ᠴᠠᠭ᠄ 2019 ᠣᠨ 4 ᠰᠠᠷ᠎ᠠ ᠶᠢᠨ 9 ᠤ ᠡᠳᠦᠷ ᠤᠨ 8 ᠴᠠᠭ | ᠡᠷᠬᠢᠮ ᠵᠤᠴᠢᠳ᠄ ᠤᠯᠤᠰ ᠠᠴᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠸᠠᠩ | ᠰᠢᠶᠠᠩ ᠶᠠᠩ | | | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠥᠷ ᠪᠢᠳᠡ ᠮᠠᠰᠢ ᠠᠵᠠ | ᠵᠠᠪᠰᠢᠶᠠᠨ ᠢᠶᠠᠷ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠰᠢᠶᠠᠩ | ᠶᠠᠩ ᠳᠤ ᠬᠦᠷᠴᠦ ᠰᠦᠯᠵᠢᠶᠡᠨ ᠳᠡᠭᠡᠷ᠎ᠡ ᠰᠤᠷᠪᠤᠯᠵᠢᠯᠠᠬᠤ ᠫᠷᠤᠭ᠍ᠷᠠᠮ ᠢᠶᠠᠨ ᠬᠢᠵᠦ᠂ ᠸᠠᠩ ᠲᠣᠪᠴᠢᠶᠠᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ︕ | ᠸᠠᠩ ᠰᠢᠶᠠᠩ ᠶᠠᠩ᠄ ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠲᠠ ᠪᠦᠬᠦᠨ ᠰᠠᠶᠢᠨ | ᠪᠠᠶᠢᠵᠠᠭᠠᠨ᠎ᠠ ᠤᠤ︕ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ | ᠫᠷᠤᠭ᠍ᠷᠠᠮ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ | ᠬᠥᠲᠥᠯᠥᠭᠴᠢ᠄ 2014 ᠣᠨ ᠠᠴᠠ ᠡᠬᠢᠯᠡᠨ᠂ ᠪᠥᠬᠦ ᠤᠯᠤᠰ ᠠᠴᠠ ᠭᠠᠶᠢᠯᠢ ᠶᠢᠨ ᠶᠠᠪᠤᠳᠠᠯ ᠤᠨ ᠰᠢᠰᠲ᠋ᠧᠮ | ᠨᠢᠭᠡᠨᠲᠡ ᠲᠠᠪᠤᠨ ᠵᠢᠯ ᠳᠠᠷᠠᠭᠠᠯᠠᠨ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ | ᠠᠵᠢᠯᠯᠠᠭ᠎ᠠ︾ ᠥᠷᠨᠢᠭᠦᠯᠪᠡ᠂ ᠡᠨᠡ ᠵᠢᠯ ᠪᠣᠯ ᠵᠢᠷᠭᠤᠳᠤᠭᠠᠷ ᠵᠢᠯ ᠪᠣᠯᠤᠨ᠎ᠠ᠃ 2019 ᠣᠨ 2 ᠰᠠᠷ᠎ᠠ ᠶᠢᠨ 20 ᠤ | ᠡᠳᠦᠷ᠂ ︽ᠰᠢᠨ᠎ᠡ ᠭᠠᠶᠢᠯᠢ ᠶᠢᠨ ᠶᠠᠪᠤᠳᠠᠯ · ᠰᠢᠨ᠎ᠡ ᠦᠢᠯᠡᠴᠢᠯᠡᠭᠡ︾ ᠪᠠᠷ ᠭᠤᠤᠯ ᠰᠡᠳᠦᠪ ᠪᠣᠯᠭᠠᠭᠰᠠᠨ 2019 | ᠣᠨ ᠤ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾ ᠪᠡᠭᠡᠵᠢᠩ ᠳᠤ | ᠵᠢᠩᠬᠢᠨᠢ ᠪᠠᠷ ᠡᠬᠢᠯᠡᠪᠡ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠮᠠᠨ ᠤ 2019 ᠣᠨ ᠤ ︽ᠠᠷᠠᠳ ᠲᠤ | ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾ ᠶᠢᠨ ᠠᠵᠢᠯ ᠤᠨ ᠭᠤᠤᠯᠳᠠᠯᠭ᠎ᠠ ᠨᠢ ᠶᠠᠭᠤ | ᠪᠤᠢ︖ | ᠸᠠᠩ ᠰᠢᠶᠠᠩ ᠶᠠᠩ᠄ 2019 ᠣᠨ ᠤ ᠭᠠᠶᠢᠯᠢ ᠲᠠᠲᠠᠪᠤᠷᠢ ᠶᠢᠨ ᠠᠵᠢᠯ ᠤᠨ ᠭᠤᠤᠯ ᠰᠡᠳᠦᠪ ᠪᠣᠯ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ | ᠂ ᠡᠨᠡ ᠵᠢᠯ ᠤᠨ ︽ᠠᠷᠠᠳ ᠲᠤ ᠳᠦᠬᠦᠮ ᠦᠵᠡᠬᠦᠯᠬᠦ ᠭᠠᠶᠢᠯᠢ ᠡᠷᠬᠢᠯᠡᠬᠦ ᠬᠠᠪᠤᠷ ᠤᠨ ᠰᠠᠯᠬᠢ ᠠᠵᠢᠯᠯᠠᠭ᠎ᠠ︾ ᠨᠢ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠭᠤᠤᠯᠳᠠᠯᠭ᠎ᠠ ᠶᠢ ᠳᠣᠪᠤᠶᠢᠯᠭᠠᠨ᠂ ᠣᠯᠠᠨ ᠵᠦᠢᠯ ᠤᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ ᠭᠠᠷᠭᠠᠵᠤ᠂ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠬᠥᠲᠥᠯᠥᠭᠴᠢ᠄ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ | ᠲᠤᠬᠠᠢ ᠰᠠᠶ᠋ᠢᠬᠠᠨ ᠲᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠣᠯ ᠲᠤᠰ ᠲᠤᠰ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠪᠣᠯᠤᠨ᠎ᠠ ᠭᠡᠵᠦ | ᠳᠤᠷᠠᠳᠤᠭᠰᠠᠨ ᠶᠤᠮ᠂ ᠲᠡᠭᠡᠪᠡᠯ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠨᠢ ᠶᠠᠮᠠᠷ ᠶᠠᠮᠠᠷ ᠳᠠᠯ᠎ᠠ ᠪᠠᠷ | ᠪᠠᠶᠢᠳᠠᠭ ᠪᠤᠢ︖ | ᠸᠠᠩ ᠰᠢᠶᠠᠩ ᠶᠠᠩ᠄ ᠲᠥᠷᠥ ᠶᠢᠨ ᠪᠣᠳᠣᠯᠭ᠎ᠠ ᠶᠢᠨ ᠳᠠᠯ᠎ᠠ ᠪᠠᠷ᠂ ᠥᠷᠲᠡᠭ ᠤᠨ ᠨᠡᠮᠡᠭᠳᠡᠯ ᠤᠨ ᠭᠠᠶᠢᠯᠢ᠂ | ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠵᠢᠴᠢ ᠬᠤᠯᠪᠣᠭᠳᠠᠯ ᠪᠦᠬᠦᠢ ᠣᠷᠣᠨ ᠨᠤᠲᠤᠭ ᠤᠨ ᠭᠠᠶᠢᠯᠢ | ᠲᠠᠲᠠᠪᠤᠷᠢ ᠳᠤ ᠬᠤᠯᠪᠣᠭᠳᠠᠵᠤ᠂ ᠶᠠᠷᠢᠶᠠᠨ ᠥᠬᠡᠶ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ | ᠥᠭᠡᠷᠡᠴᠢᠯᠡᠯᠲᠡ ᠳᠤ ᠲᠣᠭᠲᠠᠭᠠᠭᠰᠠᠨ ᠬᠤᠯᠪᠣᠭᠳᠠᠯ ᠪᠦᠬᠦᠢ ᠰᠢᠨ᠎ᠡ ᠲᠥᠷᠥ ᠶᠢᠨ ᠪᠣᠳᠣᠯᠭ᠎ᠠ ᠶᠢ ᠴᠤ ᠪᠠᠭᠲᠠᠭᠠᠨ᠎ᠠ᠃ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠨ ᠪᠠᠶᠢᠷᠢᠯᠠᠭᠤᠯᠵᠤ᠂ | ᠣᠯᠠᠨ ᠵᠦᠢᠯ ᠤᠨ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ | ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠭᠠᠪᠠ᠂ ᠡᠭᠦᠨ ᠳᠤ᠂ | 2019 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ 2021 ᠣᠨ ᠤ 12 ᠰᠠᠷ᠎ᠠ ᠶᠢᠨ 31 ᠤ ᠡᠳᠦᠷ | ᠪᠣᠯᠲᠠᠯ᠎ᠠ᠂ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠲᠤᠰ | ᠲᠤᠭ᠎ᠠ ᠶᠢ ᠪᠠᠭᠲᠠᠭᠠᠨ᠎ᠠ︶ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ | ᠥᠷᠲᠡᠭ ᠤᠨ ᠨᠡᠮᠡᠭᠳᠡᠯ ᠭᠠᠶᠢᠯᠢ ᠲᠠᠲᠠᠪᠤᠷᠢᠯᠠᠬᠤ ᠥᠬᠡᠶ︔ ᠵᠢᠵᠢᠭ ᠬᠡᠯᠪᠡᠷᠢ ᠶᠢᠨ ᠥᠴᠦᠬᠡᠨ ᠠᠰᠢᠭ | ᠬᠤᠨᠵᠢᠪᠣᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ | ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠰᠡᠭ ᠢ 25 % ᠪᠠᠷ ᠬᠠᠰᠤᠵᠤ᠂ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ ᠪᠣᠳᠣᠵᠤ ᠣᠷᠣᠭᠤᠯᠤᠨ᠂ 20 % ᠶᠢᠨ ᠭᠠᠶᠢᠯᠢ ᠶᠢᠨ | ᠨᠣᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ︔ ᠵᠢᠯ ᠤᠨ ᠭᠠᠶᠢᠯᠢ ᠲᠤᠰᠢᠶᠠᠬᠤ | ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠭᠰᠡᠨ ᠪᠣᠯᠪᠠᠴᠤ 300 | ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠬᠡᠰᠡᠭ ᠢ 50 % ᠪᠠᠷ ᠬᠠᠰᠤᠵᠤ ᠭᠠᠶᠢᠯᠢ ᠲᠤᠰᠢᠶᠠᠬᠤ ᠶᠣᠰᠣᠲᠠᠶ | ᠠᠰᠢᠭ ᠣᠷᠣᠯᠭ᠎ᠠ ᠶᠢᠨ ᠲᠤᠭ᠎ᠠ ᠳᠤ ᠪᠣᠳᠣᠵᠤ ᠣᠷᠣᠭᠤᠯᠤᠨ᠂ 20 % ᠶᠢᠨ ᠭᠠᠶᠢᠯᠢ ᠶᠢᠨ ᠨᠣᠷᠮ᠎ᠠ ᠪᠠᠷ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃ ᠳᠡᠭᠡᠷ᠎ᠡ ᠳᠤᠷᠠᠳᠤᠭᠰᠠᠨ ᠵᠢᠵᠢᠭ ᠬᠡᠯᠪᠡᠷᠢ ᠶᠢᠨ | ᠥᠴᠦᠬᠡᠨ ᠠᠰᠢᠭᠲᠤ ᠠᠵᠤ ᠠᠬᠤᠶᠢᠯᠠᠯ ᠭᠡᠳᠡᠭ ᠨᠢ ᠤᠯᠤᠰ ᠠᠴᠠ ᠬᠢᠵᠠᠭᠠᠷᠯᠠᠯ ᠥᠬᠡᠶ ᠪᠠ ᠴᠠᠭᠠᠵᠠᠯᠠᠬᠤ ᠪᠤᠰᠤ | ᠠᠵᠢᠯ ᠲᠥᠷᠥᠯ ᠢ ᠡᠷᠬᠢᠯᠡᠬᠦ ᠶᠢᠨ ᠬᠠᠮᠲᠤ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ | ᠲᠤᠭ᠎ᠠ ᠨᠢ 300 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠨᠢ | 300 ᠬᠥᠮᠦᠨ ᠠᠴᠠ ᠬᠡᠲᠦᠷᠡᠬᠦ ᠥᠬᠡᠶ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠨᠢ 5000 ᠲᠦᠮᠡᠨ | ᠲᠥᠭᠦᠷᠢᠭ ᠠᠴᠠ ᠬᠡᠲᠦᠷᠡᠬᠦ ᠥᠬᠡᠶ ᠵᠡᠷᠭᠡ ᠭᠤᠷᠪᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠵᠢᠭᠠᠵᠤ ᠪᠠᠶᠢᠨ᠎ᠠ᠃ | ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠨᠢ ᠡᠵᠡᠩᠨᠡᠯᠲᠡ ᠶᠢᠨ | ᠥᠪᠡᠷ ᠤᠨ ᠥᠷᠲᠡᠭ ᠢ ᠪᠠᠭᠤᠷᠠᠭᠤᠯᠵᠤ᠂ ᠪᠣᠳᠠᠲᠠᠶ ᠠᠰᠢᠭ ᠣᠷᠣᠯᠭ᠎ᠠ ᠶᠢ ᠳᠡᠭᠡᠭᠰᠢᠯᠡᠭᠦᠯᠦᠨ᠂ ᠦᠨᠡᠨ ᠪᠣᠳᠠᠲᠠᠶ | ᠬᠠᠷᠠᠭᠠᠯᠵᠠᠯ ᠬᠦᠷᠲᠡᠵᠦ ᠪᠣᠯᠤᠨ᠎ᠠ᠃ | ︽ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ᠂ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ﹇2019﹈ 13 | ᠳ᠋ᠤᠭᠠᠷ ᠲᠣᠭᠠᠲᠤ︶ ᠤᠨ ᠡᠷᠬᠡ ᠣᠯᠭᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2019 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ | 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠣᠷᠣᠨ ᠤ ᠥᠷᠲᠡᠭ ᠤᠨ ᠨᠡᠮᠡᠭᠳᠡᠯ | ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠡᠬᠢ ᠪᠠᠶᠠᠯᠢᠭ ᠤᠨ ᠭᠠᠶᠢᠯᠢ ︵ᠤᠰᠤᠨ ᠤ ᠡᠬᠢ | ᠪᠠᠶᠠᠯᠢᠭ ᠤᠨ ᠭᠠᠶᠢᠯᠢ ᠶᠢ ᠪᠠᠭᠲᠠᠭᠠᠬᠤ ᠥᠬᠡᠶ︶᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ | ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ᠂ | ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠶᠢ ᠪᠠᠭᠲᠠᠭᠠᠬᠤ ᠥᠬᠡᠶ | ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠳᠤᠭ ᠤᠨ | ᠰᠤᠷᠭᠠᠨ ᠬᠥᠮᠦᠵᠢᠯ ᠤᠨ ᠨᠡᠮᠡᠯᠲᠡ ᠵᠡᠷᠭᠡ ᠶᠢ 50 % ᠪᠠᠷ ᠲᠠᠲᠠᠪᠤᠷᠢᠯᠠᠨ᠎ᠠ᠃ | ᠡᠭᠦᠨ ᠠᠴᠠ ᠭᠠᠳᠠᠨ᠎ᠠ᠂ ᠡᠨᠡ ᠤᠳᠠᠭᠠᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ | ᠥᠭᠡᠷᠡᠴᠢᠯᠡᠯᠲᠡ ᠨᠢ ᠥᠷᠭᠡᠨ ᠣᠯᠠᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠨᠢ | ᠠᠷᠠᠳ ᠲᠤ ᠪᠠᠰᠠ ᠠᠰᠢᠭᠲᠠᠶ ᠶᠤᠮ᠃ | 2018 ᠣᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠰᠢᠯᠵᠢᠯᠲᠡ ᠶᠢᠨ | ᠬᠤᠭᠤᠴᠠᠭᠠᠨ ᠤ ᠲᠥᠷᠥ ᠶᠢᠨ ᠪᠣᠳᠣᠯᠭ᠎ᠠ ᠳᠤ᠂ ᠦᠨᠹᠦᠰᠦᠨ ᠳᠡᠭᠡᠨ ᠬᠠᠰᠣᠬᠤ ᠰᠦᠢᠳᠭᠡᠯ ᠢ 3500 ᠳᠦᠬᠦᠷᠢᠭ \ | ᠰᠠᠷ᠎ᠡ ᠪᠠᠶᠢᠭᠰᠠᠨ ᠠᠴᠠ 5000 ᠲᠥᠭᠦᠷᠢᠭ \ ᠰᠠᠷ᠎ᠡ ︵ᠵᠢᠯ ᠪᠦᠷᠢ 6 ᠲᠦᠮᠡᠨ ᠲᠥᠭᠦᠷᠢᠭ︶ ᠪᠣᠯᠭᠠᠨ | ᠳᠡᠭᠡᠭᠰᠢᠯᠡᠭᠦᠯᠵᠦ᠂ ᠠᠷᠠᠳ ᠣᠯᠠᠨ ᠳᠤ ᠥᠭᠡᠷᠡᠴᠢᠯᠡᠯᠲᠡ ᠶᠢᠨ ᠠᠰᠢᠭ ᠢ ᠤᠷᠢᠳᠴᠢᠯᠠᠨ ᠣᠯᠭᠤᠪᠠ᠃ 2019 | ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠬᠤᠪᠢ ᠬᠥᠮᠦᠨ ᠤ ᠠᠰᠢᠭ | ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠶᠢ ᠬᠠᠰᠤᠬᠤ ᠲᠦᠷ ᠬᠡᠷᠡᠭᠵᠢᠭᠦᠯᠬᠦ ᠠᠷᠭ᠎ᠠ︾ ᠳᠤ᠂ | ᠦᠷ᠎ᠡ ᠬᠡᠦᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ | ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠪᠤᠶᠤ ᠣᠷᠣᠨ ᠰᠠᠭᠤᠴᠠ ᠶᠢᠨ ᠲᠦᠷᠢᠶᠡᠰᠦᠨ | ᠮᠥᠩᠭᠦ᠂ ᠨᠠᠰᠤᠲᠠᠨ ᠢ ᠠᠰᠠᠷᠠᠨ ᠲᠡᠵᠢᠭᠡᠬᠦ ᠵᠡᠷᠭᠡ ᠵᠢᠷᠭᠤᠭᠠᠨ ᠵᠦᠢᠯ ᠤᠨ ᠲᠤᠰᠬᠠᠶ ᠵᠦᠢᠯ ᠤᠨ ᠨᠡᠮᠡᠯᠲᠡ ᠶᠢ | ᠪᠠᠭᠲᠠᠭᠠᠪᠠ᠃ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ᠂ ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠤᠨ | ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠦᠷᠲᠡᠬᠦ ᠬᠠᠮᠢᠶ᠎ᠠ ᠪᠦᠬᠦᠢ | ᠵᠠᠷᠤᠯᠭ᠎ᠠ ᠨᠢ ᠨᠥᠬᠦᠴᠡᠯ ᠳᠤ ᠨᠡᠶᠢᠴᠡᠭᠰᠡᠨ ᠪᠠᠶᠢᠪᠠᠯ ᠦᠷ᠎ᠡ ᠬᠡᠦᠬᠡᠳ ᠨᠢᠭᠡᠪᠦᠷᠢ ᠳᠤ ᠰᠠᠷ᠎ᠠ ᠪᠦᠷᠢ 1000 | ᠲᠥᠭᠦᠷᠢᠭ ᠤᠨ ᠪᠠᠷᠢᠮᠵᠢᠶᠠᠳᠣ ᠳᠣᠭᠳᠠᠭᠰᠠᠨ ᠳᠤᠭ᠎ᠠ ᠪᠠᠷ ᠬᠠᠰᠤᠵᠤ ᠭᠠᠷᠭᠠᠨ᠎ᠠ᠃ ᠦᠷᠭᠦᠯᠵᠢᠯᠡᠨ ᠰᠤᠷᠭᠠᠨ | ᠬᠥᠮᠦᠵᠢᠭᠦᠯᠬᠦ ᠳᠤ᠂ ᠭᠠᠶᠢᠯᠢ ᠲᠤᠰᠢᠶᠠᠭᠴᠢ ᠳᠤᠮᠳᠠᠳᠤ ᠤᠯᠤᠰ ᠤᠨ ᠬᠢᠯᠢ ᠳᠣᠲᠣᠷ᠎ᠠ ᠰᠤᠷᠤᠯᠭ᠎ᠠ ᠶᠢᠨ ᠨᠠᠮᠲᠠᠷ ︵ | ᠡᠷᠳᠡᠮ ᠤᠨ ᠴᠣᠯᠠ︶ ᠤᠨ ᠦᠷᠭᠦᠯᠵᠢᠯᠡᠨ ᠰᠤᠷᠭᠠᠨ ᠬᠥᠮᠦᠵᠢᠯ ᠬᠦᠷᠲᠡᠬᠦ ᠵᠠᠷᠤᠯᠭ᠎ᠠ ᠶᠢ ᠰᠤᠷᠤᠯᠭ᠎ᠠ ᠶᠢᠨ ᠨᠠᠮᠲᠠᠷ ︵ | ᠡᠷᠳᠡᠮ ᠤᠨ ᠴᠣᠯᠠ︶ ᠤᠨ ᠰᠤᠷᠭᠠᠨ ᠬᠥᠮᠦᠵᠢᠯ ᠤᠨ ᠬᠤᠭᠤᠴᠠᠭᠠᠨ ᠳᠤ ᠰᠠᠷ᠎ᠠ ᠪᠦᠷᠢ 400 ᠲᠥᠭᠦᠷᠢᠭ ᠤᠨ | ᠨᠣᠷᠮ᠎ᠠ ᠪᠠᠷ ᠬᠠᠰᠤᠵᠤ ᠭᠠᠷᠭᠠᠨ᠎ᠠ᠃ ᠠᠳᠠᠯᠢ ᠨᠢᠭᠡ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ | ᠦᠷᠭᠦᠯᠵᠢᠯᠡᠨ ᠰᠤᠷᠭᠠᠨ ᠬᠥᠮᠦᠵᠢᠭᠦᠯᠬᠦ ᠬᠤᠭᠤᠴᠠᠭ᠎ᠠ ᠶᠢ 48 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠃ | ᠭᠠᠶᠢᠯᠢ ᠲᠤᠰᠢᠶᠠᠭᠴᠢ ᠶᠢᠨ ᠮᠡᠷᠭᠡᠵᠢᠯ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ | ᠦᠷᠭᠦᠯᠵᠢᠯᠡᠭᠰᠡᠨ ᠰᠤᠷᠭᠠᠨ ᠬᠥᠮᠦᠵᠢᠯ᠂ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ | ᠬᠡᠮ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠲᠡᠭᠰᠡᠨ ᠵᠠᠷᠤᠯᠭ᠎ᠠ ᠶᠢ ᠬᠤᠯᠪᠣᠭᠳᠠᠯ ᠪᠦᠬᠦᠢ ᠦᠨᠡᠮᠯᠡᠯ | ᠣᠯᠤᠭᠰᠠᠨ ᠲᠤᠬᠠᠶ ᠶᠢᠨ ᠵᠢᠯ ᠳᠤ 3600 ᠲᠥᠭᠦᠷᠢᠭ ᠤᠨ ᠨᠣᠷᠮ᠎ᠠ ᠪᠠᠷ ᠬᠠᠰᠤᠵᠤ ᠭᠠᠷᠭᠠᠨ᠎ᠠ᠃ ᠬᠦᠨᠳᠦ | ᠡᠪᠡᠳᠴᠢᠨ ᠤ ᠡᠮᠴᠢᠯᠡᠭᠡ ᠳᠤ᠂ ᠭᠠᠶᠢᠯᠢ ᠲᠤᠰᠢᠶᠠᠬᠤ ᠨᠢᠭᠡ ᠵᠢᠯ ᠤᠨ ᠳᠣᠲᠣᠷ᠎ᠠ᠂ ᠭᠠᠶᠢᠯᠢ ᠲᠤᠰᠢᠶᠠᠭᠴᠢ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠢ ᠬᠤᠯᠪᠣᠭᠳᠠᠬᠤ ᠡᠮ ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠳᠤ᠂ | ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠯᠭᠠᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠯ ︵ᠡᠮ | ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠥᠪᠡᠷᠲᠡᠭᠡᠨ ᠲᠥᠯᠥᠬᠦ ᠬᠡᠰᠡᠭ ᠢ ᠵᠢᠭᠠᠵᠤ ᠪᠤᠢ | ︶ ᠤᠨ ᠨᠡᠶᠢᠳᠡ 15000 ᠲᠥᠭᠦᠷᠢᠭ ᠠᠴᠠ ᠬᠡᠲᠦᠷᠡᠭᠰᠡᠨ ᠬᠡᠰᠡᠭ ᠢ ᠭᠠᠶᠢᠯᠢ ᠲᠤᠰᠢᠶᠠᠭᠴᠢ ᠶᠢᠨ ᠬᠤᠷᠢᠶᠠᠩᠭᠤᠶᠢᠯᠠᠨ | ᠪᠣᠳᠣᠵᠤ ᠢᠯᠭᠠᠷᠠᠭᠤᠯᠤᠨ ᠲᠤᠰᠢᠶᠠᠬᠤ ᠦᠶ᠎ᠡ ᠳᠤ 80000 ᠲᠥᠭᠦᠷᠢᠭ ᠤᠨ ᠬᠢᠵᠠᠭᠠᠷ ᠲᠤᠭ᠎ᠠ ᠶᠢᠨ ᠳᠣᠲᠣᠷ᠎ᠠ | ᠪᠣᠳᠠᠲᠠᠶ ᠪᠠᠷ ᠬᠠᠰᠤᠵᠤ ᠭᠠᠷᠭᠠᠨ᠎ᠠ᠃ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠲᠤᠬᠠᠢ᠂ ᠭᠠᠶᠢᠯᠢ | ᠲᠤᠰᠢᠶᠠᠭᠴᠢ ᠲᠤᠰ ᠬᠥᠮᠥᠨ ᠪᠤᠶᠤ ᠬᠤᠯᠪᠣᠰᠤ ᠨᠢ ᠬᠤᠳᠠᠯᠳᠤᠭᠠᠨ ᠤ ᠪᠠᠩᠬᠢ ᠪᠤᠶᠤ ᠣᠷᠣᠨ ᠰᠠᠭᠤᠴᠠ ᠶᠢᠨ | ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠠᠭᠠᠷ ᠪᠤᠶᠤ ᠬᠠᠮᠲᠤ ᠪᠠᠷ ᠬᠡᠷᠡᠭᠯᠡᠭᠰᠡᠨ ᠬᠤᠪᠢ ᠬᠥᠮᠦᠨ ᠤ | ᠣᠷᠣᠨ ᠰᠠᠭᠤᠴᠠ ᠶᠢᠨ ᠵᠢᠭᠡᠯᠡᠯᠭᠡ ᠨᠢ ᠲᠤᠰ ᠬᠥᠮᠥᠨ ᠪᠤᠶᠤ ᠲᠡᠭᠦᠨ ᠤ ᠬᠤᠯᠪᠣᠰᠤ ᠳᠠᠭᠠᠨ ᠳᠤᠮᠳᠠᠳᠤ ᠤᠯᠤᠰ ᠤᠨ | ᠬᠢᠯᠢ ᠶᠢᠨ ᠳᠣᠲᠣᠷᠠᠬᠢ ᠣᠷᠣᠨ ᠰᠠᠭᠤᠴᠠ ᠬᠤᠳᠠᠯᠳᠤᠨ ᠠᠪᠴᠤ ᠥᠭᠭᠦᠭᠰᠡᠨ ᠠᠩᠬᠠᠨ ᠤ ᠢᠵᠢ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠪᠣᠳᠠᠲᠠᠶ ᠡᠭᠦᠰᠦᠭᠰᠡᠨ ᠵᠢᠭᠡᠯᠡᠯᠭᠡ ᠶᠢᠨ ᠬᠦᠦ | ᠮᠥᠩᠭᠦ ᠠᠴᠠ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠶᠣᠰᠣᠭᠠᠷ ᠰᠠᠭᠤᠯᠭᠠᠨ ᠠᠪᠤᠨ᠎ᠠ᠂ ᠰᠠᠭᠤᠯᠭᠠᠨ | ᠠᠪᠬᠤ ᠬᠤᠭᠤᠴᠠᠭ᠎ᠠ ᠶᠢ ᠬᠠᠮᠤᠭ ᠤᠨ ᠣᠷᠳᠣ ᠳᠤ ᠪᠠᠨ 240 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ ᠪᠥᠭᠡᠳ | ᠵᠥᠪᠬᠡᠨ ᠨᠢᠭᠡ ᠤᠳᠠᠭ᠎ᠠ ᠶᠢᠨ ᠠᠩᠬᠠᠨ ᠤ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ | ᠰᠠᠭᠤᠯᠭᠠᠨ ᠠᠪᠴᠤ ᠪᠣᠯᠤᠨ᠎ᠠ᠃ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠭᠠᠶᠢᠯᠢ ᠲᠤᠰᠢᠶᠠᠭᠴᠢ ᠶᠢᠨ | ᠭᠤᠤᠯ ᠠᠵᠢᠯᠯᠠᠵᠤ ᠪᠠᠶᠢᠭ᠎ᠠ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠠᠴᠠ ᠪᠣᠯᠵᠤ ᠡᠭᠦᠰᠦᠭᠰᠡᠨ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠳᠣᠤᠷᠠᠬᠢ ᠪᠠᠷᠢᠮᠵᠢᠶ᠎ᠠ ᠶᠣᠰᠣᠭᠠᠷ ᠲᠣᠭᠲᠠᠭᠰᠠᠨ | ᠲᠤᠭ᠎ᠠ ᠪᠠᠷ ᠰᠠᠭᠤᠯᠭᠠᠨ ᠠᠪᠴᠤ ᠪᠣᠯᠤᠨ᠎ᠠ᠄ ︵ᠨᠢᠭᠡ︶ ᠰᠢᠭᠤᠳ ᠬᠠᠷᠢᠶ᠎ᠠ ᠬᠤᠲᠠ᠂ ᠮᠤᠵᠢ ᠶᠢᠨ ᠲᠥᠪ ︵ᠲᠥᠪ︶ | ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠭᠰᠠᠨ ᠪᠤᠰᠤᠳ ᠬᠤᠲᠠ ᠶᠢᠨ ᠰᠠᠭᠤᠯᠭᠠᠨ ᠠᠪᠬᠤ ᠪᠠᠷᠢᠮᠵᠢᠶ᠎ᠠ ᠨᠢ ᠰᠠᠷ᠎ᠠ ᠪᠦᠷᠢ 1500 ᠲᠥᠭᠦᠷᠢᠭ | ᠪᠣᠯᠤᠨ᠎ᠠ︔ ︵ᠬᠤᠶᠠᠷ︶ ᠨᠢᠭᠡᠳᠦᠭᠡᠷ ᠵᠦᠢᠯ ᠳᠤ ᠵᠢᠭᠰᠠᠭᠠᠭᠰᠠᠨ ᠬᠤᠲᠠ ᠠᠴᠠ ᠭᠠᠳᠠᠨ᠎ᠠ᠂ ᠬᠤᠲᠠ ᠶᠢᠨ ᠬᠠᠷᠢᠶ᠎ᠠ | ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ 100 ᠲᠦᠮᠡ ᠠᠴᠠ ᠬᠡᠲᠦᠷᠡᠭᠰᠡᠨ ᠬᠤᠲᠠ᠂ ᠰᠠᠷ᠎ᠠ | ᠪᠦᠷᠢ 1100 ᠲᠥᠭᠦᠷᠢᠭ ᠤᠨ ᠪᠠᠷᠢᠮᠵᠢᠶ᠎ᠠ ᠪᠠᠷ ᠬᠠᠰᠤᠵᠤ ᠭᠠᠷᠭᠠᠨ᠎ᠠ︔ ᠬᠤᠲᠠ ᠶᠢᠨ ᠬᠠᠷᠢᠶ᠎ᠠ ᠲᠣᠭᠤᠷᠢᠭ ᠤᠨ | ᠡᠷᠦᠬᠡ ᠠᠮᠠ ᠶᠢᠨ ᠳᠠᠩᠰᠠ ᠲᠠᠢ ᠬᠦᠮᠦᠨ ᠠᠮᠠ 100 ᠲᠦᠮᠡ ᠠᠴᠠ ᠬᠡᠲᠦᠷᠡᠬᠦ ᠥᠬᠡᠶ ᠬᠤᠲᠠ᠂ ᠰᠠᠷ᠎ᠠ ᠪᠦᠷᠢ | 800 ᠲᠥᠭᠦᠷᠢᠭ ᠤᠨ ᠪᠠᠷᠢᠮᠵᠢᠶ᠎ᠠ ᠪᠠᠷ ᠬᠠᠰᠤᠵᠤ ᠭᠠᠷᠭᠠᠨ᠎ᠠ᠃ ᠠᠩᠬᠠᠷᠤᠭᠤᠰᠢᠲᠠᠶ ᠨᠢ᠂ ᠭᠠᠶᠢᠯᠢ ᠲᠤᠰᠢᠶᠠᠭᠴᠢ | ᠵᠢᠴᠢ ᠲᠡᠭᠦᠨ ᠤ ᠬᠤᠯᠪᠣᠰᠤ ᠨᠢ ᠭᠠᠶᠢᠯᠢ ᠲᠤᠰᠢᠶᠠᠬᠤ ᠨᠢᠭᠡ ᠵᠢᠯ ᠤᠨ ᠳᠣᠲᠣᠷ᠎ᠠ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦ ᠪᠠ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠲᠤᠰᠬᠠᠶ ᠵᠦᠢᠯ ᠤᠨ | ᠨᠡᠮᠡᠯᠲᠡ ᠰᠠᠭᠤᠳᠬᠠᠯ ᠢ ᠵᠡᠷᠭᠡᠪᠡᠷ ᠡᠳ᠋ᠯᠡᠵᠦ ᠪᠣᠯᠬᠤ ᠦᠭᠡᠢ᠃ ᠨᠠᠰᠤᠲᠠᠨ ᠢᠶᠠᠨ ᠠᠴᠢᠯᠠᠨ ᠲᠡᠵᠢᠭᠡᠪᠡᠯ᠂ ᠭᠠᠶᠢᠯᠢ | ᠲᠤᠰᠢᠶᠠᠭᠴᠢ ᠨᠢ ᠨᠢᠭᠡ ᠬᠥᠮᠥᠨ ᠵᠢᠴᠢ ᠪᠦᠬᠦᠯᠢ 60 ᠨᠠᠰᠤᠨ ᠠᠴᠠ ᠳᠡᠭᠡᠭᠰᠢᠬᠢ ᠠᠴᠢᠯᠠᠨ ᠲᠡᠵᠢᠭᠡᠭᠳᠡᠭᠴᠢ ᠶᠢ | ᠠᠴᠢᠯᠠᠨ ᠲᠡᠵᠢᠭᠡᠪᠡᠯ ᠠᠴᠢᠯᠠᠨ ᠲᠡᠵᠢᠭᠡᠬᠦ ᠵᠠᠷᠤᠳᠠᠯ ᠢ ᠨᠢᠭᠡᠳᠦᠯᠲᠡᠶ ᠲᠣᠭᠲᠠᠭᠰᠠᠨ ᠪᠠᠷᠢᠮᠵᠢᠶ᠎ᠠ ᠶᠣᠰᠣᠭᠠᠷ ᠬᠠᠰᠤᠵᠤ᠂ | ᠦᠷ᠎ᠡ ᠶᠢᠨ ᠭᠠᠭᠴᠠ ᠬᠡᠦᠬᠡᠳ ᠠᠴᠠ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠶᠣᠰᠣᠭᠠᠷ ᠬᠠᠰᠤᠵᠤ᠂ | ᠦᠷ᠎ᠡ ᠶᠢᠨ ᠭᠠᠭᠴᠠ ᠬᠡᠦᠬᠡᠳ ᠪᠢᠰᠢ ᠪᠣᠯ ᠲᠡᠭᠦᠨ ᠢ ᠠᠬ᠎ᠠ ᠳᠡᠭᠦᠦ ᠡᠭᠡᠴᠢ ᠥᠬᠢᠨ ᠳᠡᠭᠦᠦ ᠠᠴᠠ ᠰᠠᠷ᠎ᠠ ᠪᠦᠷᠢ | 2000 ᠲᠥᠭᠦᠷᠢᠭ ᠤᠨ ᠬᠠᠰᠤᠵᠤ᠂ ᠭᠠᠷᠭᠠᠬᠤ ᠲᠤᠭ᠎ᠠ ᠬᠡᠮᠵᠢᠶ᠎ᠡ᠂ ᠬᠥᠮᠥᠨ ᠪᠦᠷᠢ ᠶᠢᠨ ᠬᠤᠪᠢᠶᠠᠨ ᠨᠣᠭᠳᠠᠭᠤᠯᠬᠤ | ᠲᠤᠭ᠎ᠠ ᠬᠡᠮᠵᠢᠶ᠎ᠡ ᠨᠢ ᠰᠠᠷ᠎ᠠ ᠪᠦᠷᠢ 1000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠲᠥᠷᠥ ᠶᠢᠨ ᠪᠣᠳᠣᠯᠭ᠎ᠠ | ᠨᠡᠯᠢᠶᠡᠳ ᠣᠯᠠᠨ ᠪᠠᠶᠢᠳᠠᠭ᠂ ᠨᠠᠩ ᠨᠠᠷᠢᠨ ᠲᠣᠳᠣᠷᠬᠠᠶ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ | ᠣᠯᠠᠨ ᠢᠶᠠᠷ ᠢᠶᠠᠨ ᠰᠦᠯᠵᠢᠶ᠎ᠡ ᠪᠠᠷ ᠳᠠᠮᠵᠢᠭᠤᠯᠤᠨ ᠤᠯᠠᠮ ᠨᠢᠭᠡ ᠠᠯᠬᠤᠮ ᠣᠶᠢᠯᠠᠭᠠᠵᠤ ᠪᠣᠯᠤᠨ᠎ᠠ᠃ | ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠤᠭᠰᠠᠨ ᠡᠳᠡᠭᠡᠷ ᠭᠠᠶᠢᠯᠢ ᠲᠠᠲᠠᠪᠤᠷᠢ ᠶᠢᠨ | ᠲᠥᠷᠥ ᠶᠢᠨ ᠪᠣᠳᠣᠯᠭ᠎ᠠ ᠨᠢ ᠲᠦᠭ ᠲᠦᠮᠡᠨ ᠠᠶᠢᠯ ᠡᠷᠦᠬᠡ ᠳᠤ ᠦᠨᠡᠬᠡᠷ ᠠᠰᠢᠭ ᠬᠦᠷᠲᠡᠭᠡᠵᠦ᠂ ᠭᠠᠶᠢᠯᠢ | ᠲᠤᠰᠢᠶᠠᠭᠴᠢ ᠶᠢᠨ ᠭᠠᠶᠢᠯᠢ ᠶᠢᠨ ᠡᠭᠦᠷᠭᠡᠯᠡᠯ ᠢ ᠲᠦᠢᠯ ᠤᠨ ᠶᠡᠭᠡ ᠪᠠᠷ ᠪᠠᠭᠤᠷᠠᠭᠤᠯᠵᠤ᠂ ᠠᠵᠤ ᠠᠬᠤᠶᠢᠯᠠᠯ ᠪᠤᠶᠤ | ᠬᠤᠪᠢ ᠬᠥᠮᠦᠨ ᠤ ᠠᠯᠢᠨ ᠳᠤ ᠴᠤ ᠭᠡᠰᠡᠨ ᠴᠥᠮ ᠦᠨᠡᠨ ᠪᠣᠳᠠᠲᠠᠶ ᠬᠠᠷᠠᠭᠠᠯᠵᠠᠯ ᠬᠦᠷᠲᠡᠭᠰᠡᠨ ᠶᠤᠮ᠃ ᠲᠡᠭᠡᠪᠡᠯ | ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠨᠢ ᠶᠠᠭᠤ ᠶᠠᠭᠤ ᠪᠠᠶᠢᠳᠠᠭ ᠪᠣᠶ︖ | ᠸᠠᠩ ᠰᠢᠶᠠᠩ ᠶᠠᠩ᠄ ᠵᠠᠯᠭᠠᠭᠠᠳ ᠪᠢ ᠣᠯᠠᠨ ᠳᠤ ᠦᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ | ᠲᠠᠶᠢᠯᠪᠤᠷᠢᠯᠠᠶ᠎ᠠ᠃ | ᠨᠢᠭᠡ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠴᠣᠮᠬᠠᠳᠬᠠᠨ᠎ᠠ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ | ᠴᠣᠮᠬᠠᠳᠬᠠᠬᠤ ᠪᠠ ᠮᠡᠳᠡᠭᠦᠯᠦᠨ ᠬᠦᠷᠭᠡᠬᠦ ᠪᠣᠯ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢᠭᠡᠨ ᠴᠢᠬᠤᠯᠠ ᠦᠢᠯᠡᠴᠢᠯᠡᠭᠡᠨ ᠤ ᠬᠡᠯᠪᠡᠷᠢ ᠶᠢᠨ ᠠᠷᠭ᠎ᠠ ᠬᠡᠮᠵᠢᠶ᠎ᠡ ᠮᠥᠨ᠃ | 2018 ᠣᠨ ᠤ ᠡᠴᠦᠰ ᠲᠤ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ 20 ᠵᠦᠢᠯ ᠤᠨ ᠭᠠᠶᠢᠯᠢ ᠶᠢᠨ | ᠶᠠᠪᠤᠳᠠᠯ ᠤᠨ ᠭᠡᠷᠡᠴᠢ ᠦᠨᠡᠮᠯᠡᠯ ᠤᠨ ᠵᠦᠢᠯᠡᠰ ᠢ ᠢᠯᠭᠠᠷᠠᠭᠤᠯᠤᠨ ᠳᠢᠭᠯᠡᠵᠦ᠂ ᠠᠵᠤ ᠠᠬᠤᠶᠢᠯᠠᠯ ᠪᠠ ᠬᠤᠪᠢ | ᠬᠥᠮᠦᠨ ᠤ ᠭᠠᠶᠢᠯᠢ ᠬᠦᠢᠴᠡᠳᠬᠡᠬᠦ ᠬᠡᠷᠡᠭᠴᠡᠭᠡ ᠪᠦᠬᠦᠢ ᠬᠠᠮᠢᠶ᠎ᠠ ᠪᠦᠬᠦᠢ ᠭᠡᠷᠡᠴᠢ ᠦᠨᠡᠮᠯᠡᠯ ᠢ ᠦᠨᠡᠨ ᠬᠦ | ᠴᠣᠮᠬᠠᠳᠬᠠᠪᠠ᠃ ᠡᠨᠡ ᠬᠦ ᠰᠠᠭᠤᠷᠢᠨ ᠳᠡᠭᠡᠷ᠎ᠡ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 2019 ᠣᠨ ᠤ 3 | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠰᠠ ᠨᠢᠭᠡ ᠪᠦᠯᠦᠭ ᠭᠠᠶᠢᠯᠢ ᠶᠢᠨ ᠶᠠᠪᠤᠳᠠᠯ ᠤᠨ ᠭᠡᠷᠡᠴᠢᠯᠡᠬᠦ ᠵᠦᠢᠯᠡᠰ ᠢ | ᠬᠦᠴᠦᠨ ᠥᠬᠡᠶ ᠪᠣᠯᠭᠠᠵᠤ᠂ 2019 ᠣᠨ ᠤ ᠡᠴᠦᠰ ᠠᠴᠠ ᠡᠮᠦᠨ᠎ᠡ ᠭᠠᠶᠢᠯᠢ ᠲᠤᠰᠢᠶᠠᠭᠴᠢ ᠶᠢᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠳᠠᠬᠢᠨ 25 % ᠠᠴᠠ ᠳᠡᠭᠡᠭᠰᠢ | ᠴᠣᠮᠬᠠᠳᠬᠠᠨ᠎ᠠ᠃ | ᠬᠤᠶᠠᠷ ᠲᠤ᠂ ᠪᠠᠷᠢᠮᠲᠠ ᠬᠢᠵᠦ ᠥᠭᠬᠦ ᠶᠢ ᠰᠢᠯᠢᠳᠡᠭᠵᠢᠭᠦᠯᠦᠨ᠎ᠡ᠃ ᠪᠠᠷᠢᠮᠲᠠ ᠶᠢ ᠭᠦᠢᠴᠡᠳᠭᠡᠬᠦ ᠪᠣᠯ ᠭᠠᠶᠢᠯᠢ | ᠲᠤᠰᠢᠶᠠᠭᠴᠢ ᠶᠢᠨ ᠭᠠᠶᠢᠯᠢ ᠭᠦᠢᠴᠡᠳᠭᠡᠬᠦ ᠶᠢᠨ ᠲᠦᠭᠵᠢᠷᠡᠯ᠂ ᠡᠪᠡᠷᠰᠢᠶᠡᠯ ᠮᠥᠨ᠂ ᠡᠬᠦᠨ ᠳᠤ ᠭᠠᠶᠢᠯᠢ ᠲᠤᠰᠢᠶᠠᠬᠤ | ᠨᠢᠭᠡᠳᠦᠭᠡᠷ ᠹᠷᠣᠨᠲ ᠤᠨ ᠠᠵᠢᠯᠲᠠᠨ ᠮᠠᠰᠢ ᠭᠦᠨ ᠲᠥᠷᠥᠭᠳᠡᠯ ᠲᠠᠢ ᠪᠠᠶᠢᠳᠠᠭ᠃ 2019 ᠣᠨ ᠳᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠪᠠᠷᠢᠮᠲᠠ ᠶᠢ ᠰᠢᠯᠢᠳᠡᠭᠵᠢᠭᠦᠯᠬᠦ ᠠᠯᠢ ᠣᠯᠠᠨ ᠳᠥᠭᠦᠮ ᠦᠵᠡᠭᠦᠯᠬᠦ ᠠᠷᠭ᠎ᠠ ᠬᠡᠮᠵᠢᠶ᠎ᠡ | ᠠᠪᠴᠤ᠂ ᠭᠠᠶᠢᠯᠢ ᠲᠤᠰᠢᠶᠠᠭᠴᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠢ ᠭᠦᠢᠴᠡᠳ ᠬᠦᠷᠲᠡᠬᠦ ᠶᠢ ᠦᠨᠡᠨ ᠬᠦ ᠪᠠᠲᠤᠯᠠᠬᠤ ᠪᠣᠯᠤᠨ᠎ᠠ᠃ ᠨᠢᠭᠡ ᠳᠤ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠪᠡᠰᠦᠪᠡᠨ ᠥᠷᠲᠡᠭ ᠤᠨ ᠨᠡᠮᠡᠭᠳᠡᠯ ᠣᠨ ᠭᠠᠶᠢᠯᠢ ᠶᠢᠨ ᠲᠤᠰᠬᠠᠶ | ᠪᠠᠷᠢᠮᠲᠠ ᠬᠢᠵᠦ ᠥᠭᠬᠦ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃ ᠡᠨᠡ ᠵᠢᠯ ᠲᠤᠷᠰᠢᠯᠲᠠ ᠬᠢᠬᠦ ᠬᠡᠪᠴᠢᠶ᠎ᠡ ᠶᠢ | ᠬᠤᠨᠤᠭ ᠤᠨ ᠦᠶ᠋ᠯᠡᠰ᠂ ᠰᠢᠯᠭᠠᠨ ᠭᠡᠷᠡᠴᠢᠯᠡᠬᠦ ᠪᠠ ᠠᠰᠠᠭᠤᠨ ᠯᠠᠪᠯᠠᠬᠤ ᠦᠶ᠋ᠯᠡᠰ᠂ ᠪᠠᠷᠢᠯᠭ᠎ᠠ ᠶᠢᠨ ᠦᠶ᠋ᠯᠡᠰ᠂ ᠠᠵᠤ | ᠦᠢᠯᠡᠳᠪᠦᠷᠢ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠶ᠋ᠯᠡᠰ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠶ᠋ᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ ᠬᠦᠷᠲᠡᠯ᠎ᠡ ᠥᠷᠭᠡᠳᠬᠡᠨ᠎ᠡ᠃ | ᠲᠤᠷᠰᠢᠯᠲᠠ ᠬᠢᠬᠦ ᠬᠡᠪᠴᠢᠶᠡᠨ ᠳᠤ ᠰᠢᠨ᠎ᠡ ᠪᠠᠷ ᠣᠷᠣᠭᠤᠯᠤᠭᠰᠠᠨ ᠭᠤᠷᠪᠠᠨ ᠠᠵᠢᠯ ᠲᠥᠷᠥᠯ ᠳᠤ ᠵᠢᠵᠢᠭ ᠪᠢᠴᠢᠯ | ᠠᠵᠤ ᠠᠬᠤᠶᠢᠯᠠᠯ ᠲᠥᠪᠯᠡᠷᠡᠭᠰᠡᠨ᠂ ᠣᠷᠣᠯᠠᠨ ᠭᠠᠷᠭᠠᠬᠤ ᠬᠡᠷᠡᠭᠴᠡᠭᠡ ᠱᠠᠭᠠᠷᠳᠠᠯᠭ᠎ᠠ ᠶᠡᠭᠡ᠂ ᠬᠤᠳᠠᠯ ᠢᠶᠠᠷ ᠭᠠᠷᠭᠠᠬᠤ | ᠲᠦᠭᠰᠢᠭᠦᠷᠢ ᠨᠡᠯᠢᠶᠡᠳ ᠳᠣᠤᠷ᠎ᠠ ᠪᠠᠶᠢᠵᠤ᠂ ᠲᠤᠷᠰᠢᠯᠲᠠ ᠬᠢᠬᠦ ᠳᠤ ᠣᠷᠣᠭᠤᠯᠤᠭᠰᠠᠨ ᠨᠢ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠬᠥᠭᠵᠢᠭᠡᠬᠦ ᠳᠤ ᠠᠰᠢᠭᠲᠠᠶ ᠶᠤᠮ᠃ ᠳᠡᠭᠡᠷ᠎ᠡ ᠳᠤᠷᠠᠳᠤᠭᠰᠠᠨ 8 ᠠᠵᠢᠯ ᠲᠥᠷᠥᠯ ᠢ ᠪᠠᠭ᠎ᠠ ᠬᠡᠪᠴᠢᠶᠡᠨ ᠤ | ᠭᠠᠶᠢᠯᠢ ᠲᠤᠰᠢᠶᠠᠭᠴᠢ ᠶᠢᠨ ᠥᠪᠡᠰᠦᠪᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠬᠢᠵᠦ ᠥᠭᠬᠦ | ᠲᠤᠷᠰᠢᠯᠲᠠ ᠶᠢᠨ ᠬᠡᠪᠴᠢᠶᠡᠨ ᠳᠤ ᠣᠷᠣᠭᠤᠯᠵᠤ᠂ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠨᠠᠰᠢ ᠴᠠᠰᠢ ᠶᠠᠪᠤᠵᠤ ᠭᠠᠶᠢᠯᠢ ᠲᠤᠰᠢᠶᠠᠬᠤ ᠴᠠᠭ ᠢ ᠪᠦᠲᠦᠮᠵᠢᠲᠡᠶ ᠠᠷᠪᠢᠯᠠᠭᠰᠠᠨ ᠨᠢ ᠵᠢᠵᠢᠭ ᠪᠢᠴᠢᠯ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃ ᠬᠤᠶᠠᠷ ᠲᠤ ᠥᠷᠲᠡᠭ ᠤᠨ ᠨᠡᠮᠡᠭᠳᠡᠯ | ᠭᠠᠶᠢᠯᠢ ᠶᠢᠨ ᠪᠠᠷᠢᠮᠲᠠ ᠶᠢᠨ ᠭᠡᠷᠡᠴᠢᠯᠡᠭᠡ ᠶᠢ ᠬᠦᠴᠦᠨ ᠥᠬᠡᠶ ᠪᠣᠯᠭᠠᠬᠤ ᠭᠠᠶᠢᠯᠢ ᠲᠤᠰᠢᠶᠠᠭᠴᠢ ᠶᠢᠨ ᠬᠡᠪᠴᠢᠶ᠎ᠡ ᠶᠢ | ᠥᠷᠭᠡᠳᠬᠡᠨ᠎ᠡ᠃ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠭᠡᠷᠡᠴᠢᠯᠡᠯᠲᠡ ᠶᠢ ᠬᠦᠴᠦᠨ ᠥᠬᠡᠶ ᠪᠣᠯᠭᠠᠬᠤ | ᠭᠠᠶᠢᠯᠢ ᠲᠤᠰᠢᠶᠠᠭᠴᠢ ᠶᠢᠨ ᠬᠡᠪᠴᠢᠶ᠎ᠡ ᠶᠢ ᠪᠥᠬᠦ ᠡᠩ ᠤᠨ ᠭᠠᠶᠢᠯᠢ ᠲᠤᠰᠢᠶᠠᠭᠴᠢ ᠳᠤ ᠬᠦᠷᠲᠡᠯ᠎ᠡ ᠥᠷᠭᠡᠳᠬᠡᠭᠰᠡᠨ | ᠪᠥᠭᠡᠳ 2019 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ᠂ ᠪᠤᠢ ᠪᠦᠬᠦᠢ ᠡᠩ ᠤᠨ ᠭᠠᠶᠢᠯᠢ | ᠲᠤᠰᠢᠶᠠᠭᠴᠢ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢ ᠣᠯᠤᠭᠰᠠᠨ ᠤ ᠳᠠᠷᠠᠭ᠎ᠠ᠂ ᠴᠥᠮ ᠥᠷᠲᠡᠭ ᠤᠨ | ᠨᠡᠮᠡᠭᠳᠡᠯ ᠭᠠᠶᠢᠯᠢ ᠶᠢᠨ ᠪᠠᠷᠢᠮᠲᠠ ᠶᠢ ᠰᠠᠶᠢᠨ ᠳᠤᠷ᠎ᠠ ᠠᠴᠠ ᠪᠠᠨ ᠬᠡᠷᠡᠭᠯᠡᠵᠦ ᠨᠤᠲᠠᠯᠠᠬᠤ ᠲᠠᠪᠴᠠᠩ ᠢ ᠰᠣᠩᠭᠤᠨ | ᠲᠤᠯᠭᠠᠨ ᠰᠠᠭᠤᠯᠭᠠᠬᠤ ᠮᠡᠳᠡᠭᠦᠯᠦᠯᠲᠡ᠂ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠵᠣᠭᠤᠰ ᠪᠤᠶᠤ ᠭᠠᠶᠢᠯᠢ ᠶᠢ | ᠣᠷᠣᠯᠠᠨ ᠪᠤᠴᠠᠭᠠᠬᠤ ᠳᠤ ᠬᠡᠷᠡᠭᠯᠡᠬᠦ ᠥᠷᠲᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠶᠢᠨ ᠮᠡᠳᠡᠭᠡ ᠵᠠᠩᠭᠢ ᠶᠢ | ᠰᠣᠩᠭᠤᠵᠤ ᠪᠣᠯᠤᠨ᠎ᠠ᠂ ᠡᠨᠡ ᠨᠢ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ | ᠲᠢᠩᠬᠢᠮ ᠳᠤ ᠬᠦᠷᠴᠦ ᠭᠡᠷᠡᠴᠢᠯᠡᠬᠦ ᠴᠠᠭ ᠢ ᠶᠡᠭᠡ ᠪᠠᠷ ᠠᠷᠪᠢᠯᠠᠬᠤ ᠪᠣᠯᠤᠨ᠎ᠠ᠃ | ᠬᠥᠲᠥᠯᠥᠭᠴᠢ᠄ ᠮᠡᠳᠡᠭᠦᠯᠦᠨ ᠬᠦᠷᠭᠡᠬᠦ ᠮᠠᠲ᠋ᠧᠷᠢᠶᠠᠯ ᠢ ᠴᠣᠮᠬᠠᠳᠬᠠᠬᠤ ᠠᠴᠠ ᠫᠢᠶᠣᠣ ᠪᠠᠷᠢᠮᠲᠠ ᠶᠢ | ᠭᠦᠢᠴᠡᠳᠭᠡᠬᠦ ᠬᠦᠷᠲᠡᠯ᠎ᠡ᠂ ᠴᠥᠮ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠳᠤ ᠦᠨᠳᠦᠰᠦᠨ ᠠᠴᠠ ᠨᠢ | ᠳᠥᠭᠦᠮ ᠦᠵᠡᠭᠦᠯᠬᠦ ᠠᠷᠠᠳ ᠲᠤ ᠠᠰᠢᠭᠲᠠᠶ ᠠᠷᠭ᠎ᠠ ᠬᠡᠮᠵᠢᠶ᠎ᠡ ᠪᠣᠯᠤᠨ᠎ᠠ᠃ ᠡᠨᠡ ᠤᠳᠠᠭᠠᠨ ᠤ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠮᠠᠨ ᠤ | ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ | ᠪᠤᠢ︖ | ᠸᠠᠩ ᠰᠢᠶᠠᠩ ᠶᠠᠩ᠄ ᠳᠡᠬᠡᠳᠦ ᠱᠠᠲᠤᠨ ᠤ ᠤᠳᠤᠷᠢᠳᠬᠤ ᠰᠠᠯᠠᠭ᠎ᠠ ᠮᠥᠴᠢᠷ ᠤᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠠᠪᠤᠴᠠ ᠳᠤ᠂ ᠮᠠᠨ ᠤ ᠬᠤᠲᠠ ᠶᠢᠨ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠬᠤ᠂ ᠥᠷᠭᠡᠨ ᠣᠯᠠᠨ ᠭᠠᠶᠢᠯᠢ ᠲᠤᠰᠢᠶᠠᠭᠴᠢ ᠪᠠ ᠰᠦᠢᠳᠬᠡᠯ | ᠲᠤᠰᠢᠶᠠᠭᠴᠢᠳ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠭᠦᠢᠴᠡᠳ ᠡᠳ᠋ᠯᠡᠬᠦ ᠶᠢ ᠦᠨᠡᠨ ᠬᠦ ᠪᠠᠲᠤᠯᠠᠨ᠎ᠠ᠃ | ᠨᠢᠭᠡᠳᠦᠭᠡᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ | 1 ᠰᠠᠷ᠎ᠠ ᠶᠢᠨ 25 ᠤ ᠡᠳᠦᠷ ᠬᠤᠲᠠ ᠶᠢᠨ ᠲᠣᠪᠴᠢᠶ᠎ᠠ ᠨᠢ ᠨᠠᠮ ᠤᠨ ᠬᠤᠷᠢᠶᠠᠨ ᠤ ᠱᠦᠵᠢ᠂ ᠲᠣᠪᠴᠢᠶᠠᠨ | ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠳᠤᠰᠢᠶᠠᠯ ᠡᠬᠦᠷᠬᠡᠯᠡᠵᠤ᠂ ᠡᠯ᠎ᠡ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠭᠰᠡᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠳᠣᠣᠷ᠎ᠠ ᠨᠢ ᠠᠯᠪᠠᠨ ᠭᠡᠷ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠠᠲᠠᠪᠤᠷᠢᠯᠠᠨ | ᠬᠠᠮᠢᠶᠠᠷᠬᠤ ᠲᠣᠭᠠᠴᠠᠭ᠎ᠠ ᠬᠢᠬᠦ᠂ ᠰᠢᠪᠠᠳᠠᠨ ᠪᠠᠶᠢᠴᠠᠭᠠᠵᠤ ᠰᠢᠪᠠᠳᠠᠨ ᠰᠢᠶ᠋ᠳᠪᠦᠷᠢᠯᠡᠭᠦᠯᠬᠦ᠂ ᠦᠢᠯᠡᠴᠢᠯᠡᠭᠡ | ᠤᠬᠠᠭᠤᠯᠭ᠎ᠠ ᠶᠢᠨ ᠠᠵᠢᠯ ᠤᠨ ᠳᠤᠭᠤᠶᠢᠯᠠᠩ ᠭᠠᠷᠭᠠᠵᠤ᠂ ᠪᠦᠷᠢᠯᠳᠦᠬᠦᠨ ᠨᠢᠭᠡᠴᠡ ᠨᠢ ᠮᠠᠨ ᠤ ᠲᠣᠪᠴᠢᠶᠠᠨ ᠤ | ᠬᠤᠷᠢᠨ ᠰᠠᠯᠠᠭ᠎ᠠ ᠲᠠᠰᠤᠭ ᠲᠠᠢ ᠬᠤᠯᠪᠣᠭᠳᠠᠵᠤ᠂ ᠡᠯ᠎ᠡ ᠰᠠᠯᠠᠭ᠎ᠠ ᠲᠠᠰᠤᠭ ᠤᠨ ᠲᠤᠰᠢᠶᠠᠯ ᠬᠠᠷᠢᠭᠤᠴᠠᠯᠭ᠎ᠠ ᠨᠢ | ᠲᠣᠳᠣᠷᠬᠠᠶ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ ᠪᠠᠶᠢᠳᠠᠭ᠃ ᠳᠠᠷᠠᠭ᠎ᠠ ᠨᠢ᠂ ᠡᠯ᠎ᠡ ᠦᠨᠳᠦᠰᠦᠨ ᠱᠠᠲᠤᠨ ᠤ | ᠲᠣᠪᠴᠢᠶ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠪᠦᠬᠦ ᠰᠢᠰᠲ᠋ᠧᠮ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠵᠣᠬᠢᠶᠠᠨ ᠪᠠᠶᠢᠭᠤᠯᠵᠤ | ᠤᠳᠤᠷᠢᠳᠬᠤ ᠪᠠᠨ ᠪᠦᠬᠦ ᠲᠠᠯ᠎ᠠ ᠪᠠᠷ ᠴᠢᠩᠭᠠᠳᠬᠠᠪᠠ᠃ | ᠬᠤᠶᠠᠳᠤᠭᠠᠷ ᠲᠤ᠂ ᠲᠣᠭᠲᠠᠴᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠳᠤ | ᠠᠵᠢᠯ ᠤᠨ ᠲᠥᠰᠦᠯ ᠢᠶᠠᠨ ᠴᠠᠭ ᠲᠤᠬᠠᠶ ᠳᠤᠨᠢ ᠲᠣᠭᠲᠠᠭᠠᠨ᠎ᠠ᠃ ᠲᠥᠰᠦᠯ ᠳᠤ ᠣᠶᠢᠷ᠎ᠠ ᠶᠢᠨ ᠬᠤᠭᠤᠴᠠᠭᠠᠨ ᠤ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠭᠤᠤᠯᠳᠠᠯᠭ᠎ᠠ ᠲᠠᠢ ᠠᠵᠢᠯ ᠢ ᠲᠣᠳᠣᠷᠬᠠᠶ ᠲᠣᠭᠲᠠᠭᠠᠵᠤ᠂ | ᠬᠠᠤᠯᠢ ᠳᠦᠷᠢᠮ ᠤᠨ ᠰᠠᠯᠠᠭ᠎ᠠ᠂ ᠲᠠᠲᠠᠪᠤᠷᠢᠯᠠᠬᠤ ᠬᠠᠮᠢᠶᠠᠷᠤᠯᠲᠠ ᠶᠢᠨ ᠰᠠᠯᠠᠭ᠎ᠠ᠂ ᠣᠷᠣᠯᠭ᠎ᠠ ᠶᠢᠨ ᠲᠣᠭᠠᠴᠠᠭ᠎ᠠ ᠬᠢᠬᠦ | ᠰᠠᠯᠠᠭ᠎ᠠ ᠲᠤᠰ ᠲᠤᠰ ᠲᠦᠷᠦᠭᠦᠯᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤᠭᠤᠶᠢᠯᠠᠩ᠂ ᠲᠠᠲᠠᠪᠤᠷᠢᠯᠠᠬᠤ | ᠬᠠᠮᠢᠶᠠᠷᠤᠯᠲᠠ ᠶᠢᠨ ᠳᠤᠭᠤᠶᠢᠯᠠᠩ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠳᠤᠭᠤᠶᠢᠯᠠᠩ ᠵᠢᠴᠢ ᠰᠢᠮᠳᠠᠭᠤᠯᠤᠨ | ᠪᠠᠶᠢᠴᠠᠭᠠᠬᠤ ᠳᠣᠲᠣᠭᠠᠳᠤ ᠳᠤ ᠪᠠᠨ ᠬᠢᠨᠠᠯᠲᠠ ᠲᠠᠯᠪᠢᠬᠤ ᠰᠠᠯᠠᠭ᠎ᠠ ᠲᠦᠷᠦᠭᠦᠯᠡᠨ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠶ᠋ᠴᠡᠳᠬᠡᠬᠦ ᠳᠤᠭᠤᠶᠢᠯᠠᠩ ᠢ ᠪᠠᠶᠢᠭᠤᠯᠤᠭᠰᠠᠨ ᠪᠥᠭᠡᠳ ᠡᠯ᠎ᠡ ᠳᠤᠭᠤᠶᠢᠯᠠᠩ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠬᠤᠶᠠᠷ ᠲᠤ ︽ᠳᠥᠷᠪᠡ ᠶᠢ ᠮᠡᠳᠡᠭᠦᠯᠬᠦ︾ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠶᠢᠯᠢ ᠬᠥᠩᠭᠡᠯᠡᠬᠦ ᠠᠯᠪᠠᠨ ᠭᠡᠷ ᠠᠴᠠ 2 ᠲᠤᠰᠬᠠᠶ ᠠᠵᠢᠯᠲᠠᠨ | ᠲᠣᠬᠢᠷᠠᠭᠤᠯᠵᠤ ᠡᠳᠦᠷ ᠤᠨ ᠰᠣᠨᠢᠨ᠂ ᠲᠣᠪᠴᠢ ᠮᠡᠳᠡᠭᠡ᠂ ᠲᠤᠰᠬᠠᠶ ᠮᠡᠳᠡᠭᠦᠯᠦᠯᠲᠡ᠂ ︽ᠳᠥᠷᠪᠡᠨ ᠮᠡᠳᠡᠭᠦᠯᠦᠯᠲᠡ︾ | ᠶᠢ ᠨᠠᠶᠢᠷᠠᠭᠤᠯᠤᠨ ᠲᠠᠷᠬᠠᠭᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠥᠷᠨᠢᠭᠦᠯᠦᠭᠰᠡᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠬᠦᠯᠦᠨ᠎ᠡ᠃ ᠭᠤᠷᠪᠠ ᠳᠤ ᠲᠥᠪᠯᠡᠷᠡᠭᠦᠯᠦᠨ ᠠᠯᠪᠠᠯᠠᠬᠤ | ᠠᠵᠢᠯ ᠢ ᠦᠷᠨᠢᠬᠦᠯᠦᠨ᠎ᠡ᠃ ᠭᠠᠶᠢᠯᠢ ᠬᠥᠩᠭᠡᠯᠡᠬᠦ ᠲᠤᠭ᠎ᠠ ᠪᠠᠷᠢᠮᠲᠠ ᠶᠢᠨ ᠲᠣᠭᠠᠴᠠᠭ᠎ᠠ ᠵᠥᠪ ᠣᠨᠣᠪᠴᠢᠲᠠᠶ | ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠭᠠᠶᠢᠯᠢ ᠬᠥᠩᠭᠡᠯᠡᠬᠦ ᠠᠯᠪᠠᠨ ᠭᠡᠷ ᠠᠴᠠ 3 ᠠᠵᠢᠯᠲᠠᠨ | ᠲᠣᠬᠢᠷᠠᠭᠤᠯᠵᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠣᠭᠠᠴᠠᠭ᠎ᠠ ᠬᠢᠬᠦ ᠵᠡᠷᠭᠡ ᠪᠣᠳᠠᠲᠠᠶ ᠠᠵᠢᠯ ᠢ | ᠲᠤᠰᠬᠠᠶ ᠬᠠᠷᠢᠭᠤᠴᠠᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠤᠷᠤᠭᠰᠢᠲᠠᠶ | ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠡᠭᠦᠨ ᠠᠴᠠ ᠭᠠᠳᠠᠨ᠎ᠠ᠂ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠵᠤ ᠮᠡᠳᠡᠬᠦ ᠬᠦᠴᠢᠷᠳᠡᠯ ᠳᠤ ᠴᠢᠭᠯᠡᠭᠦᠯᠦᠨ᠂ | ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ 1 ᠠᠵᠢᠯᠲᠠᠨ ᠭᠠᠷᠭᠠᠵᠤ ᠲᠤᠰᠬᠠᠶᠢᠯᠠᠨ | ᠠᠰᠠᠭᠤᠳᠠᠯ᠂ ᠰᠠᠨᠠᠭᠤᠯᠭ᠎ᠠ ᠴᠤᠭᠯᠠᠭᠤᠯᠬᠤ ᠶᠢ ᠬᠠᠷᠢᠭᠤᠴᠠᠭᠤᠯᠬᠤ ᠶᠢᠨ ᠬᠠᠮᠲᠤ ᠴᠤᠭᠯᠠᠭᠤᠯᠤᠭᠰᠠᠨ ᠠᠰᠠᠭᠤᠳᠠᠯ ᠢ | ᠴᠠᠭ ᠲᠤᠬᠠᠶ ᠳᠤᠨᠢ ᠱᠠᠲᠤ ᠬᠤᠪᠢᠶᠠᠨ ᠳᠡᠭᠡᠭᠰᠢ ᠮᠡᠳᠡᠭᠦᠯᠵᠦ ᠰᠢᠢᠳᠪᠦᠷᠢᠯᠡᠬᠦ ᠪᠠᠷ ᠪᠤᠯᠪᠠ᠃ ᠳᠥᠷᠪᠡ ᠳᠤ ᠭᠠᠶᠢᠯᠢ | ᠭᠦᠢᠴᠡᠳᠬᠡᠬᠦ ᠴᠤᠩᠬᠤᠪᠴᠢ ᠶᠢ ᠰᠢᠯᠢᠳᠡᠭᠵᠢᠭᠦᠯᠦᠨ᠎ᠡ᠃ ᠪᠥᠬᠦ ᠬᠤᠲᠠ ᠶᠢᠨ ᠪᠤᠢ ᠪᠦᠬᠦᠢ ᠭᠠᠶᠢᠯᠢ ᠭᠦᠢᠴᠡᠳᠬᠡᠬᠦ | ᠦᠢᠯᠡᠴᠢᠯᠡᠭᠡᠨ ᠤ ᠲᠢᠩᠬᠢᠮ ᠳᠤ ᠴᠥᠮ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠥᠪᠯᠡᠯᠭᠡ ᠥᠭᠬᠦ | ᠬᠠᠪᠰᠤᠷᠤᠨ ᠵᠢᠯᠣᠭᠤᠳᠬᠤ ᠲᠤᠰᠬᠠᠶ ᠠᠵᠢᠯ ᠤᠨ ᠪᠠᠶᠢᠷᠢ ᠪᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠤᠰᠬᠠᠶ ᠴᠣᠩᠬᠤ ᠭᠠᠷᠭᠠᠵᠤ᠂ ᠡᠭᠦᠨ ᠤ ᠬᠠᠮᠲᠤ ᠮᠡᠳᠡᠭᠦᠯᠬᠦ ᠬᠤᠭᠤᠴᠠᠭᠠᠨ ᠤ ᠭᠠᠶᠢᠯᠢ ᠭᠦᠢᠴᠡᠳᠬᠡᠬᠦ | ᠦᠢᠯᠡᠴᠢᠯᠡᠭᠡᠨ ᠤ ᠲᠢᠩᠬᠢᠮ ᠣᠨ ᠤᠳᠤᠷᠢᠳᠤᠯᠭ᠎ᠠ ᠶᠢᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ | ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠲᠠᠪᠤ ᠳᠤ ᠪᠠᠴᠢᠮ | ᠪᠠᠶᠢᠳᠠᠯ ᠢ ᠠᠷᠭᠠᠴᠠᠬᠤ ᠲᠥᠰᠦᠯ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠬᠦ ᠲᠥᠰᠦᠯ ᠢ ᠪᠠᠶᠢᠭᠤᠯᠤᠨ᠎ᠠ᠃ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠤᠭᠤᠴᠠᠭᠠᠨ ᠳᠤ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ᠂ ᠪᠥᠬᠦ ᠬᠤᠲᠠ ᠶᠢᠨ ᠪᠤᠢ ᠪᠦᠬᠦᠢ | ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠴᠥᠮ ᠬᠠᠨᠳᠤᠯᠭᠠᠲᠤ ᠴᠢᠨᠠᠷᠲᠠᠶ ᠪᠠᠴᠢᠮ ᠪᠠᠶᠢᠳᠠᠯ ᠢ | ᠠᠷᠭᠠᠴᠠᠬᠤ ᠲᠥᠰᠦᠯ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠬᠦ ᠲᠥᠰᠦᠯ ᠢ ᠪᠠᠶᠢᠭᠤᠯᠵᠤ᠂ | ᠭᠡᠨᠡᠳᠲᠡ ᠶᠢᠨ ᠪᠠᠶᠢᠳᠠᠯ ᠡᠭᠦᠰᠬᠦ ᠣᠶᠢᠶ᠎ᠠ ᠳᠤ ᠡᠮᠬᠢ ᠵᠢᠷᠤᠮ ᠲᠠᠢ ᠠᠷᠭᠠᠴᠠᠬᠤ ᠳᠤ ᠳᠥᠭᠦᠮ ᠪᠣᠯᠭᠠᠪᠠ᠃ | ᠭᠤᠷᠪᠠᠳᠤᠭᠠᠷ ᠲᠤ᠂ ᠤᠬᠠᠭᠤᠯᠭ᠎ᠠ ᠬᠢᠵᠦ ᠬᠠᠪᠰᠤᠷᠤᠨ ᠵᠢᠯᠣᠭᠤᠳᠬᠤ ᠪᠣᠯᠪᠠᠰᠤᠷᠠᠯ ᠢ ᠶᠡᠬᠡᠪᠡᠷ | ᠥᠷᠨᠢᠭᠦᠯᠤᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠲᠡᠷᠡ ᠶᠣᠰᠣᠭᠠᠷ ᠨᠢ ᠤᠬᠠᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ | ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠤᠬᠠᠭᠤᠯᠭ᠎ᠠ ᠬᠢᠵᠦ ᠬᠠᠪᠰᠤᠷᠤᠨ ᠵᠢᠯᠣᠭᠤᠳᠬᠤ | ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠭᠠᠶᠢᠯᠢ ᠲᠤᠰᠢᠶᠠᠭᠴᠢ ᠳᠤ ᠬᠠᠮᠤᠭ ᠤᠨ ᠰᠢᠨ᠎ᠡ ᠲᠥᠷᠥ ᠶᠢᠨ | ᠪᠣᠳᠣᠯᠭ᠎ᠠ ᠶᠢᠨ ᠵᠦᠢᠯ ᠵᠤᠷᠪᠤᠰ ᠢ ᠭᠦᠢᠴᠡᠳ ᠣᠶᠢᠯᠠᠭᠠᠭᠤᠯᠵᠤ᠂ ᠮᠡᠳᠡᠭᠦᠯᠬᠦ ᠠᠷᠭ᠎ᠠ ᠶᠢ ᠡᠵᠡᠮᠰᠢᠭᠦᠯᠵᠦ᠂ | ᠲᠥᠷᠥ ᠶᠢᠨ ᠪᠣᠳᠣᠯᠭ᠎ᠠ ᠶᠢᠨ ᠠᠰᠢᠭ ᠢ ᠪᠦᠬᠦ ᠲᠠᠯ᠎ᠠ ᠪᠠᠷ ᠬᠦᠷᠲᠡᠭᠡᠪᠡ᠃ ᠨᠢᠭᠡ ᠳᠤ ᠪᠣᠯᠪᠠᠰᠤᠷᠠᠭᠤᠯᠤᠯ ᠤᠨ | ᠡᠷᠴᠢᠮ ᠢ ᠴᠢᠩᠭᠠᠷᠠᠭᠤᠯᠤᠨ᠎ᠠ᠃ ᠭᠠᠶᠢᠯᠢ ᠲᠤᠰᠢᠶᠠᠭᠴᠢ ᠶᠢᠨ ᠰᠤᠷᠤᠯᠭ᠎ᠠ ᠶᠢᠨ ᠳᠠᠩᠬᠢᠮ᠂ ᠲᠤᠰᠬᠠᠶ ᠰᠡᠳᠦᠪᠲᠦ | ᠬᠠᠪᠰᠤᠷᠤᠨ ᠵᠢᠯᠣᠭᠤᠳᠬᠤ ᠪᠣᠯᠪᠠᠰᠤᠷᠠᠭᠤᠯᠤᠯ ᠤᠨ ᠠᠩᠭᠢ᠂ ᠨᠢᠭᠤᠷᠲᠠᠨ ᠪᠣᠯᠪᠠᠰᠤᠷᠠᠭᠤᠯᠬᠤ᠂ ᠸᠢᠴᠠᠲ ᠢᠶᠠᠷ | ᠳᠡᠪᠰᠢᠬᠦᠯᠦᠨ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠭᠴᠢ ᠳᠤ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠬᠦᠷᠲᠡᠭᠡᠨ᠎ᠡ᠃ ᠬᠤᠶᠠᠷ ᠲᠤ᠂ ᠤᠬᠠᠭᠤᠯᠭ᠎ᠠ ᠶᠢᠨ ᠠᠷᠭ᠎ᠠ | ᠵᠠᠮ ᠢ ᠥᠷᠭᠡᠳᠬᠡᠪᠡ᠃ ᠤᠯᠠᠭᠠᠨᠴᠠᠪ ᠤᠨ ᠡᠳᠦᠷ ᠤᠨ ᠰᠣᠨᠢᠨ᠂ ᠤᠯᠠᠭᠠᠨᠴᠠᠪ ᠤᠨ ᠰᠣᠨᠢᠨ ᠮᠡᠳᠡᠭᠡᠨ ᠤ ᠰᠦᠯᠵᠢᠶ᠎ᠡ | ᠵᠡᠷᠭᠡ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠲᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠰᠣᠨᠢᠨ ᠮᠡᠳᠡᠭᠡᠨ ᠤ ᠤᠬᠠᠭᠤᠯᠭ᠎ᠠ ᠶᠢᠨ ᠡᠬᠡ ᠨᠣᠣᠷᠠᠭ ᠢ ᠨᠡᠶᠢᠲᠡᠯᠡᠭᠰᠡᠨ ᠪᠥᠭᠡᠳ ᠪᠥᠬᠦ ᠬᠤᠲᠠ ᠶᠢᠨ ᠪᠤᠢ ᠪᠦᠬᠦᠢ | ᠭᠠᠶᠢᠯᠢ ᠭᠦᠢᠴᠡᠳᠭᠡᠬᠦ ᠲᠢᠩᠬᠢᠮ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠤᠬᠠᠭᠤᠯᠭ᠎ᠠ ᠶᠢᠨ ᠵᠢᠷᠤᠭ | ᠨᠠᠭᠠᠵᠤ᠂ ᠡᠯᠧᠺᠳ᠋ᠷᠤᠨ ᠳᠡᠯᠭᠡᠴᠡᠨ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠪᠢᠴᠢᠭ | ᠮᠠᠲ᠋ᠧᠷᠢᠶᠠᠯ᠂ ᠠᠯᠪᠠᠨ ᠵᠠᠷ ᠢ ᠡᠭᠡᠯᠵᠢᠯᠡᠨ ᠨᠡᠪᠲᠡᠷᠡᠭᠦᠯᠦᠭᠰᠡᠨ ᠪᠠᠶᠢᠨ᠎ᠠ᠃ ᠤᠯᠠᠭᠠᠨᠴᠠᠪ ᠬᠤᠲᠠ ᠶᠢᠨ ᠵᠠᠰᠠᠭ ᠤᠨ | ᠣᠷᠳᠣᠨ ᠤ ᠰᠦᠯᠵᠢᠶ᠎ᠡ᠂ ︽ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ︾ ᠤᠨ ᠸᠢᠴᠠᠲ ᠤᠨ ᠣᠯᠠᠨ | ᠨᠡᠶᠢᠢᠲᠡ ᠶᠢᠨ ᠨᠣᠮᠧᠷ ᠲᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠵᠢᠴᠢ | ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠪᠡ᠃ | ᠳᠥᠷᠪᠡᠳᠦᠭᠡᠷ ᠲᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢᠨ ᠲᠣᠭᠠᠴᠠᠭ᠎ᠠ ᠬᠢᠬᠦ ᠵᠢᠱᠢᠯᠲᠡ | ᠬᠢᠬᠦ ᠶᠢ ᠰᠠᠶᠢᠲᠤᠷ ᠬᠢᠨ᠎ᠡ᠃ ᠬᠠᠷᠢᠶ᠎ᠠ ᠣᠷᠣᠨ ᠤ ᠳᠣᠲᠣᠷᠠᠬᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ | ᠪᠠᠶᠢᠳᠠᠯ ᠢ ᠲᠣᠳᠣᠷᠬᠠᠶ ᠪᠤᠯᠭᠠᠨ᠎ᠠ᠃ ᠥᠷᠲᠡᠭ ᠤᠨ ᠨᠡᠮᠡᠭᠳᠡᠯ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠪᠠ | ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠲᠤᠰ ᠲᠤᠰ ᠬᠡᠳᠦᠶ ᠡᠷᠦᠬᠡ | ᠪᠠᠶᠢᠬᠤ᠂ ᠡᠭᠦᠨ ᠤ ᠳᠣᠲᠣᠷ᠎ᠠ ᠥᠷᠲᠡᠭ ᠤᠨ ᠨᠡᠮᠡᠭᠳᠡᠯ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠠᠴᠠ ᠲᠠᠲᠠᠪᠤᠷᠢᠯᠠᠬᠤ ᠪᠡᠶᠡᠴᠢ ᠴᠣᠭᠴᠠ ᠶᠢᠨ ᠳᠠᠩᠰᠠᠯᠠᠯ ᠤᠨ ᠲᠥᠷᠥᠯ ᠬᠡᠯᠪᠡᠷᠢ ᠪᠠᠷ ᠨᠢ᠄ ᠨᠢᠬᠡᠴᠢ ᠶᠢᠨ | ᠭᠠᠶᠢᠯᠢ ᠲᠤᠰᠢᠶᠠᠭᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠤᠰ ᠲᠤᠰ ᠬᠡᠳᠦᠶ ᠡᠷᠦᠬᠡ | ᠪᠠᠶᠢᠬᠤ᠂ ᠪᠣᠳᠠᠲᠠᠶ ᠪᠠᠶᠢᠳᠠᠯ ᠢ ᠦᠨᠳᠦᠰᠦᠯᠡᠨ᠂ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠣᠭᠠᠷ ᠬᠥᠩᠭᠡᠯᠡᠵᠦ | ᠬᠡᠯᠲᠦᠷᠢᠭᠦᠯᠦᠭᠰᠡᠨ ᠪᠠᠶᠢᠳᠠᠯ ᠢ ᠵᠢᠱᠢᠵᠦ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠲᠠᠷᠠᠭᠠᠴᠢ ᠶᠢᠨ ᠠᠯᠬᠤᠮ ᠤᠨ | ᠠᠵᠢᠯ ᠤᠨ ᠪᠠᠶᠢᠷᠢᠯᠠᠭᠤᠯᠤᠯᠲᠠ ᠶᠢ ᠥᠷᠨᠢᠭᠦᠯᠬᠦ ᠳᠤ ᠳᠥᠭᠦᠮ ᠦᠵᠡᠬᠦᠯᠦᠨ᠎ᠡ᠃ | ᠬᠥᠲᠥᠯᠥᠭᠴᠢ᠄ ᠪᠣᠯᠤᠨ᠎ᠠ᠃ ᠸᠠᠩ ᠲᠣᠪᠴᠢᠶᠠᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠪᠤᠷᠢᠯᠠᠭᠰᠠᠨ ᠳᠤ | ᠲᠠᠯᠠᠷᠬᠠᠵᠤ ᠪᠠᠶᠢᠨ᠎ᠠ︕ ᠪᠢᠳᠡᠨ ᠤ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ | ᠰᠦᠯᠵᠢᠶᠡᠨ ᠤ ᠠᠨᠳᠠ ᠨᠠᠷ ᠲᠤ ᠪᠠᠶᠠᠷᠯᠠᠯ᠎ᠠ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕ |