ᠠᠷᠪᠠᠨ ᠨᠢᠭᠡᠳᠦᠭᠡᠷ ᠤᠳᠠᠭᠠᠨ ᠤ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠡᠳᠦᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠦᠳᠡᠯᠭᠡᠭᠡᠨ ᠶᠢ ᠰᠠᠶᠢᠲᠤᠷ ᠬᠢᠵᠦ | ᠂ ᠥᠷᠭᠡᠨ ᠤᠯᠠᠨ ᠠᠷᠠᠳ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 9 ᠤ ᠡᠳᠦᠷ ᠰᠢᠩ ᠾᠧ ᠰᠢᠶᠠᠨ ᠤ ᠴᠠᠭ ᠠᠭᠤᠷ ᠤᠨ | ᠲᠣᠪᠴᠢᠶ᠎ᠠ ᠨᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠬᠠᠭᠤᠴᠢᠨ ᠬᠤᠲᠠ | ᠲᠠᠯᠠᠪᠠᠢ ᠳᠤ ︽ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠢ ᠨᠠᠰᠤᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠬᠦᠳᠡᠯᠭᠡᠭᠡᠨ ᠶᠢ | ᠥᠷᠨᠢᠭᠦᠯᠪᠡ᠃ | | | | ᠲᠤᠬᠠᠢ ᠶᠢᠨ ᠲᠠᠯᠠᠪᠠᠢ ᠶᠢᠨ ᠠᠵᠢᠯᠲᠠᠳ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ | ᠦᠵᠡᠭᠦᠯᠦᠯᠭᠡ ᠶᠢᠨ ᠰᠠᠮᠪᠠᠷ᠎ᠠ ᠲᠠᠯᠪᠢᠭᠰᠠᠨ ᠪᠥᠭᠡᠳ ᠥᠷᠭᠡᠨ ᠤᠯᠠᠨ ᠲᠦᠮᠡᠨ ᠳᠤ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠠᠷ ᠳᠡᠪᠲᠡᠷ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ ᠶᠢ ᠲᠠᠷᠬᠠᠪᠠ᠃ ᠲᠤᠰ | ᠤᠳᠠᠭᠠᠨ ᠤ ᠤᠬᠠᠭᠤᠯᠭ᠎ᠠ ᠪᠠᠷ ᠳᠠᠮᠵᠢᠨ᠂ ᠨᠡᠶᠢᠭᠡᠮ ᠤᠨ ᠡᠯ᠎ᠡ ᠡᠲᠡᠭᠡᠳ ᠤᠨ ᠳᠡᠭᠡᠲᠦ ᠬᠡᠮᠵᠢᠶᠡᠨ ᠤ ᠠᠩᠬᠠᠷᠤᠯ ᠢ | ᠲᠠᠲᠠᠵᠤ᠂ ᠪᠦᠬᠦ ᠨᠡᠶᠢᠭᠡᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠣᠨ᠂ | ᠤᠯᠠᠨ ᠲᠦᠮᠡᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | | ᠤᠷᠴᠢᠭᠤᠯᠤᠭᠴᠢ᠄ ᠰᠣᠷᠭᠤᠭ | | | | |