︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019-04-02
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ ᠳᠤ᠄      ︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠦᠪᠰᠢᠶᠡᠷᠡᠨ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃            ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                       2019 ᠣᠨ ᠤ 4 ᠰᠠᠷ᠎ᠠ ᠶᠢᠨ 1᠎ ᠤ ᠡᠳᠦᠷ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠦᠨᠡᠨᠬᠦ ᠴᠢᠩᠭᠠᠳᠬᠠᠨ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠦᠨᠳᠦᠰᠦᠯᠡᠨ᠂ ᠮᠠᠨ ᠰᠢᠶᠠᠨ ᠤ ᠪᠣᠳᠠᠲᠣ ᠪᠠᠶᠢᠳᠠᠯ ᠲᠠᠢ ᠣᠶᠠᠯᠳᠣᠭᠤᠯᠣᠨ᠂ ᠲᠣᠰ ᠠᠷᠭ᠎ᠠ ᠶᠢ ᠲᠣᠭᠲᠠᠭᠠᠪᠠ᠃      ᠨᠢᠭᠡ᠂ ᠰᠢᠯᠭᠠᠨ ᠦᠨᠡᠯᠡᠬᠦ ᠡᠲᠡᠭᠡᠳ      ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ᠃      ᠬᠤᠶᠠᠷ᠂ ᠰᠢᠯᠭᠠᠨ ᠦᠨᠡᠯᠡᠬᠦ ᠠᠭᠤᠯᠭ᠎ᠠ      1. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ᠂ ᠭᠤᠤᠯᠳᠠᠭᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠭᠲᠠᠭᠠᠨ᠎ᠠ᠃      2. ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠡᠮᠬᠢᠯᠡᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠭᠰᠡᠨ ᠮᠡᠳᠡᠭᠡ ᠵᠠᠩᠬᠢ ᠶᠢᠨ ᠬᠡᠷᠡᠭᠯᠡᠯᠲᠡ ᠵᠢᠴᠢ ᠡᠯ᠎ᠡ ᠱᠠᠲᠤᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠪᠠᠶᠢᠳᠠᠯ᠃      3. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠦᠬᠦ ᠲᠠᠯ᠎ᠠ ᠪᠠᠷ ᠥᠷᠨᠢᠭᠦᠯᠦᠭᠰᠡᠨ ᠪᠠᠶᠢᠳᠠᠯ᠃      ᠭᠤᠷᠪᠠ᠂ ᠰᠢᠯᠭᠠᠨ ᠦᠨᠡᠯᠡᠬᠦ ᠱᠠᠭᠠᠷᠳᠠᠯᠭ᠎ᠠ      ︵ᠨᠢᠭᠡ︶ ︽ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠱᠠᠭᠠᠷᠳᠠᠯᠭ᠎ᠠ ᠶᠣᠰᠣᠭᠠᠷ᠂ 2019 ᠣᠨ ᠠᠴᠠ ᠡᠬᠢᠯᠡᠨ᠂ ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠥᠷᠨᠢᠭᠦᠯᠦᠭᠰᠡᠨ ᠪᠠᠶᠢᠳᠠᠯ ᠢ ᠠᠵᠢᠯ ᠶᠢᠨ ᠦᠷ᠎ᠡ ᠪᠦᠲᠦᠮᠵᠢ ᠪᠠᠷ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠎ᠠ᠃      ︵ᠬᠤᠶᠠᠷ︶ ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ ᠨᠦᠭᠦᠳ ᠡᠷᠬᠡᠪᠰᠢ 1 ᠨᠡᠷ᠎ᠡ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠤᠨ 2 ᠨᠡᠷ᠎ᠡ ᠠᠴᠠ ᠳᠡᠭᠡᠭᠰᠢ ᠠᠵᠢᠯᠲᠠᠨ ᠲᠣᠬᠢᠷᠠᠭᠤᠯᠵᠣ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠪᠣᠳᠠᠲᠠᠶ ᠬᠠᠷᠢᠭᠤᠴᠠᠭᠤᠯᠬᠤ ᠶᠢᠨ ᠬᠠᠮᠲᠤ ᠠᠵᠢᠯᠲᠠᠨ ᠤ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠣᠯᠠᠵᠣ᠂ ᠠᠵᠢᠯᠲᠠᠨ ᠤ ᠨᠡᠷᠡᠰ ᠵᠢᠴᠢ ᠬᠠᠷᠢᠯᠴᠠᠬᠤ ᠤᠳᠠᠰᠣ ᠶᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ᠂ ᠬᠤᠪᠢᠷᠠᠯᠲᠠ ᠲᠠᠢ ᠪᠣᠯ ᠴᠠᠭ ᠲᠤᠬᠠᠶ ᠳᠤᠨᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠲᠠᠢ ᠬᠠᠷᠢᠯᠴᠠᠵᠤ ᠰᠢᠨᠡᠳᠬᠡᠬᠦ ᠬᠡᠷᠡᠭᠲᠡᠶ᠃      ︵ᠭᠤᠷᠪᠠ︶ ᠡᠯ᠎ᠡ ᠰᠢᠶᠠᠩ ᠪᠠᠯᠭᠠᠰᠤ ᠶᠢᠨ ᠤᠯᠠᠷᠢᠯ ᠪᠦᠷᠢ ᠬᠥᠳᠡᠯᠦᠩᠭᠦᠶ ᠲᠥᠷᠥᠯ ᠤᠨ ᠮᠡᠳᠡᠭᠡ ᠵᠠᠩᠭᠢ ᠶᠢ 50 ᠵᠣᠷᠪᠣᠰ ᠠᠴᠠ ᠲᠡᠭᠡᠭᠡᠰᠢ᠂ ᠠᠰᠠᠭᠤᠳᠠᠯ ᠰᠠᠨᠠᠭᠤᠯᠭ᠎ᠠ ᠶᠢᠨ ᠲᠥᠷᠥᠯ ᠤᠨ ᠮᠡᠳᠡᠭᠡ ᠵᠠᠩᠭᠢ ᠶᠢ 2᠎ ᠠᠴᠠ ᠳᠡᠭᠡᠭᠰᠢ ᠮᠡᠳᠡᠭᠦᠯᠦᠨ ᠬᠦᠷᠭᠡᠬᠦ ᠬᠡᠷᠡᠭᠲᠡᠶ᠃ ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ ᠨᠦᠭᠦᠳ ᠤᠯᠠᠷᠢᠯ ᠪᠦᠷᠢ ᠬᠥᠳᠡᠯᠦᠩᠭᠦᠶ ᠲᠥᠷᠥᠯ ᠤᠨ ᠮᠡᠳᠡᠭᠡ ᠵᠠᠩᠭᠢ ᠶᠢ 60 ᠵᠤᠷᠪᠤᠰ ᠠᠴᠠ ᠳᠡᠭᠡᠭᠰᠢ᠂ ᠠᠰᠠᠭᠤᠳᠠᠯ ᠰᠠᠨᠠᠭᠤᠯᠭ᠎ᠠ ᠶᠢᠨ ᠲᠥᠷᠥᠯ ᠤᠨ ᠮᠡᠳᠡᠭᠡ ᠵᠠᠩᠭᠢ ᠶᠢ 3᠎ ᠠᠴᠠ ᠳᠡᠭᠡᠭᠰᠢ ᠮᠡᠳᠡᠭᠦᠯᠦᠨ ᠬᠦᠷᠭᠡᠬᠦ ᠬᠡᠷᠡᠭᠲᠡᠶ᠃      ︵ᠳᠦᠷᠪᠡ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠨᠢ ᠵᠠᠰᠠᠭ ᠤᠨ ᠣᠷᠳᠣᠨ ᠤ ᠰᠦᠯᠵᠢᠶᠡᠨ ᠤ ᠢᠮᠧᠯ wmxhzfwz@163.com︶᠎ ᠢᠶᠠᠷ ᠳᠠᠮᠵᠢᠨ ᠮᠡᠳᠡᠭᠦᠯᠦᠨ ᠬᠦᠷᠭᠡᠨ᠎ᠡ᠂ ᠬᠠᠷᠢᠯᠴᠠᠬᠤ ᠤᠲᠠᠰᠤ᠄ 7216993᠃ ᠮᠡᠳᠡᠭᠡ ᠵᠠᠩᠬᠢ ᠶᠢ ᠮᠡᠳᠡᠭᠦᠯᠦᠨ ᠬᠦᠷᠭᠡᠬᠦ ᠳᠤ ᠮᠡᠳᠡᠭᠦᠯᠦᠨ ᠬᠦᠷᠭᠡᠬᠦ ᠨᠢᠭᠡᠴᠡ᠂ ᠵᠣᠬᠢᠶᠠᠭᠴᠢ ᠶᠢᠨ ᠣᠪᠣᠭ ᠨᠡᠷ᠎ᠡ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠬᠤ ᠬᠡᠷᠡᠭᠲᠡᠶ᠃      ᠳᠦᠷᠪᠡ᠂ ᠰᠢᠯᠭᠠᠨ ᠦᠨᠡᠯᠡᠬᠦ ᠶᠢᠨ ᠬᠤᠪᠢ ᠬᠤᠷᠠᠮᠳᠣᠭᠤᠯᠬᠤ ᠠᠷᠭ᠎ᠠ      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠢᠯᠭᠠᠨ ᠦᠨᠡᠯᠡᠬᠦ ᠳᠤ ᠬᠡᠮᠵᠢᠶᠡᠵᠢᠭᠦᠯᠦᠨ ᠬᠤᠪᠢ ᠬᠤᠷᠠᠮᠳᠤᠭᠤᠯᠬᠤ ᠠᠷᠭ᠎ᠠ ᠶᠢ ᠬᠡᠷᠡᠭᠯᠡᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠢ ᠤᠯᠠᠷᠢᠯ ᠪᠦᠷᠢ ᠳᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠬᠤᠪᠢ ᠬᠤᠷᠠᠮᠳᠣᠭᠤᠯᠣᠭᠰᠠᠨ ᠪᠠᠶᠢᠳᠠᠯ᠂ ᠰᠢᠯᠭᠠᠨ ᠦᠨᠡᠯᠡᠭᠰᠡᠨ ᠦᠷ᠎ᠡ ᠳ᠋ᠦᠩ ᠢ ᠨᠡᠶᠢᠳᠡᠯᠡᠵᠤ᠂ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠬᠦ ᠠᠵᠢᠯ ᠤᠨ ᠦᠨᠳᠦᠰᠦᠨ ᠨᠡᠷᠡᠰ ᠤᠨ ᠵᠢᠭᠰᠠᠭᠠᠯᠲᠠ ᠶᠢ ᠲᠣᠭᠲᠠᠭᠠᠨ᠎ᠠ᠃      1. ᠬᠥᠳᠡᠯᠦᠩᠭᠦᠶ ᠲᠥᠷᠥᠯ ᠤᠨ ᠮᠡᠳᠡᠭᠡ ᠵᠠᠩᠭᠢ ᠶᠢ ᠬᠡᠷᠡᠭᠯᠡᠪᠡᠯ ᠵᠤᠷᠪᠤᠰ ᠪᠦᠷᠢ ᠳᠤ 5 ᠬᠤᠪᠢ ᠨᠡᠮᠡᠵᠦ᠂ ᠠᠰᠠᠭᠤᠳᠠᠯ ᠰᠠᠨᠠᠭᠤᠯᠭ᠎ᠠ ᠶᠢᠨ ᠲᠥᠷᠥᠯ ᠤᠨ ᠮᠡᠳᠡᠭᠡ ᠵᠠᠩᠭᠢ ᠶᠢ ᠬᠡᠷᠡᠭᠯᠡᠪᠡᠯ ᠵᠤᠷᠪᠤᠰ ᠪᠦᠷᠢ ᠳᠤ 20 ᠬᠤᠪᠢ ᠨᠡᠮᠡᠨ᠎ᠡ᠃      2. ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠠᠴᠠ ᠰᠣᠩᠭᠤᠵᠤ ᠡᠮᠬᠢᠳᠬᠡᠭᠰᠡᠨ ᠤ ᠳᠠᠷᠠᠭ᠎ᠠ ᠳᠡᠭᠡᠭᠰᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ᠂ ᠬᠡᠷᠡᠭᠯᠡᠭᠰᠡᠨ ᠥᠬᠡᠶ ᠵᠤᠷᠪᠤᠰ ᠪᠦᠷᠢ ᠳᠤ 5 ᠬᠤᠪᠢ ᠨᠡᠮᠡᠵᠦ ᠂ ᠬᠡᠷᠡᠭᠯᠡᠭᠰᠡᠨ ᠵᠤᠷᠪᠤᠰ ᠪᠦᠷᠢ ᠳᠤ 10 ᠬᠤᠪᠢ ᠨᠡᠮᠡᠨ᠎ᠡ᠃ ᠬᠤᠲᠠ ᠶᠢᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠭᠡᠷ ᠪᠣᠯᠤᠨ ᠣᠯᠣᠰ ᠤᠨ ᠵᠠᠰᠠᠭ ᠤᠨ ᠣᠷᠳᠣᠨ ᠤ ᠠᠯᠪᠠᠨ ᠭᠡᠷ ᠳᠤ ᠮᠡᠳᠡᠭᠦᠯᠵᠦ᠂ ᠬᠡᠷᠡᠭᠯᠡᠭᠰᠡᠨ ᠦᠭᠡᠢ ᠵᠤᠷᠪᠤᠰ ᠪᠦᠷᠢ ᠳᠤ ᠲᠣᠰ ᠲᠣᠰ 10 ᠬᠤᠪᠢ᠂ 50 ᠬᠤᠪᠢ ᠨᠡᠮᠡᠵᠦ᠂ ᠬᠡᠷᠡᠭᠯᠡᠭᠰᠡᠨ ᠵᠤᠷᠪᠤᠰ ᠪᠦᠷᠢ ᠳᠤ ᠲᠣᠰ ᠲᠣᠰ 20 ᠬᠤᠪᠢ᠂ 100 ᠬᠤᠪᠢ ᠨᠡᠮᠡᠨ᠎ᠡ᠃      3. ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠵᠤᠷᠪᠤᠰ ᠪᠦᠷᠢ ᠳᠤ 80 ᠬᠤᠪᠢ ᠨᠡᠮᠡᠵᠦ᠂ ᠬᠤᠲᠠ ᠶᠢᠨ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠵᠤᠷᠪᠤᠰ ᠪᠦᠷᠢ ᠳᠤ 50 ᠬᠤᠪᠢ ᠨᠡᠮᠡᠵᠦ ᠂ ᠰᠢᠶᠠᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠵᠤᠷᠪᠤᠰ ᠪᠦᠷᠢ ᠳᠤ 30 ᠬᠤᠪᠢ ᠨᠡᠮᠡᠨ᠎ᠡ᠃      4. ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠪᠠᠭᠤᠯᠭᠠᠭᠰᠠᠨ ᠴᠢᠬᠤᠯᠠ ᠡᠬᠡ ᠪᠢᠴᠢᠭ ᠪᠣᠯᠵᠣᠭᠰᠠᠨ ᠮᠡᠳᠡᠭᠡ ᠵᠠᠩᠬᠢ ᠶᠢ ᠬᠡᠷᠡᠭᠯᠡᠪᠡᠯ ᠵᠤᠷᠪᠤᠰ ᠪᠦᠷᠢ ᠳᠤ 30 ᠬᠤᠪᠢ ᠨᠡᠮᠡᠨ᠎ᠡ᠃      5. ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠬᠠᠷᠢᠯᠴᠠᠨ ᠰᠣᠯᠢᠯᠴᠠᠵᠤ ᠲᠣᠯᠢ ᠪᠣᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠢ ᠤᠯᠠᠷᠢᠯ ᠪᠦᠷᠢ ᠳᠤ ᠶᠠᠰᠤ ᠴᠢᠨᠠᠷ ᠢᠶᠠᠷ ᠥᠨᠳᠥᠷ ᠪᠥᠭᠡᠳ ᠦᠨ᠎ᠡ ᠥᠷᠲᠡᠭ ᠲᠠᠢ ᠨᠢᠭᠡ ᠪᠦᠯᠦᠭ ᠰᠠᠶᠢᠨ ᠮᠡᠳᠡᠭᠡ ᠵᠠᠩᠭᠢ ᠶᠢ ᠰᠢᠯᠢᠨ ᠰᠣᠩᠭᠤᠵᠤ ᠂ ᠲᠥᠪᠯᠡᠷᠡᠭᠦᠯᠦᠨ ᠨᠡᠶᠢᠲᠡᠯᠡᠵᠦ᠂ ᠰᠠᠶᠢᠨ ᠮᠡᠳᠡᠭᠡ ᠵᠠᠩᠭᠢ ᠶᠢ ᠵᠤᠷᠪᠤᠰ ᠪᠦᠷᠢ ᠳᠤ 30 ᠬᠤᠪᠢ ᠨᠡᠮᠡᠨ᠎ᠡ᠃      6. ᠮᠡᠳᠡᠭᠦᠯᠡᠪᠡᠰᠤ ᠵᠣᠬᠢᠰᠲᠠᠢ ᠴᠢᠬᠤᠯᠠ ᠮᠡᠳᠡᠭᠡ ᠵᠠᠩᠭᠢ ᠶᠢ ᠮᠡᠳᠡᠭᠦᠯᠦᠭᠰᠡᠨ ᠥᠬᠡᠶ᠂ ᠡᠬᠡ ᠪᠢᠴᠢᠭ ᠪᠣᠯᠵᠣᠬᠤ ᠡᠭᠦᠷᠭᠡ ᠪᠠᠨ ᠪᠡᠶᠡᠯᠡᠭᠦᠯᠦᠭᠰᠡᠨ ᠥᠬᠡᠶ ᠪᠤᠶᠤ ᠮᠡᠳᠡᠭᠡ ᠵᠠᠩᠭᠢ ᠶᠢᠨ ᠠᠭᠤᠯᠭ᠎ᠠ ᠳᠤ ᠬᠦᠨᠳᠦ ᠶᠡᠭᠡ ᠠᠯᠳᠠᠭ᠎ᠠ ᠲᠠᠢ ᠪᠠᠶᠢᠪᠠᠯ᠂ 1 ᠤᠳᠠᠭ᠎ᠠ ᠳᠤ 10 ᠬᠤᠪᠢ ᠬᠠᠰᠤᠨ᠎ᠠ᠃ ᠬᠡᠳᠦ᠋ᠢᠪᠡᠷ ᠡᠬᠡ ᠪᠢᠴᠢᠭ ᠪᠣᠯᠵᠣᠭᠰᠠᠨ ᠴᠠᠭ ᠢᠶᠠᠷ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠪᠣᠯᠪᠠᠴᠤ ᠮᠡᠳᠡᠭᠡ ᠵᠠᠩᠭᠢ ᠶᠢᠨ ᠶᠠᠰᠤ ᠴᠢᠨᠠᠷ ᠨᠢ ᠥᠨᠳᠥᠷ ᠪᠢᠰᠢ᠂ ᠠᠷᠭᠠᠴᠠᠬᠤ ᠦᠵᠡᠭᠳᠡᠯ ᠣᠷᠣᠰᠢᠭᠰᠠᠨ ᠠᠴᠠ ᠮᠡᠳᠡᠭᠡ ᠵᠠᠩᠭᠢ ᠶᠢ ᠡᠴᠦᠰ ᠲᠡᠭᠡᠨ ᠬᠦᠯᠢᠶᠡᠨ ᠠᠪᠤᠭᠰᠠᠨ ᠦᠭᠡᠢ ᠪᠠᠶᠢᠪᠠᠯ᠂ 1 ᠤᠳᠠᠭ᠎ᠠ ᠳᠤ 10 ᠬᠤᠪᠢ ᠬᠠᠰᠤᠨ᠎ᠠ᠃ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢᠨ ᠵᠤᠷᠪᠤᠰ ᠤᠨ ᠲᠤᠭ᠎ᠠ᠂ ᠬᠠᠭᠤᠳᠠᠰᠤ ᠶᠢᠨ ᠲᠤᠭ᠎ᠠ ᠨᠢ ᠮᠡᠳᠡᠭᠦᠯᠦᠨ ᠬᠦᠷᠭᠡᠬᠦ ᠲᠤᠭ᠎ᠠ ᠬᠡᠮᠵᠢᠶᠡᠨ ᠤ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ ᠤᠯᠠᠷᠢᠯ ᠪᠦᠷᠢ 50 ᠬᠤᠪᠢ ᠬᠠᠰᠤᠨ᠎ᠠ᠃      7. ᠮᠡᠳᠡᠭᠡ ᠵᠠᠩᠭᠢ ᠶᠢᠨ ᠬᠤᠪᠢ ᠪᠣᠯ᠂ ᠵᠣᠷᠪᠣᠰ ᠪᠦᠷᠢ ᠶᠢᠨ ᠬᠤᠪᠢ ᠪᠠ ᠤᠳᠤᠷᠢᠳᠤᠯᠭ᠎ᠠ ᠶᠢᠨ ᠴᠣᠬᠤᠯᠠᠪᠤᠷᠢ ᠶᠢᠨ ᠬᠤᠪᠢ ᠶᠢ ᠨᠡᠮᠡᠭᠰᠡᠨ ᠤ ᠨᠡᠶᠢᠯᠡᠪᠦᠷᠢ ᠪᠣᠯᠣᠨ᠎ᠠ᠃ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠮᠡᠳᠡᠭᠡ ᠵᠠᠩᠭᠢ ᠶᠢᠨ ᠬᠤᠪᠢ ᠪᠣᠯ᠂ ᠪᠦᠬᠦ ᠣᠯᠤᠭᠰᠠᠨ ᠬᠤᠪᠢ ᠶᠢᠨ ᠨᠡᠶᠢᠯᠡᠪᠦᠷᠢ ᠠᠴᠠ ᠬᠠᠰᠣᠭᠳᠠᠭᠰᠠᠨ ᠬᠤᠪᠢ ᠶᠢᠨ ᠨᠡᠶᠢᠯᠡᠪᠦᠷᠢ ᠶᠢ ᠬᠠᠰᠣᠭᠰᠠᠨ ᠤ ᠳᠠᠷᠠᠭᠠᠬᠢ ᠬᠤᠪᠢ ᠪᠣᠯᠣᠨ᠎ᠠ᠃      ᠲᠠᠪᠤ᠂ ᠰᠢᠯᠭᠠᠨ ᠦᠨᠡᠯᠡᠬᠦ ᠳᠣᠭᠤᠶᠢᠯᠠᠩ      1. ᠡᠯ᠎ᠡ ᠰᠢᠶᠠᠩ ᠪᠠᠯᠭᠠᠰᠤ ᠪᠠᠷ ᠨᠢᠭᠡ ᠳᠤᠭᠤᠶᠢᠯᠠᠩ ᠪᠣᠯᠭᠠᠵᠤ᠂ ᠨᠡᠷᠡᠰ ᠤᠨ ᠵᠢᠭᠰᠠᠭᠠᠯᠲᠠ ᠬᠢᠨ᠎ᠡ᠃      2. ᠰᠢᠶᠠᠨ ᠤ ᠡᠯ᠎ᠡ ᠰᠢᠭᠤᠳ ᠬᠠᠷᠢᠶ᠎ᠠ ᠨᠢᠭᠡᠴᠡ ᠨᠢ ᠨᠢᠭᠡ ᠳᠤᠭᠤᠶᠢᠯᠠᠩ ᠪᠠᠶᠢᠵᠤ᠂ ᠨᠡᠷᠡᠰ ᠤᠨ ᠵᠢᠭᠰᠠᠭᠠᠯᠲᠠ ᠬᠢᠨ᠎ᠡ᠃      ᠵᠢᠷᠭᠤᠭ᠎ᠠ᠂ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ      ᠪᠦᠬᠦ ᠵᠢᠯ ᠤᠨ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠨᠢᠭᠡᠴᠡ ᠵᠢᠴᠢ ᠰᠢᠯᠢᠳᠡᠭ ᠮᠡᠳᠡᠭᠡ ᠵᠠᠩᠭᠢᠴᠢ ᠶᠢ ᠰᠢᠯᠭᠠᠷᠠᠭᠤᠯᠤᠨ ᠰᠣᠩᠭᠤᠵᠤ᠂ ᠵᠠᠰᠠᠭ ᠤᠨ ᠣᠷᠳᠣᠨ ᠤ ᠠᠯᠪᠠᠨ ᠭᠡᠷ ᠠᠴᠠ ᠵᠠᠷᠯᠠᠨ ᠰᠠᠶᠢᠰᠢᠶᠠᠨ᠎ᠠ᠃      ᠳᠣᠯᠤᠭ᠎ᠠ᠂ ᠳᠠᠭᠠᠯᠳᠣᠭᠤᠯᠣᠭᠰᠠᠨ ᠳᠦᠷᠢᠮ      1. ᠲᠣᠰ ᠰᠢᠯᠭᠠᠨ ᠦᠨᠡᠯᠡᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      2. ᠲᠣᠰ ᠰᠢᠯᠭᠠᠨ ᠦᠨᠡᠯᠡᠬᠦ ᠠᠷᠭ᠎ᠠ ᠶᠢ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃                                                ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3