ᠮᠠᠨ ᠤ ᠰᠢᠶᠠᠨ ᠨᠢ ᠠᠵᠢᠯ ᠣᠯᠭᠤᠯᠲᠠ ᠶᠢᠨ ᠪᠠᠶᠢᠷᠢ ᠶᠢ ᠢᠳᠡᠪᠬᠢᠲᠡᠢ ᠨᠡᠭᠡᠭᠡᠨ ᠬᠥᠭᠵᠢᠭᠦᠯᠵᠦ ᠶᠠᠳᠠᠭᠤ ᠠᠴᠠ ᠠᠩᠬᠢᠵᠢᠷᠠᠭᠤᠯᠬᠤ ᠶᠢ ᠪᠠᠲᠣᠯᠠᠪᠠ
ᠨᠡᠶᠢᠲᠡᠯᠡᠭᠰᠡᠨ ᠴᠠᠭ᠄
2019-05-16
     ᠡᠨᠡ ᠵᠢᠯ ᠠᠴᠠ ᠨᠠᠰᠢ᠂ ᠰᠢᠩ ᠾᠧ ᠰᠢᠶᠠᠨ ᠨᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠶᠢᠨ ᠲᠥᠯᠥᠭᠡ᠂ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠶᠢᠨ ᠬᠠᠮᠲᠤ ᠬᠡᠷᠡᠭᠵᠢᠭᠦᠯᠦᠭᠰᠡᠨ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ ᠢᠨᠵᠧᠨᠧᠷᠢᠩ ᠢ ᠶᠠᠳᠠᠭᠤ ᠬᠦᠴᠢᠷᠳᠡᠯᠲᠡᠶ ᠲᠣᠰᠬᠤᠨ᠂ ᠶᠠᠳᠠᠭᠤ ᠬᠦᠴᠢᠷᠳᠡᠯᠲᠡᠶ ᠬᠥᠮᠥᠨ ᠠᠮᠠ ᠲᠡᠶᠢᠰᠢ ᠤᠷᠢᠳᠠᠪᠠᠷ ᠬᠡᠯᠪᠡᠶᠢᠯᠭᠡᠵᠦ᠂ ᠨᠡᠶᠢᠲᠡ ᠶᠢᠨ ᠠᠰᠠᠷᠠᠮᠵᠢ ᠶᠢᠨ ᠣᠢ ᠰᠢᠭᠤᠶ ᠶᠢ ᠬᠠᠮᠢᠶᠠᠷᠴᠤ ᠬᠠᠮᠠᠭᠠᠯᠠᠬᠤ ᠠᠵᠢᠯ ᠲᠠᠢ ᠤᠶᠠᠯᠳᠤᠭᠤᠯᠤᠨ᠂ ᠶᠠᠳᠠᠭᠤ ᠬᠦᠴᠢᠷᠳᠡᠯᠲᠡᠶ ᠬᠥᠮᠥᠨ ᠠᠮᠠ ᠶᠢ ᠤᠷᠢᠵᠤ ᠨᠡᠶᠢᠲᠡ ᠶᠢᠨ ᠠᠰᠠᠷᠠᠮᠵᠢ ᠶᠢᠨ ᠣᠢ ᠰᠢᠭᠤᠶ ᠶᠢ ᠬᠠᠮᠢᠶᠠᠷᠴᠤ ᠬᠠᠮᠠᠭᠠᠯᠠᠬᠤ ᠠᠵᠢᠯᠲᠠᠨ ᠪᠣᠯᠭᠠᠪᠠ᠃ 2019 ᠣᠨ ᠳᠤ᠂ ᠪᠦᠬᠦ ᠰᠢᠶᠠᠨ ᠳᠤ 450 ᠨᠡᠷᠡᠰ ᠠᠮᠢ ᠠᠬᠤᠢ ᠶᠢᠨ ᠤᠢ ᠰᠢᠭᠤᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠵᠦ᠂ 1568 ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠪᠠ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ  ᠠᠮᠢ ᠠᠬᠤᠢ ᠶᠢᠨ ᠣᠢ ᠰᠢᠭᠤᠶ ᠬᠠᠮᠠᠭᠠᠯᠠᠭᠴᠢ ᠶᠢ 225 ᠨᠡᠷᠡᠰ ᠤᠷᠢᠨ ᠬᠡᠷᠡᠭᠯᠡᠵᠦ᠂ ᠣᠢ ᠰᠢᠭᠤᠶ ᠶᠢᠨ ᠬᠠᠮᠠᠭᠠᠯᠠᠭᠴᠢ ᠶᠢᠨ ᠵᠢᠯ ᠪᠦᠷᠢ ᠶᠢᠨ ᠬᠠᠮᠢᠶᠠᠷᠤᠨ ᠬᠠᠮᠠᠭᠠᠯᠠᠬᠤ ᠬᠥᠯᠥᠰᠥ ᠬᠠᠷᠠᠮᠵᠢ 4000 ᠲᠥᠭᠦᠷᠢᠭ ᠦᠭᠭᠦᠭᠰᠡᠨ ᠪᠥᠭᠡᠳ ᠡᠯ᠎ᠡ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠵᠦ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠥᠨ ᠠᠮᠠ ᠳᠠᠬᠢ ᠠᠮᠢ ᠠᠬᠤᠢ ᠶᠢᠨ ᠣᠢ ᠰᠢᠭᠤᠶ ᠶᠢ ᠬᠠᠮᠠᠭᠠᠯᠠᠭᠴᠢ ᠠᠵᠢᠯᠲᠠᠨ ᠢ ᠪᠥᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠣᠤᠷ ᠰᠦᠯᠵᠢᠶ᠎ᠡ ᠲᠠᠢ ᠢᠯᠭᠠᠨ ᠲᠠᠨᠢᠵᠤ᠂ ᠪᠤᠢ ᠪᠦᠬᠦᠢ ᠠᠮᠢ ᠠᠬᠤᠢ ᠶᠢᠨ ᠣᠢ ᠰᠢᠭᠤᠶ ᠶᠢᠨ ᠬᠠᠮᠠᠭᠠᠯᠠᠭᠴᠢ ᠴᠥᠮ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠬᠤ ᠶᠢ ᠪᠠᠲᠤᠯᠠᠪᠠ᠃                                                         ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3