᠬᠦ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ᠂ ᠭᠠᠵᠠᠷ ᠲᠠᠲᠠᠪᠦᠷᠢᠯᠠᠨ ᠨᠤᠷᠠᠭᠠᠵᠤ ᠨᠡᠭᠦᠯᠭᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠵᠡᠷᠭᠡ ᠭᠤᠣᠯᠲᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠨ ᠬᠠᠮᠢᠶᠠᠷᠣᠯᠲᠠ ᠶᠢᠨ ᠡᠷᠴᠢᠮ ᠢ ᠴᠢᠩᠭᠠᠷᠠᠭᠤᠯᠵᠣ᠂ ᠣᠯᠠᠨ ᠲᠦᠮᠡᠨ ᠤ ᠳᠡᠷᠭᠡᠲᠡ ᠡᠭᠦᠰᠴᠦ ᠪᠠᠶᠢᠭ᠎ᠠ ᠡᠯ᠎ᠡ ᠵᠦᠢᠯ ᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠠᠷᠢᠭᠤᠨ ᠴᠢᠭᠡᠴᠢ ᠪᠠᠷ ᠠᠵᠢᠯ ᠬᠢᠬᠦ᠂ ᠰᠣᠷᠲᠠᠯ ᠴᠢᠭᠡᠴᠢ᠂ ᠣᠪᠣᠷ ᠲᠦᠪ ᠠᠳᠠᠯ ᠦᠢᠯᠡᠰ ᠴᠣᠭᠴᠠᠯᠠᠬᠤ ᠬᠦᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠤᠯᠭᠠᠨ᠎ᠠ᠃      ᠲᠦᠯᠦᠭᠡᠯᠡᠭᠴᠢᠳ ᠡ᠂ ᠰᠢᠨ᠎ᠡ ᠵᠢᠷᠤᠭ ᠲᠦᠯᠦᠪᠯᠡᠭᠡ ᠶᠢ ᠵᠢᠷᠣᠨ ᠦᠢᠯᠡᠳᠪᠡ᠂ ᠰᠢᠨ᠎ᠡ ᠬᠠᠷᠠᠯᠲᠠ ᠨᠢᠭᠡᠨᠲᠡ ᠲᠣᠳᠣᠷᠬᠠᠢ ᠪᠣᠯᠪᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠳᠡᠭᠡᠲᠦ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠬᠦᠨᠵᠡᠭᠡᠢ ᠨᠠᠶᠢᠳᠠᠪᠣᠷᠢᠵᠢᠭᠤᠯᠣᠨ ᠲᠣᠣᠱᠯᠠᠭᠤᠯᠵᠣ᠂ ᠰᠡᠳᠬᠢᠯ ᠢᠶᠠᠨ ᠨᠢᠭᠡᠳᠬᠡᠨ᠂ ᠬᠦᠴᠦ ᠪᠠᠨ ᠬᠠᠮᠲᠣᠳᠬᠠᠵᠣ᠂ ᠢᠲᠡᠭᠡᠯ ᠨᠠᠶᠢᠳᠠᠪᠦᠷᠢ ᠪᠠᠨ ᠨᠡᠮᠡᠭᠳᠡᠭᠦᠯᠵᠦ᠂ ᠡᠷᠡᠰ ᠵᠣᠷᠢᠭᠯᠠᠨ ᠵᠢᠳᠬᠦᠨ ᠴᠢᠷᠮᠠᠶᠢᠵᠦ᠂ ᠳᠠᠷᠣᠯᠲᠠ ᠪᠠᠨ ᠨᠡᠮᠡᠭᠳᠡᠭᠦᠯᠦᠨ ᠳᠠᠶᠢᠨ ᠳᠤ ᠪᠡᠯᠡᠳᠬᠡᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠᠷ ᠴᠢᠷᠮᠠᠶᠢᠵᠦ᠂ ᠰᠢᠨ᠎ᠡ ᠴᠠᠭ ᠡᠷᠡᠨ ᠤ ᠰᠢᠩ ᠾᠧ ᠰᠢᠶᠠᠨ ᠤ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠠᠭᠤᠳᠠᠰᠣ ᠶᠢ ᠪᠢᠴᠢᠭᠯᠡᠬᠦ ᠪᠠᠷ ᠴᠢᠷᠮᠠᠶᠢᠰᠣᠭᠠᠢ᠂ ᠦᠨᠳᠦᠷ ᠬᠢᠷᠢ ᠪᠦᠲᠦᠮᠵᠢ ᠪᠠᠷ ᠢᠶᠠᠨ ᠰᠢᠨ᠎ᠡ ᠲᠣᠮᠲᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕                                                ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3