︽ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠦᠭ ᠲᠦᠮᠡᠨ ᠡᠷᠦᠬᠡ ᠳᠤ ᠨᠡᠶᠢᠳᠡᠮ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2019-05-15
ᠴᠠᠭ᠄ 2019 ᠣᠨ 4 ᠰᠠᠷ᠎ᠠ ᠶᠢᠨ 9᠎ ᠤ ᠡᠳᠦᠷ ᠤᠨ 8 ᠴᠠᠭ ᠡᠷᠬᠢᠮ ᠵᠤᠴᠢᠳ᠄ ᠤᠯᠤᠰ ᠠᠴᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ   ᠸᠠᠩ ᠰᠢᠶᠠᠩ ᠶᠠᠩ       ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠥᠷ ᠪᠢᠳᠡ ᠮᠠᠰᠢ ᠠᠵᠠ ᠵᠠᠪᠰᠢᠶᠠᠨ ᠢᠶᠠᠷ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠰᠢᠶᠠᠩ ᠶᠠᠩ ᠳᠤ ᠬᠦᠷᠴᠦ ᠰᠦᠯᠵᠢᠶᠡᠨ ᠳᠡᠭᠡᠷ᠎ᠡ ᠰᠤᠷᠪᠤᠯᠵᠢᠯᠠᠬᠤ ᠫᠷᠤᠭ᠍ᠷᠠᠮ ᠢᠶᠠᠨ ᠬᠢᠵᠦ᠂ ᠸᠠᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕      ᠸᠠᠩ ᠰᠢᠶᠠᠩ ᠶᠠᠩ᠄ ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠫᠷᠤᠭ᠍ᠷᠠᠮ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃      ᠬᠥᠲᠥᠯᠥᠭᠴᠢ᠄ 2014 ᠣᠨ ᠠᠴᠠ ᠡᠬᠢᠯᠡᠨ᠂ ᠪᠥᠬᠦ ᠤᠯᠤᠰ ᠠᠴᠠ ᠭᠠᠶᠢᠯᠢ ᠶᠢᠨ ᠶᠠᠪᠤᠳᠠᠯ ᠤᠨ ᠰᠢᠰᠲ᠋ᠧᠮ ᠨᠢᠭᠡᠨᠲᠡ ᠲᠠᠪᠤᠨ ᠵᠢᠯ ᠳᠠᠷᠠᠭᠠᠯᠠᠨ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾ ᠥᠷᠨᠢᠭᠦᠯᠪᠡ᠂ ᠡᠨᠡ ᠵᠢᠯ ᠪᠣᠯ ᠵᠢᠷᠭᠤᠳᠤᠭᠠᠷ ᠵᠢᠯ ᠪᠣᠯᠤᠨ᠎ᠠ᠃ 2019 ᠣᠨ 2 ᠰᠠᠷ᠎ᠠ ᠶᠢᠨ 20᠎ ᠤ ᠡᠳᠦᠷ᠂ ︽ᠰᠢᠨ᠎ᠡ ᠭᠠᠶᠢᠯᠢ ᠶᠢᠨ ᠶᠠᠪᠤᠳᠠᠯ · ᠰᠢᠨ᠎ᠡ ᠦᠢᠯᠡᠴᠢᠯᠡᠭᠡ︾᠎ ᠪᠠᠷ ᠭᠤᠤᠯ ᠰᠡᠳᠦᠪ ᠪᠣᠯᠭᠠᠭᠰᠠᠨ 2019 ᠣᠨ ᠤ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾ ᠪᠡᠭᠡᠵᠢᠩ ᠳᠤ ᠵᠢᠩᠬᠢᠨᠢ ᠪᠠᠷ ᠡᠬᠢᠯᠡᠪᠡ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠮᠠᠨ ᠤ 2019 ᠣᠨ ᠤ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾᠎ ᠶᠢᠨ ᠠᠵᠢᠯ ᠤᠨ ᠭᠤᠤᠯᠳᠠᠯᠭ᠎ᠠ ᠨᠢ ᠶᠠᠭᠤ ᠪᠤᠢ︖      ᠸᠠᠩ ᠰᠢᠶᠠᠩ ᠶᠠᠩ᠄ 2019 ᠣᠨ ᠤ ᠭᠠᠶᠢᠯᠢ ᠲᠠᠲᠠᠪᠤᠷᠢ ᠶᠢᠨ ᠠᠵᠢᠯ ᠤᠨ ᠭᠤᠤᠯ ᠰᠡᠳᠦᠪ ᠪᠣᠯ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠂ ᠡᠨᠡ ᠵᠢᠯ ᠤᠨ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾᠎ ᠨᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠭᠤᠤᠯᠳᠠᠯᠭ᠎ᠠ ᠶᠢ ᠳᠣᠪᠤᠶᠢᠯᠭᠠᠨ᠂ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ ᠭᠠᠷᠭᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃      ᠬᠥᠲᠥᠯᠥᠭᠴᠢ᠄ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠲᠤᠬᠠᠢ ᠰᠠᠶ᠋ᠢᠬᠠᠨ ᠲᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠣᠯ ᠲᠤᠰ ᠲᠤᠰ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠪᠣᠯᠤᠨ᠎ᠠ ᠭᠡᠵᠦ ᠳᠤᠷᠠᠳᠤᠭᠰᠠᠨ ᠶᠤᠮ᠂ ᠲᠡᠭᠡᠪᠡᠯ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠨᠢ ᠶᠠᠮᠠᠷ ᠶᠠᠮᠠᠷ ᠳᠠᠯ᠎ᠠ ᠪᠠᠷ ᠪᠠᠶᠢᠳᠠᠭ ᠪᠤᠢ︖      ᠸᠠᠩ ᠰᠢᠶᠠᠩ ᠶᠠᠩ᠄ ᠲᠥᠷᠥ ᠶᠢᠨ ᠪᠣᠳᠣᠯᠭ᠎ᠠ ᠶᠢᠨ ᠳᠠᠯ᠎ᠠ ᠪᠠᠷ᠂ ᠥᠷᠲᠡᠭ ᠤᠨ ᠨᠡᠮᠡᠭᠳᠡᠯ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠵᠢᠴᠢ ᠬᠤᠯᠪᠣᠭᠳᠠᠯ ᠪᠦᠬᠦᠢ ᠣᠷᠣᠨ ᠨᠤᠲᠤᠭ ᠤᠨ ᠭᠠᠶᠢᠯᠢ ᠲᠠᠲᠠᠪᠤᠷᠢ ᠳᠤ ᠬᠤᠯᠪᠣᠭᠳᠠᠵᠤ᠂ ᠶᠠᠷᠢᠶᠠᠨ ᠥᠬᠡᠶ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠳᠤ ᠲᠣᠭᠲᠠᠭᠠᠭᠰᠠᠨ ᠬᠤᠯᠪᠣᠭᠳᠠᠯ ᠪᠦᠬᠦᠢ ᠰᠢᠨ᠎ᠡ ᠲᠥᠷᠥ ᠶᠢᠨ ᠪᠣᠳᠣᠯᠭ᠎ᠠ ᠶᠢ ᠴᠤ ᠪᠠᠭᠲᠠᠭᠠᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠨ ᠪᠠᠶᠢᠷᠢᠯᠠᠭᠤᠯᠵᠤ᠂ ᠣᠯᠠᠨ ᠵᠦᠢᠯ ᠤᠨ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠭᠠᠪᠠ᠂ ᠡᠭᠦᠨ ᠳᠤ᠂ 2019 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ 2021 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ᠂ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠲᠤᠰ ᠲᠤᠭ᠎ᠠ ᠶᠢ ᠪᠠᠭᠲᠠᠭᠠᠨ᠎ᠠ︶ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠤᠨ ᠨᠡᠮᠡᠭᠳᠡᠯ ᠭᠠᠶᠢᠯᠢ ᠲᠠᠲᠠᠪᠤᠷᠢᠯᠠᠬᠤ ᠥᠬᠡᠶ︔ ᠵᠢᠵᠢᠭ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠰᠡᠭ ᠢ 25 %᠎ ᠪᠠᠷ ᠬᠠᠰᠤᠵᠤ᠂ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ ᠪᠣᠳᠣᠵᠤ ᠣᠷᠣᠭᠤᠯᠤᠨ᠂ 20 %᠎ ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ︔ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠭᠰᠡᠨ ᠪᠣᠯᠪᠠᠴᠤ 300 ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠬᠡᠰᠡᠭ ᠢ 50 %᠎ ᠪᠠᠷ ᠬᠠᠰᠤᠵᠤ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ ᠪᠣᠳᠣᠵᠤ ᠣᠷᠣᠭᠤᠯᠤᠨ᠂ 20 %᠎ ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃ ᠳᠡᠭᠡᠷ᠎ᠡ ᠳᠤᠷᠠᠳᠤᠭᠰᠠᠨ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠭᠡᠳᠡᠭ ᠨᠢ ᠤᠯᠤᠰ ᠠᠴᠠ ᠬᠢᠵᠠᠭᠠᠷᠯᠠᠯ ᠥᠬᠡᠶ ᠪᠠ ᠴᠠᠭᠠᠵᠠᠯᠠᠬᠤ ᠪᠤᠰᠤ ᠠᠵᠢᠯ ᠲᠥᠷᠥᠯ ᠢ ᠡᠷᠬᠢᠯᠡᠬᠦ ᠶᠢᠨ ᠬᠠᠮᠲᠤ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 300 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠨᠢ 300 ᠬᠥᠮᠦᠨ ᠠᠴᠠ ᠬᠡᠲᠦᠷᠡᠬᠦ ᠥᠬᠡᠶ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠨᠢ 5000 ᠲᠦᠮᠡᠨ ᠲᠥᠭᠦᠷᠢᠭ ᠠᠴᠠ ᠬᠡᠲᠦᠷᠡᠬᠦ ᠥᠬᠡᠶ ᠵᠡᠷᠭᠡ ᠭᠤᠷᠪᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠵᠢᠭᠠᠵᠤ ᠪᠠᠶᠢᠨ᠎ᠠ᠃ ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠨᠢ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠪᠣᠳᠠᠲᠠᠶ ᠠᠰᠢᠭ ᠣᠷᠣᠯᠭ᠎ᠠ ᠶᠢ ᠳᠡᠭᠡᠭᠰᠢᠯᠡᠭᠦᠯᠦᠨ᠂ ᠦᠨᠡᠨ ᠪᠣᠳᠠᠲᠠᠶ ᠬᠠᠷᠠᠭᠠᠯᠵᠠᠯ ᠬᠦᠷᠲᠡᠵᠦ ᠪᠣᠯᠤᠨ᠎ᠠ᠃      ︽ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ﹇2019﹈ 13 ᠳ᠋ᠤᠭᠠᠷ ᠲᠣᠭᠠᠲᠤ︶᠎ ᠤᠨ ᠡᠷᠬᠡ ᠣᠯᠭᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2019 ᠣᠨ ᠤ 1 ᠳ᠋ᠣᠭᠡᠷ ᠰᠠᠷ᠎ᠠ ᠶᠢᠨ 1᠎ ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠮᠠᠨ ᠤ ᠣᠷᠣᠨ ᠤ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠡᠬᠢ ᠪᠠᠶᠠᠯᠢᠭ ᠤᠨ ᠭᠠᠶᠢᠯᠢ ︵ᠤᠰᠤᠨ ᠤ ᠡᠬᠢ ᠪᠠᠶᠠᠯᠢᠭ ᠤᠨ ᠭᠠᠶᠢᠯᠢ ᠶᠢ ᠪᠠᠭᠲᠠᠭᠠᠬᠤ ᠥᠬᠡᠶ︶᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠶᠢ ᠪᠠᠭᠲᠠᠭᠠᠬᠤ ᠥᠬᠡᠶ ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠳᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠶᠢ 50 %᠎ ᠪᠠᠷ ᠲᠠᠲᠠᠪᠤᠷᠢᠯᠠᠨ᠎ᠠ᠃      ᠡᠭᠦᠨ ᠠᠴᠠ ᠭᠠᠳᠠᠨ᠎ᠠ᠂ ᠡᠨᠡ ᠤᠳᠠᠭᠠᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠨᠢ ᠥᠷᠭᠡᠨ ᠣᠯᠠᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠨᠢ ᠠᠷᠠᠳ ᠲᠤ ᠪᠠᠰᠠ ᠠᠰᠢᠭᠲᠠᠶ ᠶᠤᠮ᠃      2018 ᠣᠨ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠳᠤ᠂ ᠦᠨᠹᠦᠰᠦᠨ ᠳᠡᠭᠡᠨ ᠬᠠᠰᠣᠬᠤ ᠰᠦᠢᠳᠭᠡᠯ ᠢ 3500 ᠳᠦᠬᠦᠷᠢᠭ \ ᠰᠠᠷ᠎ᠡ ᠪᠠᠶᠢᠭᠰᠠᠨ ᠠᠴᠠ 5000 ᠲᠥᠭᠦᠷᠢᠭ \ ᠰᠠᠷ᠎ᠡ ︵ᠵᠢᠯ ᠪᠦᠷᠢ 6 ᠲᠦᠮᠡᠨ ᠲᠥᠭᠦᠷᠢᠭ︶ ᠪᠣᠯᠭᠠᠨ ᠳᠡᠭᠡᠭᠰᠢᠯᠡᠭᠦᠯᠵᠦ᠂ ᠠᠷᠠᠳ ᠣᠯᠠᠨ ᠳᠤ ᠥᠭᠡᠷᠡᠴᠢᠯᠡᠯᠲᠡ ᠶᠢᠨ ᠠᠰᠢᠭ ᠢ ᠤᠷᠢᠳᠴᠢᠯᠠᠨ ᠣᠯᠭᠤᠪᠠ᠃ 2019 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠶᠢ ᠬᠠᠰᠤᠬᠤ ᠲᠦᠷ ᠬᠡᠷᠡᠭᠵᠢᠭᠦᠯᠬᠦ ᠠᠷᠭ᠎ᠠ︾᠎ ᠳᠤ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠪᠤᠶᠤ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢ ᠠᠰᠠᠷᠠᠨ ᠲᠡᠵᠢᠭᠡᠬᠦ ᠵᠡᠷᠭᠡ ᠵᠢᠷᠭᠤᠭᠠᠨ ᠵᠦᠢᠯ ᠤᠨ ᠲᠤᠰᠬᠠᠶ ᠵᠦᠢᠯ ᠤᠨ ᠨᠡᠮᠡᠯᠲᠡ ᠶᠢ ᠪᠠᠭᠲᠠᠭᠠᠪᠠ᠃ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ᠂ ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠤᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠦᠷᠲᠡᠬᠦ ᠬᠠᠮᠢᠶ᠎ᠠ ᠪᠦᠬᠦᠢ ᠵᠠᠷᠤᠯᠭ᠎ᠠ ᠨᠢ ᠨᠥᠬᠦᠴᠡᠯ ᠳᠤ ᠨᠡᠶᠢᠴᠡᠭᠰᠡᠨ ᠪᠠᠶᠢᠪᠠᠯ ᠦᠷ᠎ᠡ ᠬᠡᠦᠬᠡᠳ ᠨᠢᠭᠡᠪᠦᠷᠢ ᠳᠤ ᠰᠠᠷ᠎ᠠ ᠪᠦᠷᠢ 1000 ᠲᠥᠭᠦᠷᠢᠭ ᠤᠨ ᠪᠠᠷᠢᠮᠵᠢᠶᠠᠳᠣ ᠳᠣᠭᠳᠠᠭᠰᠠᠨ ᠳᠤᠭ᠎ᠠ ᠪᠠᠷ ᠬᠠᠰᠤᠵᠤ ᠭᠠᠷᠭᠠᠨ᠎ᠠ᠃ ᠦᠷᠭᠦᠯᠵᠢᠯᠡᠨ ᠰᠤᠷᠭᠠᠨ ᠬᠥᠮᠦᠵᠢᠭᠦᠯᠬᠦ ᠳᠤ᠂ ᠭᠠᠶᠢᠯᠢ ᠲᠤᠰᠢᠶᠠᠭᠴᠢ ᠳᠤᠮᠳᠠᠳᠤ ᠤᠯᠤᠰ ᠤᠨ ᠬᠢᠯᠢ ᠳᠣᠲᠣᠷ᠎ᠠ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶᠎ ᠤᠨ ᠦᠷᠭᠦᠯᠵᠢᠯᠡᠨ ᠰᠤᠷᠭᠠᠨ ᠬᠥᠮᠦᠵᠢᠯ ᠬᠦᠷᠲᠡᠬᠦ ᠵᠠᠷᠤᠯᠭ᠎ᠠ ᠶᠢ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶᠎ ᠤᠨ ᠰᠤᠷᠭᠠᠨ ᠬᠥᠮᠦᠵᠢᠯ ᠤᠨ ᠬᠤᠭᠤᠴᠠᠭᠠᠨ ᠳᠤ ᠰᠠᠷ᠎ᠠ ᠪᠦᠷᠢ 400 ᠲᠥᠭᠦᠷᠢᠭ ᠤᠨ ᠨᠣᠷᠮ᠎ᠠ ᠪᠠᠷ ᠬᠠᠰᠤᠵᠤ ᠭᠠᠷᠭᠠᠨ᠎ᠠ᠃ ᠠᠳᠠᠯᠢ ᠨᠢᠭᠡ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶᠎ ᠤᠨ ᠦᠷᠭᠦᠯᠵᠢᠯᠡᠨ ᠰᠤᠷᠭᠠᠨ ᠬᠥᠮᠦᠵᠢᠭᠦᠯᠬᠦ ᠬᠤᠭᠤᠴᠠᠭ᠎ᠠ ᠶᠢ 48 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠃ ᠭᠠᠶᠢᠯᠢ ᠲᠤᠰᠢᠶᠠᠭᠴᠢ ᠶᠢᠨ ᠮᠡᠷᠭᠡᠵᠢᠯ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠷᠭᠦᠯᠵᠢᠯᠡᠭᠰᠡᠨ ᠰᠤᠷᠭᠠᠨ ᠬᠥᠮᠦᠵᠢᠯ᠂ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠲᠡᠭᠰᠡᠨ ᠵᠠᠷᠤᠯᠭ᠎ᠠ ᠶᠢ ᠬᠤᠯᠪᠣᠭᠳᠠᠯ ᠪᠦᠬᠦᠢ ᠦᠨᠡᠮᠯᠡᠯ ᠣᠯᠤᠭᠰᠠᠨ ᠲᠤᠬᠠᠶ ᠶᠢᠨ ᠵᠢᠯ ᠳᠤ 3600 ᠲᠥᠭᠦᠷᠢᠭ ᠤᠨ ᠨᠣᠷᠮ᠎ᠠ ᠪᠠᠷ ᠬᠠᠰᠤᠵᠤ ᠭᠠᠷᠭᠠᠨ᠎ᠠ᠃ ᠬᠦᠨᠳᠦ ᠡᠪᠡᠳᠴᠢᠨ ᠤ ᠡᠮᠴᠢᠯᠡᠭᠡ ᠳᠤ᠂ ᠭᠠᠶᠢᠯᠢ ᠲᠤᠰᠢᠶᠠᠬᠤ ᠨᠢᠭᠡ ᠵᠢᠯ ᠤᠨ ᠳᠣᠲᠣᠷ᠎ᠠ᠂ ᠭᠠᠶᠢᠯᠢ ᠲᠤᠰᠢᠶᠠᠭᠴᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠢ ᠬᠤᠯᠪᠣᠭᠳᠠᠬᠤ ᠡᠮ ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠳᠤ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠯᠭᠠᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠯ ︵ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠥᠪᠡᠷᠲᠡᠭᠡᠨ ᠲᠥᠯᠥᠬᠦ ᠬᠡᠰᠡᠭ ᠢ ᠵᠢᠭᠠᠵᠤ ᠪᠤᠢ ︶᠎ ᠤᠨ ᠨᠡᠶᠢᠳᠡ 15000 ᠲᠥᠭᠦᠷᠢᠭ ᠠᠴᠠ ᠬᠡᠲᠦᠷᠡᠭᠰᠡᠨ ᠬᠡᠰᠡᠭ ᠢ ᠭᠠᠶᠢᠯᠢ ᠲᠤᠰᠢᠶᠠᠭᠴᠢ ᠶᠢᠨ ᠬᠤᠷᠢᠶᠠᠩᠭᠤᠶᠢᠯᠠᠨ ᠪᠣᠳᠣᠵᠤ ᠢᠯᠭᠠᠷᠠᠭᠤᠯᠤᠨ ᠲᠤᠰᠢᠶᠠᠬᠤ ᠦᠶ᠎ᠡ ᠳᠤ 80000 ᠲᠥᠭᠦᠷᠢᠭ ᠤᠨ ᠬᠢᠵᠠᠭᠠᠷ ᠲᠤᠭ᠎ᠠ ᠶᠢᠨ ᠳᠣᠲᠣᠷ᠎ᠠ ᠪᠣᠳᠠᠲᠠᠶ ᠪᠠᠷ ᠬᠠᠰᠤᠵᠤ ᠭᠠᠷᠭᠠᠨ᠎ᠠ᠃ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠲᠤᠬᠠᠢ᠂ ᠭᠠᠶᠢᠯᠢ ᠲᠤᠰᠢᠶᠠᠭᠴᠢ ᠲᠤᠰ ᠬᠥᠮᠥᠨ ᠪᠤᠶᠤ ᠬᠤᠯᠪᠣᠰᠤ ᠨᠢ ᠬᠤᠳᠠᠯᠳᠤᠭᠠᠨ ᠤ ᠪᠠᠩᠬᠢ ᠪᠤᠶᠤ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠠᠭᠠᠷ ᠪᠤᠶᠤ ᠬᠠᠮᠲᠤ ᠪᠠᠷ ᠬᠡᠷᠡᠭᠯᠡᠭᠰᠡᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠨᠢ ᠲᠤᠰ ᠬᠥᠮᠥᠨ ᠪᠤᠶᠤ ᠲᠡᠭᠦᠨ ᠤ ᠬᠤᠯᠪᠣᠰᠤ ᠳᠠᠭᠠᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠨ ᠰᠠᠭᠤᠴᠠ ᠬᠤᠳᠠᠯᠳᠤᠨ ᠠᠪᠴᠤ ᠥᠭᠭᠦᠭᠰᠡᠨ ᠠᠩᠬᠠᠨ ᠤ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠪᠣᠳᠠᠲᠠᠶ ᠡᠭᠦᠰᠦᠭᠰᠡᠨ ᠵᠢᠭᠡᠯᠡᠯᠭᠡ ᠶᠢᠨ ᠬᠦᠦ ᠮᠥᠩᠭᠦ ᠠᠴᠠ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠶᠣᠰᠣᠭᠠᠷ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠬᠤᠭᠤᠴᠠᠭ᠎ᠠ ᠶᠢ ᠬᠠᠮᠤᠭ ᠤᠨ ᠣᠷᠳᠣ ᠳᠤ ᠪᠠᠨ 240 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠵᠥᠪᠬᠡᠨ ᠨᠢᠭᠡ ᠤᠳᠠᠭ᠎ᠠ ᠶᠢᠨ ᠠᠩᠬᠠᠨ ᠤ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ ᠰᠠᠭᠤᠯᠭᠠᠨ ᠠᠪᠴᠤ ᠪᠣᠯᠤᠨ᠎ᠠ᠃ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠭᠠᠶᠢᠯᠢ ᠲᠤᠰᠢᠶᠠᠭᠴᠢ ᠶᠢᠨ ᠭᠤᠤᠯ ᠠᠵᠢᠯᠯᠠᠵᠤ ᠪᠠᠶᠢᠭ᠎ᠠ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠠᠴᠠ ᠪᠣᠯᠵᠤ ᠡᠭᠦᠰᠦᠭᠰᠡᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠳᠣᠤᠷᠠᠬᠢ ᠪᠠᠷᠢᠮᠵᠢᠶ᠎ᠠ ᠶᠣᠰᠣᠭᠠᠷ ᠲᠣᠭᠲᠠᠭᠰᠠᠨ ᠲᠤᠭ᠎ᠠ ᠪᠠᠷ ᠰᠠᠭᠤᠯᠭᠠᠨ ᠠᠪᠴᠤ ᠪᠣᠯᠤᠨ᠎ᠠ᠄ ︵ᠨᠢᠭᠡ︶ ᠰᠢᠭᠤᠳ ᠬᠠᠷᠢᠶ᠎ᠠ ᠬᠤᠲᠠ᠂ ᠮᠤᠵᠢ ᠶᠢᠨ ᠲᠥᠪ ︵ᠲᠥᠪ︶ ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠪᠤᠰᠤᠳ ᠬᠤᠲᠠ ᠶᠢᠨ ᠰᠠᠭᠤᠯᠭᠠᠨ ᠠᠪᠬᠤ ᠪᠠᠷᠢᠮᠵᠢᠶ᠎ᠠ ᠨᠢ ᠰᠠᠷ᠎ᠠ ᠪᠦᠷᠢ 1500 ᠲᠥᠭᠦᠷᠢᠭ ᠪᠣᠯᠤᠨ᠎ᠠ︔ ︵ᠬᠤᠶᠠᠷ︶ ᠨᠢᠭᠡᠳᠦᠭᠡᠷ ᠵᠦᠢᠯ ᠳᠤ ᠵᠢᠭᠰᠠᠭᠠᠭᠰᠠᠨ ᠬᠤᠲᠠ ᠠᠴᠠ ᠭᠠᠳᠠᠨ᠎ᠠ᠂ ᠬᠤᠲᠠ ᠶᠢᠨ ᠬᠠᠷᠢᠶ᠎ᠠ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ 100 ᠲᠦᠮᠡ ᠠᠴᠠ ᠬᠡᠲᠦᠷᠡᠭᠰᠡᠨ ᠬᠤᠲᠠ᠂ ᠰᠠᠷ᠎ᠠ ᠪᠦᠷᠢ 1100 ᠲᠥᠭᠦᠷᠢᠭ ᠤᠨ ᠪᠠᠷᠢᠮᠵᠢᠶ᠎ᠠ ᠪᠠᠷ ᠬᠠᠰᠤᠵᠤ ᠭᠠᠷᠭᠠᠨ᠎ᠠ︔ ᠬᠤᠲᠠ ᠶᠢᠨ ᠬᠠᠷᠢᠶ᠎ᠠ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ 100 ᠲᠦᠮᠡ ᠠᠴᠠ ᠬᠡᠲᠦᠷᠡᠬᠦ ᠥᠬᠡᠶ ᠬᠤᠲᠠ᠂ ᠰᠠᠷ᠎ᠠ ᠪᠦᠷᠢ 800 ᠲᠥᠭᠦᠷᠢᠭ ᠤᠨ ᠪᠠᠷᠢᠮᠵᠢᠶ᠎ᠠ ᠪᠠᠷ ᠬᠠᠰᠤᠵᠤ ᠭᠠᠷᠭᠠᠨ᠎ᠠ᠃ ᠠᠩᠬᠠᠷᠤᠭᠤᠰᠢᠲᠠᠶ ᠨᠢ᠂ ᠭᠠᠶᠢᠯᠢ ᠲᠤᠰᠢᠶᠠᠭᠴᠢ ᠵᠢᠴᠢ ᠲᠡᠭᠦᠨ ᠤ ᠬᠤᠯᠪᠣᠰᠤ ᠨᠢ ᠭᠠᠶᠢᠯᠢ ᠲᠤᠰᠢᠶᠠᠬᠤ ᠨᠢᠭᠡ ᠵᠢᠯ ᠤᠨ ᠳᠣᠲᠣᠷ᠎ᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠪᠠ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠢ ᠵᠡᠷᠭᠡᠪᠡᠷ ᠡᠳ᠋ᠯᠡᠵᠦ ᠪᠣᠯᠬᠤ ᠦᠭᠡᠢ᠃ ᠨᠠᠰᠤᠲᠠᠨ ᠢᠶᠠᠨ ᠠᠴᠢᠯᠠᠨ ᠲᠡᠵᠢᠭᠡᠪᠡᠯ᠂ ᠭᠠᠶᠢᠯᠢ ᠲᠤᠰᠢᠶᠠᠭᠴᠢ ᠨᠢ ᠨᠢᠭᠡ ᠬᠥᠮᠥᠨ ᠵᠢᠴᠢ ᠪᠦᠬᠦᠯᠢ 60 ᠨᠠᠰᠤᠨ ᠠᠴᠠ ᠳᠡᠭᠡᠭᠰᠢᠬᠢ ᠠᠴᠢᠯᠠᠨ ᠲᠡᠵᠢᠭᠡᠭᠳᠡᠭᠴᠢ ᠶᠢ ᠠᠴᠢᠯᠠᠨ ᠲᠡᠵᠢᠭᠡᠪᠡᠯ ᠠᠴᠢᠯᠠᠨ ᠲᠡᠵᠢᠭᠡᠬᠦ ᠵᠠᠷᠤᠳᠠᠯ ᠢ ᠨᠢᠭᠡᠳᠦᠯᠲᠡᠶ ᠲᠣᠭᠲᠠᠭᠰᠠᠨ ᠪᠠᠷᠢᠮᠵᠢᠶ᠎ᠠ ᠶᠣᠰᠣᠭᠠᠷ ᠬᠠᠰᠤᠵᠤ᠂ ᠦᠷ᠎ᠡ ᠶᠢᠨ ᠭᠠᠭᠴᠠ ᠬᠡᠦᠬᠡᠳ ᠠᠴᠠ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠶᠣᠰᠣᠭᠠᠷ ᠬᠠᠰᠤᠵᠤ᠂ ᠦᠷ᠎ᠡ ᠶᠢᠨ ᠭᠠᠭᠴᠠ ᠬᠡᠦᠬᠡᠳ ᠪᠢᠰᠢ ᠪᠣᠯ ᠲᠡᠭᠦᠨ ᠢ ᠠᠬ᠎ᠠ ᠳᠡᠭᠦᠦ ᠡᠭᠡᠴᠢ ᠥᠬᠢᠨ ᠳᠡᠭᠦᠦ ᠠᠴᠠ ᠰᠠᠷ᠎ᠠ ᠪᠦᠷᠢ 2000 ᠲᠥᠭᠦᠷᠢᠭ ᠤᠨ ᠬᠠᠰᠤᠵᠤ᠂ ᠭᠠᠷᠭᠠᠬᠤ ᠲᠤᠭ᠎ᠠ ᠬᠡᠮᠵᠢᠶ᠎ᠡ᠂ ᠬᠥᠮᠥᠨ ᠪᠦᠷᠢ ᠶᠢᠨ ᠬᠤᠪᠢᠶᠠᠨ ᠨᠣᠭᠳᠠᠭᠤᠯᠬᠤ ᠲᠤᠭ᠎ᠠ ᠬᠡᠮᠵᠢᠶ᠎ᠡ ᠨᠢ ᠰᠠᠷ᠎ᠠ ᠪᠦᠷᠢ 1000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠲᠥᠷᠥ ᠶᠢᠨ ᠪᠣᠳᠣᠯᠭ᠎ᠠ ᠨᠡᠯᠢᠶᠡᠳ ᠣᠯᠠᠨ ᠪᠠᠶᠢᠳᠠᠭ᠂ ᠨᠠᠩ ᠨᠠᠷᠢᠨ ᠲᠣᠳᠣᠷᠬᠠᠶ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠣᠯᠠᠨ ᠢᠶᠠᠷ ᠢᠶᠠᠨ ᠰᠦᠯᠵᠢᠶ᠎ᠡ ᠪᠠᠷ ᠳᠠᠮᠵᠢᠭᠤᠯᠤᠨ ᠤᠯᠠᠮ ᠨᠢᠭᠡ ᠠᠯᠬᠤᠮ ᠣᠶᠢᠯᠠᠭᠠᠵᠤ ᠪᠣᠯᠤᠨ᠎ᠠ᠃      ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠤᠭᠰᠠᠨ ᠡᠳᠡᠭᠡᠷ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠨᠢ ᠲᠦᠭ ᠲᠦᠮᠡᠨ ᠠᠶᠢᠯ ᠡᠷᠦᠬᠡ ᠳᠤ ᠦᠨᠡᠬᠡᠷ ᠠᠰᠢᠭ ᠬᠦᠷᠲᠡᠭᠡᠵᠦ᠂ ᠭᠠᠶᠢᠯᠢ ᠲᠤᠰᠢᠶᠠᠭᠴᠢ ᠶᠢᠨ ᠭᠠᠶᠢᠯᠢ ᠶᠢᠨ ᠡᠭᠦᠷᠭᠡᠯᠡᠯ ᠢ ᠲᠦᠢᠯ ᠤᠨ ᠶᠡᠭᠡ ᠪᠠᠷ ᠪᠠᠭᠤᠷᠠᠭᠤᠯᠵᠤ᠂ ᠠᠵᠤ ᠠᠬᠤᠶᠢᠯᠠᠯ ᠪᠤᠶᠤ ᠬᠤᠪᠢ ᠬᠥᠮᠦᠨ ᠤ ᠠᠯᠢᠨ ᠳᠤ ᠴᠤ ᠭᠡᠰᠡᠨ ᠴᠥᠮ ᠦᠨᠡᠨ ᠪᠣᠳᠠᠲᠠᠶ ᠬᠠᠷᠠᠭᠠᠯᠵᠠᠯ ᠬᠦᠷᠲᠡᠭᠰᠡᠨ ᠶᠤᠮ᠃ ᠲᠡᠭᠡᠪᠡᠯ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠨᠢ ᠶᠠᠭᠤ ᠶᠠᠭᠤ ᠪᠠᠶᠢᠳᠠᠭ ᠪᠣᠶ︖      ᠸᠠᠩ ᠰᠢᠶᠠᠩ ᠶᠠᠩ᠄ ᠵᠠᠯᠭᠠᠭᠠᠳ ᠪᠢ ᠣᠯᠠᠨ ᠳᠤ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ ᠲᠠᠶᠢᠯᠪᠤᠷᠢᠯᠠᠶ᠎ᠠ᠃      ᠨᠢᠭᠡ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠴᠣᠮᠬᠠᠳᠬᠠᠨ᠎ᠠ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠴᠣᠮᠬᠠᠳᠬᠠᠬᠤ ᠪᠠ ᠮᠡᠳᠡᠭᠦᠯᠦᠨ ᠬᠦᠷᠭᠡᠬᠦ ᠪᠣᠯ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢᠭᠡᠨ ᠴᠢᠬᠤᠯᠠ ᠦᠢᠯᠡᠴᠢᠯᠡᠭᠡᠨ ᠤ ᠬᠡᠯᠪᠡᠷᠢ ᠶᠢᠨ ᠠᠷᠭ᠎ᠠ ᠬᠡᠮᠵᠢᠶ᠎ᠡ ᠮᠥᠨ᠃ 2018 ᠣᠨ ᠤ ᠡᠴᠦᠰ ᠲᠤ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ 20 ᠵᠦᠢᠯ ᠤᠨ ᠭᠠᠶᠢᠯᠢ ᠶᠢᠨ ᠶᠠᠪᠤᠳᠠᠯ ᠤᠨ ᠭᠡᠷᠡᠴᠢ ᠦᠨᠡᠮᠯᠡᠯ ᠤᠨ ᠵᠦᠢᠯᠡᠰ ᠢ ᠢᠯᠭᠠᠷᠠᠭᠤᠯᠤᠨ ᠳᠢᠭᠯᠡᠵᠦ᠂ ᠠᠵᠤ ᠠᠬᠤᠶᠢᠯᠠᠯ ᠪᠠ ᠬᠤᠪᠢ ᠬᠥᠮᠦᠨ ᠤ ᠭᠠᠶᠢᠯᠢ ᠬᠦᠢᠴᠡᠳᠬᠡᠬᠦ ᠬᠡᠷᠡᠭᠴᠡᠭᠡ ᠪᠦᠬᠦᠢ ᠬᠠᠮᠢᠶ᠎ᠠ ᠪᠦᠬᠦᠢ ᠭᠡᠷᠡᠴᠢ ᠦᠨᠡᠮᠯᠡᠯ ᠢ ᠦᠨᠡᠨ ᠬᠦ ᠴᠣᠮᠬᠠᠳᠬᠠᠪᠠ᠃ ᠡᠨᠡ ᠬᠦ ᠰᠠᠭᠤᠷᠢᠨ ᠳᠡᠭᠡᠷ᠎ᠡ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 2019 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠰᠠ ᠨᠢᠭᠡ ᠪᠦᠯᠦᠭ ᠭᠠᠶᠢᠯᠢ ᠶᠢᠨ ᠶᠠᠪᠤᠳᠠᠯ ᠤᠨ ᠭᠡᠷᠡᠴᠢᠯᠡᠬᠦ ᠵᠦᠢᠯᠡᠰ ᠢ ᠬᠦᠴᠦᠨ ᠥᠬᠡᠶ ᠪᠣᠯᠭᠠᠵᠤ᠂ 2019 ᠣᠨ ᠤ ᠡᠴᠦᠰ ᠠᠴᠠ ᠡᠮᠦᠨ᠎ᠡ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠳᠠᠬᠢᠨ 25 %᠎ ᠠᠴᠠ ᠳᠡᠭᠡᠭᠰᠢ ᠴᠣᠮᠬᠠᠳᠬᠠᠨ᠎ᠠ᠃      ᠬᠤᠶᠠᠷ ᠲᠤ᠂ ᠪᠠᠷᠢᠮᠲᠠ ᠬᠢᠵᠦ ᠥᠭᠬᠦ ᠶᠢ ᠰᠢᠯᠢᠳᠡᠭᠵᠢᠭᠦᠯᠦᠨ᠎ᠡ᠃ ᠪᠠᠷᠢᠮᠲᠠ ᠶᠢ ᠭᠦᠢᠴᠡᠳᠭᠡᠬᠦ ᠪᠣᠯ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠶᠢᠨ ᠲᠦᠭᠵᠢᠷᠡᠯ᠂ ᠡᠪᠡᠷᠰᠢᠶᠡᠯ ᠮᠥᠨ᠂ ᠡᠬᠦᠨ ᠳᠤ ᠭᠠᠶᠢᠯᠢ ᠲᠤᠰᠢᠶᠠᠬᠤ ᠨᠢᠭᠡᠳᠦᠭᠡᠷ ᠹᠷᠣᠨᠲ ᠤᠨ ᠠᠵᠢᠯᠲᠠᠨ ᠮᠠᠰᠢ ᠭᠦᠨ ᠲᠥᠷᠥᠭᠳᠡᠯ ᠲᠠᠢ ᠪᠠᠶᠢᠳᠠᠭ᠃ 2019 ᠣᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠᠷᠢᠮᠲᠠ ᠶᠢ ᠰᠢᠯᠢᠳᠡᠭᠵᠢᠭᠦᠯᠬᠦ ᠠᠯᠢ ᠣᠯᠠᠨ ᠳᠥᠭᠦᠮ ᠦᠵᠡᠭᠦᠯᠬᠦ ᠠᠷᠭ᠎ᠠ ᠬᠡᠮᠵᠢᠶ᠎ᠡ ᠠᠪᠴᠤ᠂ ᠭᠠᠶᠢᠯᠢ ᠲᠤᠰᠢᠶᠠᠭᠴᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠦᠢᠴᠡᠳ ᠬᠦᠷᠲᠡᠬᠦ ᠶᠢ ᠦᠨᠡᠨ ᠬᠦ ᠪᠠᠲᠤᠯᠠᠬᠤ ᠪᠣᠯᠤᠨ᠎ᠠ᠃ ᠨᠢᠭᠡ ᠳᠤ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠪᠡᠰᠦᠪᠡᠨ ᠥᠷᠲᠡᠭ ᠤᠨ ᠨᠡᠮᠡᠭᠳᠡᠯ ᠣᠨ ᠭᠠᠶᠢᠯᠢ ᠶᠢᠨ ᠲᠤᠰᠬᠠᠶ ᠪᠠᠷᠢᠮᠲᠠ ᠬᠢᠵᠦ ᠥᠭᠬᠦ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃ ᠡᠨᠡ ᠵᠢᠯ ᠲᠤᠷᠰᠢᠯᠲᠠ ᠬᠢᠬᠦ ᠬᠡᠪᠴᠢᠶ᠎ᠡ ᠶᠢ ᠬᠤᠨᠤᠭ ᠤᠨ ᠦᠶ᠋ᠯᠡᠰ᠂ ᠰᠢᠯᠭᠠᠨ ᠭᠡᠷᠡᠴᠢᠯᠡᠬᠦ ᠪᠠ ᠠᠰᠠᠭᠤᠨ ᠯᠠᠪᠯᠠᠬᠤ ᠦᠶ᠋ᠯᠡᠰ᠂ ᠪᠠᠷᠢᠯᠭ᠎ᠠ ᠶᠢᠨ ᠦᠶ᠋ᠯᠡᠰ᠂ ᠠᠵᠤ ᠦᠢᠯᠡᠳᠪᠦᠷᠢ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠶ᠋ᠯᠡᠰ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠶ᠋ᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ  ᠦᠢᠯᠡᠰ ᠬᠦᠷᠲᠡᠯ᠎ᠡ ᠥᠷᠭᠡᠳᠬᠡᠨ᠎ᠡ᠃ ᠲᠤᠷᠰᠢᠯᠲᠠ ᠬᠢᠬᠦ ᠬᠡᠪᠴᠢᠶᠡᠨ ᠳᠤ ᠰᠢᠨ᠎ᠡ ᠪᠠᠷ ᠣᠷᠣᠭᠤᠯᠤᠭᠰᠠᠨ ᠭᠤᠷᠪᠠᠨ ᠠᠵᠢᠯ ᠲᠥᠷᠥᠯ ᠳᠤ ᠵᠢᠵᠢᠭ ᠪᠢᠴᠢᠯ ᠠᠵᠤ ᠠᠬᠤᠶᠢᠯᠠᠯ ᠲᠥᠪᠯᠡᠷᠡᠭᠰᠡᠨ᠂ ᠣᠷᠣᠯᠠᠨ ᠭᠠᠷᠭᠠᠬᠤ ᠬᠡᠷᠡᠭᠴᠡᠭᠡ ᠱᠠᠭᠠᠷᠳᠠᠯᠭ᠎ᠠ ᠶᠡᠭᠡ᠂ ᠬᠤᠳᠠᠯ ᠢᠶᠠᠷ ᠭᠠᠷᠭᠠᠬᠤ ᠲᠦᠭᠰᠢᠭᠦᠷᠢ ᠨᠡᠯᠢᠶᠡᠳ ᠳᠣᠤᠷ᠎ᠠ ᠪᠠᠶᠢᠵᠤ᠂ ᠲᠤᠷᠰᠢᠯᠲᠠ ᠬᠢᠬᠦ ᠳᠤ ᠣᠷᠣᠭᠤᠯᠤᠭᠰᠠᠨ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠳᠤ ᠠᠰᠢᠭᠲᠠᠶ ᠶᠤᠮ᠃ ᠳᠡᠭᠡᠷ᠎ᠡ ᠳᠤᠷᠠᠳᠤᠭᠰᠠᠨ 8 ᠠᠵᠢᠯ ᠲᠥᠷᠥᠯ ᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠪᠡᠰᠦᠪᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠬᠢᠵᠦ ᠥᠭᠬᠦ ᠲᠤᠷᠰᠢᠯᠲᠠ ᠶᠢᠨ ᠬᠡᠪᠴᠢᠶᠡᠨ ᠳᠤ ᠣᠷᠣᠭᠤᠯᠵᠤ᠂ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠨᠠᠰᠢ ᠴᠠᠰᠢ ᠶᠠᠪᠤᠵᠤ ᠭᠠᠶᠢᠯᠢ ᠲᠤᠰᠢᠶᠠᠬᠤ ᠴᠠᠭ ᠢ ᠪᠦᠲᠦᠮᠵᠢᠲᠡᠶ ᠠᠷᠪᠢᠯᠠᠭᠰᠠᠨ ᠨᠢ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃ ᠬᠤᠶᠠᠷ ᠲᠤ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠭᠡᠷᠡᠴᠢᠯᠡᠭᠡ ᠶᠢ ᠬᠦᠴᠦᠨ ᠥᠬᠡᠶ ᠪᠣᠯᠭᠠᠬᠤ ᠭᠠᠶᠢᠯᠢ ᠲᠤᠰᠢᠶᠠᠭᠴᠢ ᠶᠢᠨ ᠬᠡᠪᠴᠢᠶ᠎ᠡ ᠶᠢ ᠥᠷᠭᠡᠳᠬᠡᠨ᠎ᠡ᠃ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠭᠡᠷᠡᠴᠢᠯᠡᠯᠲᠡ ᠶᠢ ᠬᠦᠴᠦᠨ ᠥᠬᠡᠶ ᠪᠣᠯᠭᠠᠬᠤ ᠭᠠᠶᠢᠯᠢ ᠲᠤᠰᠢᠶᠠᠭᠴᠢ ᠶᠢᠨ ᠬᠡᠪᠴᠢᠶ᠎ᠡ ᠶᠢ ᠪᠥᠬᠦ ᠡᠩ ᠤᠨ ᠭᠠᠶᠢᠯᠢ ᠲᠤᠰᠢᠶᠠᠭᠴᠢ ᠳᠤ ᠬᠦᠷᠲᠡᠯ᠎ᠡ ᠥᠷᠭᠡᠳᠬᠡᠭᠰᠡᠨ ᠪᠥᠭᠡᠳ 2019 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠤᠢ ᠪᠦᠬᠦᠢ ᠡᠩ ᠤᠨ ᠭᠠᠶᠢᠯᠢ ᠲᠤᠰᠢᠶᠠᠭᠴᠢ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢ ᠣᠯᠤᠭᠰᠠᠨ ᠤ ᠳᠠᠷᠠᠭ᠎ᠠ᠂ ᠴᠥᠮ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢ ᠰᠠᠶᠢᠨ ᠳᠤᠷ᠎ᠠ ᠠᠴᠠ ᠪᠠᠨ ᠬᠡᠷᠡᠭᠯᠡᠵᠦ ᠨᠤᠲᠠᠯᠠᠬᠤ ᠲᠠᠪᠴᠠᠩ ᠢ ᠰᠣᠩᠭᠤᠨ ᠲᠤᠯᠭᠠᠨ ᠰᠠᠭᠤᠯᠭᠠᠬᠤ ᠮᠡᠳᠡᠭᠦᠯᠦᠯᠲᠡ᠂ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠵᠣᠭᠤᠰ ᠪᠤᠶᠤ ᠭᠠᠶᠢᠯᠢ ᠶᠢ ᠣᠷᠣᠯᠠᠨ ᠪᠤᠴᠠᠭᠠᠬᠤ ᠳᠤ ᠬᠡᠷᠡᠭᠯᠡᠬᠦ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠮᠡᠳᠡᠭᠡ ᠵᠠᠩᠭᠢ ᠶᠢ ᠰᠣᠩᠭᠤᠵᠤ ᠪᠣᠯᠤᠨ᠎ᠠ᠂ ᠡᠨᠡ ᠨᠢ ᠭᠠᠶᠢᠯᠢ ᠲᠤᠰᠢᠶᠠᠭᠴᠢ ᠶᠢᠨ ᠭᠠᠶᠢᠯᠢ  ᠭᠦᠢᠴᠡᠳᠭᠡᠬᠦ ᠦᠢᠯᠡᠴᠢᠯᠡᠭᠡᠨ ᠤ ᠲᠢᠩᠬᠢᠮ ᠳᠤ ᠬᠦᠷᠴᠦ ᠭᠡᠷᠡᠴᠢᠯᠡᠬᠦ ᠴᠠᠭ ᠢ ᠶᠡᠭᠡ ᠪᠠᠷ ᠠᠷᠪᠢᠯᠠᠬᠤ ᠪᠣᠯᠤᠨ᠎ᠠ᠃      ᠬᠥᠲᠥᠯᠥᠭᠴᠢ᠄ ᠮᠡᠳᠡᠭᠦᠯᠦᠨ ᠬᠦᠷᠭᠡᠬᠦ ᠮᠠᠲ᠋ᠧᠷᠢᠶᠠᠯ ᠢ ᠴᠣᠮᠬᠠᠳᠬᠠᠬᠤ ᠠᠴᠠ ᠫᠢᠶᠣᠣ ᠪᠠᠷᠢᠮᠲᠠ ᠶᠢ  ᠭᠦᠢᠴᠡᠳᠭᠡᠬᠦ ᠬᠦᠷᠲᠡᠯ᠎ᠡ᠂ ᠴᠥᠮ ᠭᠠᠶᠢᠯᠢ ᠲᠤᠰᠢᠶᠠᠭᠴᠢ ᠶᠢᠨ ᠭᠠᠶᠢᠯᠢ  ᠭᠦᠢᠴᠡᠳᠭᠡᠬᠦ ᠳᠤ ᠦᠨᠳᠦᠰᠦᠨ ᠠᠴᠠ ᠨᠢ ᠳᠥᠭᠦᠮ ᠦᠵᠡᠭᠦᠯᠬᠦ ᠠᠷᠠᠳ ᠲᠤ ᠠᠰᠢᠭᠲᠠᠶ ᠠᠷᠭ᠎ᠠ ᠬᠡᠮᠵᠢᠶ᠎ᠡ ᠪᠣᠯᠤᠨ᠎ᠠ᠃ ᠡᠨᠡ ᠤᠳᠠᠭᠠᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠮᠠᠨ ᠤ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ︖      ᠸᠠᠩ ᠰᠢᠶᠠᠩ ᠶᠠᠩ᠄ ᠳᠡᠬᠡᠳᠦ ᠱᠠᠲᠤᠨ ᠤ ᠤᠳᠤᠷᠢᠳᠬᠤ ᠰᠠᠯᠠᠭ᠎ᠠ ᠮᠥᠴᠢᠷ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ ᠮᠠᠨ ᠤ ᠬᠤᠲᠠ ᠶᠢᠨ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠬᠤ᠂ ᠥᠷᠭᠡᠨ ᠣᠯᠠᠨ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢᠳ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠭᠦᠢᠴᠡᠳ ᠡᠳ᠋ᠯᠡᠬᠦ ᠶᠢ ᠦᠨᠡᠨ ᠬᠦ ᠪᠠᠲᠤᠯᠠᠨ᠎ᠠ᠃      ᠨᠢᠭᠡᠳᠦᠭᠡᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ 1 ᠰᠠᠷ᠎ᠠ ᠶᠢᠨ 25᠎ ᠤ ᠡᠳᠦᠷ ᠬᠤᠲᠠ ᠶᠢᠨ ᠲᠣᠪᠴᠢᠶ᠎ᠠ ᠨᠢ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠳᠤᠰᠢᠶᠠᠯ ᠡᠬᠦᠷᠬᠡᠯᠡᠵᠤ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠭᠰᠡᠨ ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠨᠢ ᠠᠯᠪᠠᠨ ᠭᠡᠷ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠠᠲᠠᠪᠤᠷᠢᠯᠠᠨ ᠬᠠᠮᠢᠶᠠᠷᠬᠤ ᠲᠣᠭᠠᠴᠠᠭ᠎ᠠ ᠬᠢᠬᠦ᠂ ᠰᠢᠪᠠᠳᠠᠨ ᠪᠠᠶᠢᠴᠠᠭᠠᠵᠤ ᠰᠢᠪᠠᠳᠠᠨ ᠰᠢᠶ᠋ᠳᠪᠦᠷᠢᠯᠡᠭᠦᠯᠬᠦ᠂ ᠦᠢᠯᠡᠴᠢᠯᠡᠭᠡ ᠤᠬᠠᠭᠤᠯᠭ᠎ᠠ ᠶᠢᠨ ᠠᠵᠢᠯ ᠤᠨ ᠳᠤᠭᠤᠶᠢᠯᠠᠩ ᠭᠠᠷᠭᠠᠵᠤ᠂ ᠪᠦᠷᠢᠯᠳᠦᠬᠦᠨ ᠨᠢᠭᠡᠴᠡ ᠨᠢ ᠮᠠᠨ ᠤ ᠲᠣᠪᠴᠢᠶᠠᠨ ᠤ ᠬᠤᠷᠢᠨ ᠰᠠᠯᠠᠭ᠎ᠠ ᠲᠠᠰᠤᠭ ᠲᠠᠢ ᠬᠤᠯᠪᠣᠭᠳᠠᠵᠤ᠂ ᠡᠯ᠎ᠡ ᠰᠠᠯᠠᠭ᠎ᠠ ᠲᠠᠰᠤᠭ ᠤᠨ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ ᠪᠠᠶᠢᠳᠠᠭ᠃ ᠳᠠᠷᠠᠭ᠎ᠠ ᠨᠢ᠂ ᠡᠯ᠎ᠡ ᠦᠨᠳᠦᠰᠦᠨ ᠱᠠᠲᠤᠨ ᠤ ᠲᠣᠪᠴᠢᠶ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠬᠦ ᠰᠢᠰᠲ᠋ᠧᠮ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠬᠦ ᠲᠠᠯ᠎ᠠ ᠪᠠᠷ ᠴᠢᠩᠭᠠᠳᠬᠠᠪᠠ᠃      ᠬᠤᠶᠠᠳᠤᠭᠠᠷ ᠲᠤ᠂ ᠲᠣᠭᠲᠠᠴᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠳᠤ ᠠᠵᠢᠯ ᠤᠨ ᠲᠥᠰᠦᠯ ᠢᠶᠠᠨ ᠴᠠᠭ ᠲᠤᠬᠠᠶ ᠳᠤᠨᠢ ᠲᠣᠭᠲᠠᠭᠠᠨ᠎ᠠ᠃ ᠲᠥᠰᠦᠯ ᠳᠤ ᠣᠶᠢᠷ᠎ᠠ ᠶᠢᠨ ᠬᠤᠭᠤᠴᠠᠭᠠᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠭᠤᠤᠯᠳᠠᠯᠭ᠎ᠠ ᠲᠠᠢ ᠠᠵᠢᠯ ᠢ ᠲᠣᠳᠣᠷᠬᠠᠶ ᠲᠣᠭᠲᠠᠭᠠᠵᠤ᠂ ᠬᠠᠤᠯᠢ ᠳᠦᠷᠢᠮ ᠤᠨ ᠰᠠᠯᠠᠭ᠎ᠠ᠂ ᠲᠠᠲᠠᠪᠤᠷᠢᠯᠠᠬᠤ ᠬᠠᠮᠢᠶᠠᠷᠤᠯᠲᠠ ᠶᠢᠨ ᠰᠠᠯᠠᠭ᠎ᠠ᠂ ᠣᠷᠣᠯᠭ᠎ᠠ ᠶᠢᠨ ᠲᠣᠭᠠᠴᠠᠭ᠎ᠠ ᠬᠢᠬᠦ ᠰᠠᠯᠠᠭ᠎ᠠ ᠲᠤᠰ ᠲᠤᠰ ᠲᠦᠷᠦᠭᠦᠯᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤᠭᠤᠶᠢᠯᠠᠩ᠂ ᠲᠠᠲᠠᠪᠤᠷᠢᠯᠠᠬᠤ ᠬᠠᠮᠢᠶᠠᠷᠤᠯᠲᠠ ᠶᠢᠨ ᠳᠤᠭᠤᠶᠢᠯᠠᠩ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠳᠤᠭᠤᠶᠢᠯᠠᠩ ᠵᠢᠴᠢ ᠰᠢᠮᠳᠠᠭᠤᠯᠤᠨ ᠪᠠᠶᠢᠴᠠᠭᠠᠬᠤ ᠳᠣᠲᠣᠭᠠᠳᠤ ᠳᠤ ᠪᠠᠨ ᠬᠢᠨᠠᠯᠲᠠ ᠲᠠᠯᠪᠢᠬᠤ ᠰᠠᠯᠠᠭ᠎ᠠ ᠲᠦᠷᠦᠭᠦᠯᠡᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠶ᠋ᠴᠡᠳᠬᠡᠬᠦ ᠳᠤᠭᠤᠶᠢᠯᠠᠩ ᠢ ᠪᠠᠶᠢᠭᠤᠯᠤᠭᠰᠠᠨ ᠪᠥᠭᠡᠳ ᠡᠯ᠎ᠡ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠬᠤᠶᠠᠷ ᠲᠤ ︽ᠳᠥᠷᠪᠡ ᠶᠢ ᠮᠡᠳᠡᠭᠦᠯᠬᠦ︾ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠶᠢᠯᠢ ᠬᠥᠩᠭᠡᠯᠡᠬᠦ ᠠᠯᠪᠠᠨ ᠭᠡᠷ ᠠᠴᠠ 2 ᠲᠤᠰᠬᠠᠶ ᠠᠵᠢᠯᠲᠠᠨ ᠲᠣᠬᠢᠷᠠᠭᠤᠯᠵᠤ ᠡᠳᠦᠷ ᠤᠨ ᠰᠣᠨᠢᠨ᠂ ᠲᠣᠪᠴᠢ ᠮᠡᠳᠡᠭᠡ᠂ ᠲᠤᠰᠬᠠᠶ ᠮᠡᠳᠡᠭᠦᠯᠦᠯᠲᠡ᠂ ︽ᠳᠥᠷᠪᠡᠨ ᠮᠡᠳᠡᠭᠦᠯᠦᠯᠲᠡ︾᠎ ᠶᠢ ᠨᠠᠶᠢᠷᠠᠭᠤᠯᠤᠨ ᠲᠠᠷᠬᠠᠭᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠬᠦᠯᠦᠨ᠎ᠡ᠃ ᠭᠤᠷᠪᠠ ᠳᠤ ᠲᠥᠪᠯᠡᠷᠡᠭᠦᠯᠦᠨ ᠠᠯᠪᠠᠯᠠᠬᠤ ᠠᠵᠢᠯ ᠢ ᠦᠷᠨᠢᠬᠦᠯᠦᠨ᠎ᠡ᠃ ᠭᠠᠶᠢᠯᠢ ᠬᠥᠩᠭᠡᠯᠡᠬᠦ ᠲᠤᠭ᠎ᠠ ᠪᠠᠷᠢᠮᠲᠠ ᠶᠢᠨ ᠲᠣᠭᠠᠴᠠᠭ᠎ᠠ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠭᠠᠶᠢᠯᠢ ᠬᠥᠩᠭᠡᠯᠡᠬᠦ ᠠᠯᠪᠠᠨ ᠭᠡᠷ ᠠᠴᠠ 3 ᠠᠵᠢᠯᠲᠠᠨ ᠲᠣᠬᠢᠷᠠᠭᠤᠯᠵᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠣᠭᠠᠴᠠᠭ᠎ᠠ ᠬᠢᠬᠦ ᠵᠡᠷᠭᠡ ᠪᠣᠳᠠᠲᠠᠶ ᠠᠵᠢᠯ ᠢ ᠲᠤᠰᠬᠠᠶ ᠬᠠᠷᠢᠭᠤᠴᠠᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠤᠷᠤᠭᠰᠢᠲᠠᠶ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠡᠭᠦᠨ ᠠᠴᠠ ᠭᠠᠳᠠᠨ᠎ᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠵᠤ ᠮᠡᠳᠡᠬᠦ ᠬᠦᠴᠢᠷᠳᠡᠯ ᠳᠤ ᠴᠢᠭᠯᠡᠭᠦᠯᠦᠨ᠂ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ 1 ᠠᠵᠢᠯᠲᠠᠨ ᠭᠠᠷᠭᠠᠵᠤ ᠲᠤᠰᠬᠠᠶᠢᠯᠠᠨ ᠠᠰᠠᠭᠤᠳᠠᠯ᠂ ᠰᠠᠨᠠᠭᠤᠯᠭ᠎ᠠ ᠴᠤᠭᠯᠠᠭᠤᠯᠬᠤ ᠶᠢ ᠬᠠᠷᠢᠭᠤᠴᠠᠭᠤᠯᠬᠤ ᠶᠢᠨ ᠬᠠᠮᠲᠤ ᠴᠤᠭᠯᠠᠭᠤᠯᠤᠭᠰᠠᠨ ᠠᠰᠠᠭᠤᠳᠠᠯ ᠢ ᠴᠠᠭ ᠲᠤᠬᠠᠶ ᠳᠤᠨᠢ ᠱᠠᠲᠤ ᠬᠤᠪᠢᠶᠠᠨ ᠳᠡᠭᠡᠭᠰᠢ ᠮᠡᠳᠡᠭᠦᠯᠵᠦ ᠰᠢᠢᠳᠪᠦᠷᠢᠯᠡᠬᠦ ᠪᠠᠷ ᠪᠤᠯᠪᠠ᠃ ᠳᠥᠷᠪᠡ ᠳᠤ ᠭᠠᠶᠢᠯᠢ  ᠭᠦᠢᠴᠡᠳᠬᠡᠬᠦ ᠴᠤᠩᠬᠤᠪᠴᠢ ᠶᠢ ᠰᠢᠯᠢᠳᠡᠭᠵᠢᠭᠦᠯᠦᠨ᠎ᠡ᠃ ᠪᠥᠬᠦ ᠬᠤᠲᠠ ᠶᠢᠨ ᠪᠤᠢ ᠪᠦᠬᠦᠢ ᠭᠠᠶᠢᠯᠢ  ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠴᠥᠮ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠥᠪᠯᠡᠯᠭᠡ ᠥᠭᠬᠦ ᠬᠠᠪᠰᠤᠷᠤᠨ ᠵᠢᠯᠣᠭᠤᠳᠬᠤ ᠲᠤᠰᠬᠠᠶ ᠠᠵᠢᠯ ᠤᠨ ᠪᠠᠶᠢᠷᠢ ᠪᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠤᠰᠬᠠᠶ ᠴᠣᠩᠬᠤ ᠭᠠᠷᠭᠠᠵᠤ᠂ ᠡᠭᠦᠨ ᠤ ᠬᠠᠮᠲᠤ ᠮᠡᠳᠡᠭᠦᠯᠬᠦ ᠬᠤᠭᠤᠴᠠᠭᠠᠨ ᠤ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠣᠨ ᠤᠳᠤᠷᠢᠳᠤᠯᠭ᠎ᠠ ᠶᠢᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠲᠠᠪᠤ ᠳᠤ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠬᠦ ᠲᠥᠰᠦᠯ ᠢ ᠪᠠᠶᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ᠂ ᠪᠥᠬᠦ ᠬᠤᠲᠠ ᠶᠢᠨ ᠪᠤᠢ ᠪᠦᠬᠦᠢ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠴᠥᠮ ᠬᠠᠨᠳᠤᠯᠭᠠᠲᠤ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠬᠦ ᠲᠥᠰᠦᠯ ᠢ ᠪᠠᠶᠢᠭᠤᠯᠵᠤ᠂ ᠭᠡᠨᠡᠳᠲᠡ ᠶᠢᠨ ᠪᠠᠶᠢᠳᠠᠯ ᠡᠭᠦᠰᠬᠦ ᠣᠶᠢᠶ᠎ᠠ ᠳᠤ ᠡᠮᠬᠢ ᠵᠢᠷᠤᠮ ᠲᠠᠢ ᠠᠷᠭᠠᠴᠠᠬᠤ ᠳᠤ ᠳᠥᠭᠦᠮ ᠪᠣᠯᠭᠠᠪᠠ᠃      ᠭᠤᠷᠪᠠᠳᠤᠭᠠᠷ ᠲᠤ᠂ ᠤᠬᠠᠭᠤᠯᠭ᠎ᠠ ᠬᠢᠵᠦ ᠬᠠᠪᠰᠤᠷᠤᠨ ᠵᠢᠯᠣᠭᠤᠳᠬᠤ ᠪᠣᠯᠪᠠᠰᠤᠷᠠᠯ ᠢ ᠶᠡᠬᠡᠪᠡᠷ ᠥᠷᠨᠢᠭᠦᠯᠤᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠤᠬᠠᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠤᠬᠠᠭᠤᠯᠭ᠎ᠠ ᠬᠢᠵᠦ ᠬᠠᠪᠰᠤᠷᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠭᠠᠶᠢᠯᠢ ᠲᠤᠰᠢᠶᠠᠭᠴᠢ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠵᠦᠢᠯ ᠵᠤᠷᠪᠤᠰ ᠢ ᠭᠦᠢᠴᠡᠳ ᠣᠶᠢᠯᠠᠭᠠᠭᠤᠯᠵᠤ᠂ ᠮᠡᠳᠡᠭᠦᠯᠬᠦ ᠠᠷᠭ᠎ᠠ ᠶᠢ ᠡᠵᠡᠮᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠪᠦᠬᠦ ᠲᠠᠯ᠎ᠠ ᠪᠠᠷ ᠬᠦᠷᠲᠡᠭᠡᠪᠡ᠃ ᠨᠢᠭᠡ ᠳᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠭᠠᠶᠢᠯᠢ ᠲᠤᠰᠢᠶᠠᠭᠴᠢ ᠶᠢᠨ ᠰᠤᠷᠤᠯᠭ᠎ᠠ ᠶᠢᠨ ᠳᠠᠩᠬᠢᠮ᠂ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠪᠣᠯᠪᠠᠰᠤᠷᠠᠭᠤᠯᠤᠯ ᠤᠨ ᠠᠩᠭᠢ᠂ ᠨᠢᠭᠤᠷᠲᠠᠨ ᠪᠣᠯᠪᠠᠰᠤᠷᠠᠭᠤᠯᠬᠤ᠂ ᠸᠢᠴᠠᠲ ᠢᠶᠠᠷ ᠳᠡᠪᠰᠢᠬᠦᠯᠦᠨ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠭᠴᠢ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠬᠦᠷᠲᠡᠭᠡᠨ᠎ᠡ᠃ ᠬᠤᠶᠠᠷ ᠲᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠪᠡ᠃ ᠤᠯᠠᠭᠠᠨᠴᠠᠪ ᠤᠨ ᠡᠳᠦᠷ ᠤᠨ ᠰᠣᠨᠢᠨ᠂ ᠤᠯᠠᠭᠠᠨᠴᠠᠪ ᠤᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠲᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠰᠣᠨᠢᠨ ᠮᠡᠳᠡᠭᠡᠨ ᠤ ᠤᠬᠠᠭᠤᠯᠭ᠎ᠠ ᠶᠢᠨ ᠡᠬᠡ ᠨᠣᠣᠷᠠᠭ ᠢ ᠨᠡᠶᠢᠲᠡᠯᠡᠭᠰᠡᠨ ᠪᠥᠭᠡᠳ ᠪᠥᠬᠦ ᠬᠤᠲᠠ ᠶᠢᠨ ᠪᠤᠢ ᠪᠦᠬᠦᠢ ᠭᠠᠶᠢᠯᠢ ᠭᠦᠢᠴᠡᠳᠭᠡᠬᠦ ᠲᠢᠩᠬᠢᠮ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠤᠬᠠᠭᠤᠯᠭ᠎ᠠ ᠶᠢᠨ ᠵᠢᠷᠤᠭ ᠨᠠᠭᠠᠵᠤ᠂ ᠡᠯᠧᠺᠳ᠋ᠷᠤᠨ ᠳᠡᠯᠭᠡᠴᠡᠨ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠠᠯᠪᠠᠨ ᠵᠠᠷ ᠢ ᠡᠭᠡᠯᠵᠢᠯᠡᠨ ᠨᠡᠪᠲᠡᠷᠡᠭᠦᠯᠦᠭᠰᠡᠨ ᠪᠠᠶᠢᠨ᠎ᠠ᠃ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ︽ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ︾᠎ ᠤᠨ ᠸᠢᠴᠠᠲ ᠤᠨ ᠣᠯᠠᠨ ᠨᠡᠶᠢᠢᠲᠡ ᠶᠢᠨ ᠨᠣᠮᠧᠷ ᠲᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠵᠢᠴᠢ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠪᠡ᠃      ᠳᠥᠷᠪᠡᠳᠦᠭᠡᠷ ᠲᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢᠨ ᠲᠣᠭᠠᠴᠠᠭ᠎ᠠ ᠬᠢᠬᠦ ᠵᠢᠱᠢᠯᠲᠡ ᠬᠢᠬᠦ ᠶᠢ ᠰᠠᠶᠢᠲᠤᠷ ᠬᠢᠨ᠎ᠡ᠃ ᠬᠠᠷᠢᠶ᠎ᠠ ᠣᠷᠣᠨ ᠤ ᠳᠣᠲᠣᠷᠠᠬᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠪᠠᠶᠢᠳᠠᠯ ᠢ ᠲᠣᠳᠣᠷᠬᠠᠶ ᠪᠤᠯᠭᠠᠨ᠎ᠠ᠃ ᠥᠷᠲᠡᠭ ᠤᠨ ᠨᠡᠮᠡᠭᠳᠡᠯ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠪᠠ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠲᠤᠰ ᠲᠤᠰ ᠬᠡᠳᠦᠶ ᠡᠷᠦᠬᠡ ᠪᠠᠶᠢᠬᠤ᠂ ᠡᠭᠦᠨ ᠤ ᠳᠣᠲᠣᠷ᠎ᠠ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠲᠠᠲᠠᠪᠤᠷᠢᠯᠠᠬᠤ ᠪᠡᠶᠡᠴᠢ ᠴᠣᠭᠴᠠ ᠶᠢᠨ ᠳᠠᠩᠰᠠᠯᠠᠯ ᠤᠨ ᠲᠥᠷᠥᠯ ᠬᠡᠯᠪᠡᠷᠢ ᠪᠠᠷ ᠨᠢ᠄ ᠨᠢᠬᠡᠴᠢ ᠶᠢᠨ ᠭᠠᠶᠢᠯᠢ ᠲᠤᠰᠢᠶᠠᠭᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠤᠰ ᠲᠤᠰ ᠬᠡᠳᠦᠶ ᠡᠷᠦᠬᠡ ᠪᠠᠶᠢᠬᠤ᠂ ᠪᠣᠳᠠᠲᠠᠶ ᠪᠠᠶᠢᠳᠠᠯ ᠢ ᠦᠨᠳᠦᠰᠦᠯᠡᠨ᠂ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠣᠭᠠᠷ ᠬᠥᠩᠭᠡᠯᠡᠵᠦ ᠬᠡᠯᠲᠦᠷᠢᠭᠦᠯᠦᠭᠰᠡᠨ ᠪᠠᠶᠢᠳᠠᠯ ᠢ ᠵᠢᠱᠢᠵᠦ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠷᠢᠯᠠᠭᠤᠯᠤᠯᠲᠠ ᠶᠢ ᠥᠷᠨᠢᠭᠦᠯᠬᠦ ᠳᠤ ᠳᠥᠭᠦᠮ ᠦᠵᠡᠬᠦᠯᠦᠨ᠎ᠡ᠃      ᠬᠥᠲᠥᠯᠥᠭᠴᠢ᠄ ᠪᠣᠯᠤᠨ᠎ᠠ᠃ ᠸᠠᠩ ᠲᠣᠪᠴᠢᠶᠠᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ︕ ᠪᠢᠳᠡᠨ ᠤ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ ᠨᠠᠷ ᠲᠤ ᠪᠠᠶᠠᠷᠯᠠᠯ᠎ᠠ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3