ᠰᠢᠶᠠᠨ ᠤ ᠴᠠᠭ ᠠᠭᠤᠷ ᠤᠨ ᠲᠣᠪᠴᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠬᠦᠳᠡᠯᠭᠡᠭᠡᠨ ᠶᠢ ᠥᠷᠨᠢᠭᠦᠯᠪᠡ
ᠨᠡᠶᠢᠲᠡᠯᠡᠭᠰᠡᠨ ᠴᠠᠭ᠄
2019-05-13
     ᠠᠷᠪᠠᠨ ᠨᠢᠭᠡᠳᠦᠭᠡᠷ ᠤᠳᠠᠭᠠᠨ ᠤ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠦᠳᠡᠯᠭᠡᠭᠡᠨ ᠶᠢ ᠰᠠᠶᠢᠲᠤᠷ ᠬᠢᠵᠦ ᠂ ᠥᠷᠭᠡᠨ ᠤᠯᠠᠨ ᠠᠷᠠᠳ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 9᠎ ᠤ ᠡᠳᠦᠷ ᠰᠢᠩ ᠾᠧ ᠰᠢᠶᠠᠨ ᠤ ᠴᠠᠭ ᠠᠭᠤᠷ ᠤᠨ ᠲᠣᠪᠴᠢᠶ᠎ᠠ ᠨᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠬᠠᠭᠤᠴᠢᠨ ᠬᠤᠲᠠ ᠲᠠᠯᠠᠪᠠᠢ ᠳᠤ ︽ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠢ ᠨᠠᠰᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠬᠦᠳᠡᠯᠭᠡᠭᠡᠨ ᠶᠢ ᠥᠷᠨᠢᠭᠦᠯᠪᠡ᠃
     ᠲᠤᠬᠠᠢ ᠶᠢᠨ ᠲᠠᠯᠠᠪᠠᠢ ᠶᠢᠨ ᠠᠵᠢᠯᠲᠠᠳ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ ᠲᠠᠯᠪᠢᠭᠰᠠᠨ ᠪᠥᠭᠡᠳ ᠥᠷᠭᠡᠨ ᠤᠯᠠᠨ ᠲᠦᠮᠡᠨ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠷ ᠳᠡᠪᠲᠡᠷ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ ᠶᠢ ᠲᠠᠷᠬᠠᠪᠠ᠃ ᠲᠤᠰ ᠤᠳᠠᠭᠠᠨ ᠤ ᠤᠬᠠᠭᠤᠯᠭ᠎ᠠ ᠪᠠᠷ ᠳᠠᠮᠵᠢᠨ᠂ ᠨᠡᠶᠢᠭᠡᠮ ᠤᠨ ᠡᠯ᠎ᠡ ᠡᠲᠡᠭᠡᠳ ᠤᠨ ᠳᠡᠭᠡᠲᠦ ᠬᠡᠮᠵᠢᠶᠡᠨ ᠤ ᠠᠩᠬᠠᠷᠤᠯ ᠢ ᠲᠠᠲᠠᠵᠤ᠂ ᠪᠦᠬᠦ ᠨᠡᠶᠢᠭᠡᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠣᠨ᠂ ᠤᠯᠠᠨ ᠲᠦᠮᠡᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃                                                                                              ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3