ᠲᠠ ᠲᠤᠤᠷᠠᠬᠢ ᠬᠠᠷᠠᠭᠠᠯᠵᠠᠯ ᠨᠦᠬᠦᠪᠦᠷᠢ ᠶᠢ ᠬᠦᠷᠳᠡᠵᠦ ᠲᠡᠶᠢᠯᠬᠦ ᠦᠦ︖
ᠨᠡᠶᠢᠲᠡᠯᠡᠭᠰᠡᠨ ᠴᠠᠭ᠄
2019-06-13
     ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2019 ᠣᠨ ᠤ ᠮᠠᠯ ᠠᠵᠤ ᠠᠬᠤᠢ ᠶᠢᠨ ᠬᠥᠭᠵᠢᠯᠲᠡ ᠶᠢ ᠲᠡᠮᠵᠢᠬᠦ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠲᠤᠤᠷᠠᠬᠢ ᠮᠡᠳᠡᠭᠡ ᠵᠠᠩᠭᠢ ᠶᠢ ᠲᠠᠮᠵᠢᠭᠤᠯᠵᠤ ᠪᠠᠶᠢᠨ᠎ᠠ᠃ ᠲᠡᠭᠡᠪᠡᠯ ᠲᠠ ᠪᠤᠶᠤ ᠲᠠᠨ ᠤ ᠨᠤᠳᠤᠭ ᠲᠤᠤᠷᠠᠬᠢ ᠬᠠᠷᠠᠭᠠᠯᠵᠠᠯ ᠬᠦᠷᠳᠡᠭᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠦ︖      ᠮᠠᠯ ᠤᠨ ᠡᠭᠦᠯᠳᠡᠷ ᠰᠠᠶᠢᠵᠢᠷᠠᠭᠤᠯᠬᠤ ᠨᠥᠬᠦᠪᠦᠷᠢ᠄      ᠲᠡᠵᠢᠭᠡᠪᠦᠷᠢ ᠶᠢᠨ ᠲᠠᠯᠠᠪᠠᠢ ᠪᠠ ᠲᠡᠵᠢᠭᠡᠪᠦᠷᠢ ᠶᠢᠨ ᠡᠷᠦᠬᠡ ᠶᠢᠨ ᠬᠢᠷᠢ ᠲᠡᠩᠴᠡᠭᠰᠡᠨ ᠦᠷ᠎ᠡ ᠶᠢᠨ ᠮᠠᠯ ᠪᠠ ᠴᠢᠨᠠᠷ ᠰᠠᠶᠢᠳᠠᠢ ᠢᠴᠡᠭᠡᠯ ᠦᠷ᠎ᠡ ᠬᠡᠷᠡᠭᠯᠡᠬᠦ ᠵᠢᠴᠢ ᠪᠠᠷᠢᠮᠵᠢᠶ᠎ᠠ ᠶᠤᠰᠤᠭᠠᠷ ᠦᠢᠯᠡᠳᠪᠦᠷᠢᠯᠡᠬᠦ ᠶᠢ ᠠᠬᠢᠭᠤᠯᠬᠤ ᠶᠢᠨ ᠲᠦᠯᠦᠭᠡ ᠬᠤᠴᠠ ᠪᠤᠶᠤ ᠤᠬᠤᠨ᠎ᠠ ᠪᠦᠷᠢ ᠳᠤ 800 ᠲᠦᠭᠦᠷᠢᠭ ᠤᠨ ᠨᠥᠬᠦᠪᠦᠷᠢ ᠥᠭᠴᠦ᠂ ᠮᠢᠬᠠᠨ ᠤ ᠦᠬᠡᠷ ᠤᠨ ᠢᠴᠡᠭᠡᠯ ᠦᠷ᠎ᠡ ᠪᠤᠯᠭᠠᠨ ᠳᠤ 10 ᠲᠦᠭᠦᠷᠢᠭ ᠤᠨ ᠨᠥᠬᠦᠪᠦᠷᠢ ᠣᠯᠭᠤᠨ᠎ᠠ᠃      ᠨᠥᠬᠦᠪᠦᠷᠢ ᠣᠯᠭᠤᠬᠤ ᠭᠠᠵᠠᠷ ᠣᠷᠣᠨ ᠵᠢᠴᠢ ᠨᠥᠬᠦᠴᠡᠯ᠄      ᠮᠢᠬᠠᠨ ᠤ ᠬᠤᠨᠢᠨ ᠤ ᠲᠡᠵᠢᠭᠡᠪᠤᠷᠢ ᠶᠢᠨ ᠪᠠᠷᠢᠮᠵᠢᠶᠠᠵᠢᠭᠰᠠᠨ ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠡᠭᠦᠷᠭᠡ ᠲᠠᠢ ᠬᠤᠰᠢᠭᠤ ᠰᠢᠶᠠᠨ ᠪᠠ ᠮᠢᠬᠠᠨ ᠤ ᠦᠭᠡᠷ ᠤᠨ ᠲᠡᠵᠢᠭᠡᠪᠤᠷᠢ ᠶᠢᠨ ᠪᠠᠷᠢᠮᠵᠢᠶᠠᠵᠢᠭᠰᠠᠨ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠡᠭᠦᠷᠭᠡ ᠬᠦᠨᠳᠦ ᠪᠠᠶᠢᠭ᠎ᠠ ᠲᠦᠩᠯᠢᠶᠤᠤ ᠬᠤᠳᠠ᠂ ᠤᠯᠠᠭᠠᠨᠬᠠᠳᠠ ᠬᠤᠳᠠ᠃ ᠡᠳᠡᠭᠡᠷ ᠭᠠᠵᠠᠷ ᠣᠷᠣᠨ ᠤ ᠲᠡᠵᠢᠭᠡᠪᠤᠷᠢ ᠶᠢᠨ ᠡᠷᠦᠭᠡ ᠳᠤ ᠤᠯᠭᠤᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠤᠷᠢᠳ ᠢᠶᠠᠷ ᠲᠣᠬᠢᠷᠠᠭᠤᠯᠤᠨ᠎ᠠ᠃      ᠬᠦᠭᠡ ᠳᠠᠷᠤᠰᠢ ᠶᠢᠨ ᠨᠥᠬᠦᠪᠦᠷᠢ᠄      ᠲᠡᠵᠢᠭᠡᠬᠦ ᠪᠠᠷ ᠲᠠᠷᠢᠬᠤ ᠶᠢ ᠲᠠᠶᠢᠴᠢᠯᠠᠬᠤ ᠬᠡᠯᠪᠡᠷᠢ ᠪᠠᠷ ᠮᠠᠯ ᠠᠵᠤ ᠠᠬᠤᠢ ᠲᠠᠷᠢᠶᠠᠯᠠᠩ ᠤᠨ ᠪᠦᠳᠦᠴᠡ ᠳᠤ ᠲᠤᠬᠢᠷᠠᠭᠤᠯᠤᠯᠳᠠ ᠬᠢᠬᠦ ᠶᠢ ᠠᠬᠢᠭᠤᠯᠬᠤ ᠶᠢᠨ ᠲᠦᠯᠦᠭᠡ ᠲᠦᠩᠯᠢᠶᠤᠤ᠂ ᠤᠯᠠᠭᠠᠨᠬᠠᠳᠠ᠂ ᠬᠦᠯᠦᠨ ᠪᠤᠶᠢᠷ᠂ ᠬᠢᠩᠭᠠᠨ ᠂ ᠬᠦᠬᠡᠬᠤᠳᠠ᠂ ᠪᠠᠶᠠᠨᠨᠠᠭᠤᠷ ᠪᠤᠯᠤᠨ ᠪᠤᠭᠤᠳᠤ ᠬᠤᠳᠠ ᠵᠡᠷᠭᠡ ᠲᠤᠯᠤᠭᠠᠨ ᠠᠶᠢᠮᠠᠭ ᠬᠤᠳᠠ ᠶᠢᠨ ᠬᠦᠭᠡ ᠲᠠᠷᠤᠰᠢ ᠶᠢᠨ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠶᠡᠭᠡ᠂ ᠬᠠᠳᠠᠭᠠᠯᠠᠬᠤ ᠨᠦᠭᠦᠴᠡᠯ ᠪᠦᠷᠢᠯᠳᠦᠭᠦᠯᠦᠭᠰᠡᠨ᠂ ᠮᠢᠬᠠᠨ ᠤ ᠦᠭᠡᠷ ᠢᠶᠠᠷ ᠭᠤᠤᠯ ᠪᠤᠯᠭᠠᠵᠤ᠂ ᠰᠠᠭᠠᠯᠢ ᠶᠢᠨ ᠦᠨᠢᠶ᠎ᠡ ᠶᠢ ᠵᠡᠷᠭᠡᠪᠡᠷ ᠬᠦᠭᠵᠢᠭᠦᠯᠦᠭᠰᠡᠨ 19 ᠬᠤᠰᠢᠭᠤ ᠰᠢᠶᠠᠨ ᠢ ᠪᠦᠬᠦᠯᠢ ᠴᠤᠭᠴᠠ ᠪᠠᠷ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠢ ᠲᠡᠵᠢᠭᠡᠯ ᠪᠣᠷᠳᠣᠭᠠᠨ ᠤ ᠲᠠᠷᠢᠮᠠᠯ ᠪᠤᠯᠭᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠭᠠᠵᠠᠷ ᠤᠷᠤᠨ ᠳᠤ ᠲᠤᠨ ᠪᠦᠷᠢ ᠳᠤ 50 ᠲᠦᠭᠦᠷᠢᠭ ᠤᠨ ᠪᠠᠷᠢᠮᠵᠢᠶ᠎ᠠ ᠪᠠᠷ ᠬᠥᠬᠡ ᠳᠠᠷᠤᠰᠢ ᠶᠢᠨ ᠨᠥᠬᠦᠪᠦᠷᠢ ᠣᠯᠭᠤᠨ᠎ᠠ᠃      ᠨᠥᠬᠦᠪᠦᠷᠢ ᠣᠯᠭᠤᠬᠤ ᠭᠠᠵᠠᠷ ᠣᠷᠣᠨ ᠵᠢᠴᠢ ᠨᠥᠬᠦᠴᠡᠯ᠄      ᠦᠭᠡᠷ ᠬᠤᠨᠢᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠬᠦᠨᠳᠦ ᠬᠤᠰᠢᠭᠤ ᠰᠢᠶᠠᠨ ᠤ ᠪᠦᠬᠦ ᠰᠤᠮᠤ ︵ᠰᠢᠶᠠᠩ︶ ᠪᠦᠬᠦ ᠭᠠᠴᠠᠭ᠎ᠠ ︵ᠲᠤᠰᠬᠤᠨ︶᠎ ᠶᠢᠨ ᠲᠠᠷᠢᠵᠤ ᠲᠡᠵᠢᠭᠡᠬᠦ ᠶᠢ ᠤᠶᠠᠯᠳᠤᠭᠤᠯᠵᠤ ᠪᠠᠶᠢᠭ᠎ᠠ ᠲᠤᠰᠬᠠᠢ ᠲᠡᠵᠢᠭᠡᠪᠤᠷᠢ ᠶᠢᠨ ᠡᠷᠦᠭᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠬᠤᠷᠰᠢᠶ᠎ᠠ ᠪᠣᠯᠣᠨ ᠬᠡᠪᠴᠢᠶᠡᠵᠢᠭᠰᠡᠨ ᠲᠡᠵᠢᠭᠡᠪᠤᠷᠢ ᠶᠢᠨ ᠲᠠᠯᠠᠪᠠᠢ︔ ᠬᠦᠭᠡ ᠲᠠᠷᠤᠰᠢ ᠬᠤᠷᠢᠶᠠᠨ ᠬᠠᠳᠠᠭᠠᠯᠠᠬᠤ ᠲᠤᠰᠬᠠᠢ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠳᠤ ᠣᠯᠭᠤᠨ᠎ᠠ᠃ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠪᠤᠯᠤᠨ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠬᠦᠨᠳᠦ ᠭᠠᠵᠠᠷ ᠣᠷᠣᠨ ᠳᠤ ᠤᠷᠢᠳ ᠢᠶᠠᠷ ᠲᠣᠬᠢᠷᠠᠭᠤᠯᠤᠨ᠎ᠠ᠃      ᠠᠳᠤᠭᠤᠨ ᠤ ᠠᠵᠤ ᠦᠢᠯᠡᠰ ᠢ ᠠᠬᠢᠭᠤᠯᠬᠤ ᠲᠠᠯ᠎ᠠ ᠪᠠᠷ᠄      ᠮᠠᠯ ᠠᠵᠤ ᠠᠬᠤᠢ ᠲᠠᠷᠢᠶᠠᠯᠠᠩ ᠢ ᠥᠨᠳᠦᠷ ᠴᠢᠨᠠᠷ ᠴᠢᠨᠰᠠᠭ᠎ᠠ ᠲᠠᠢ ᠬᠦᠭᠵᠢᠭᠦᠯᠬᠦ 10 ᠲᠤᠮᠤ ᠠᠵᠢᠯᠯᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠠᠵᠢᠯ ᠢ ᠡᠭᠦᠳᠦᠯᠳᠡ ᠶᠢᠨ ᠴᠢᠨᠠᠷ ᠲᠠᠢ ᠦᠷᠨᠢᠭᠦᠯᠬᠦ ᠶᠢᠨ ᠲᠦᠯᠦᠭᠡ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠣᠳᠣ ᠦᠶ᠎ᠡ ᠶᠢᠨ ᠠᠳᠤᠭᠤᠨ ᠤ ᠠᠵᠤ ᠦᠢᠯᠡᠰ ᠢ ᠬᠥᠭᠵᠢᠭᠦᠯᠬᠦ ᠲᠤᠬᠠᠢ ᠬᠠᠮᠢᠶ᠎ᠠ ᠪᠦᠬᠦᠢ ᠰᠠᠨᠠᠯ︾᠎ ᠲᠠᠢ ᠤᠶᠠᠯᠳᠤᠭᠤᠯᠤᠨ᠂ ᠰᠢᠯᠢ ᠶᠢᠨ ᠭᠤᠤᠯ ᠠᠶᠢᠮᠠᠭ᠂ ᠬᠦᠯᠦᠨ ᠪᠤᠶᠢᠷ ᠬᠤᠳᠠ ᠪᠠ ᠤᠷᠳᠤᠰ ᠬᠤᠳᠠ ᠶᠢᠨ ᠠᠳᠤᠭᠤᠨ ᠤ ᠠᠵᠤ ᠦᠢᠯᠡᠰ ᠤᠨ ᠭᠤᠤᠯ ᠭᠠᠷᠤᠯᠳᠠ ᠶᠢᠨ ᠣᠷᠣᠨ ᠢ ᠤᠷᠢᠳ ᠢᠶᠠᠷ ᠲᠠᠮᠵᠢᠵᠦ᠂ ᠠᠳᠤᠭᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠡ ᠡᠭᠦᠯᠳᠡᠷ ᠪᠤᠶᠢᠵᠢᠭᠤᠯᠬᠤ ᠪᠠ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠦᠷᠨᠢᠭᠦᠯᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠮᠤᠩᠭᠤᠯ ᠠᠳᠤᠭᠤ ᠲᠡᠵᠢᠭᠡᠬᠦ ᠶᠢ ᠤᠷᠢᠳ ᠢᠶᠠᠷ ᠳᠡᠮᠵᠢᠨ᠎ᠡ᠃      ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠬᠤ ᠶᠢᠨ ᠲᠤᠭᠤᠷᠢᠨ ᠳᠤ᠂ ᠮᠠᠯᠴᠢᠨ ᠲᠠᠷᠢᠶᠠᠴᠢᠳ ᠪᠠ ᠬᠤᠷᠰᠢᠶ᠎ᠠ ᠪᠠᠷ ᠭᠤᠤᠯ ᠪᠤᠯᠭᠠᠭᠰᠠᠨ ᠭᠡᠭᠦᠦ ᠶᠢᠨ ᠰᠦ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢ᠂ ᠮᠣᠷᠢᠨ ᠤ ᠡᠳ᠋ᠯᠡᠯ ᠦᠢᠯᠡᠳᠬᠦ ᠪᠠ ᠪᠣᠷᠳᠤᠭ᠎ᠠ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠤᠨᠴᠠᠯᠢᠭᠳᠤ ᠠᠳᠤᠭᠤᠨ ᠤ ᠠᠵᠤ ᠦᠢᠯᠡᠰ ᠤᠨ ᠲᠤᠷᠰᠢᠯᠳᠠ ᠶᠢᠨ ᠴᠡᠭ ᠢ ᠲᠡᠮᠵᠢᠬᠦ ᠪᠠᠷ ᠲᠠᠮᠵᠢᠨ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠨ᠎ᠠ᠃                                            ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ                                          ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3