6 ᠰᠠᠷ᠎ᠠ ᠶᠢᠨ 11 ᠤ ᠡᠳᠦᠷ᠂ ᠮᠠᠨ ᠤ ᠰᠢᠶᠠᠨ ᠨᠢ ᠡᠯ᠎ᠡ ᠰᠢᠶᠠᠩ ᠪᠠᠯᠭᠠᠰᠤ ᠪᠤᠯᠤᠨ ᠪᠦᠷᠢᠯᠳᠦᠬᠦᠨ | ᠨᠢᠭᠡᠴᠡ ᠤᠳ ᠢ ᠵᠣᠬᠢᠶᠠᠨ ᠪᠠᠶᠢᠭᠤᠯᠵᠣ᠂ ᠰᠣᠶᠣᠯ ᠤᠨ ᠠᠭᠤᠳᠠᠮ ᠲᠠᠯᠠᠪᠠᠢ ᠳᠤ ︽ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠭᠡᠭᠡᠨ ᠢ ᠥᠷᠨᠢᠭᠦᠯᠪᠡ᠃ | | | | ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠳᠤ ᠬᠠᠤᠯᠢ ᠴᠠᠭᠠᠵᠠ ᠶᠢᠨ ᠲᠣᠪᠴᠢᠶ᠎ᠠ ᠣᠷᠣᠯᠴᠠᠵᠤ᠂ | ᠤᠬᠠᠭᠤᠯᠭ᠎ᠠ ᠶᠢᠨ ᠲᠡᠷᠭᠡ ᠪᠠᠷ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠳᠦᠷᠰᠦ | ᠰᠢᠩᠭᠡᠭᠡᠯᠲᠡ ᠶᠢᠨ ᠮᠠᠲ᠋ᠧᠷᠢᠶᠠᠯ ᠢ ᠡᠭᠡᠯᠵᠢᠯᠡᠨ ᠨᠡᠪᠲᠡᠷᠡᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠤᠯᠢ | ᠴᠠᠭᠠᠵᠠ ᠶᠢᠨ ᠵᠥᠪᠯᠡᠯᠭᠡ ᠥᠭᠬᠦ ᠲᠠᠪᠴᠠᠩ ᠭᠠᠷᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ | ᠨᠠᠷᠢᠨ ᠨᠢᠮᠪᠠᠶ ᠲᠠᠶᠢᠯᠤᠮᠵᠢ ᠬᠢᠭᠰᠡᠨ ᠪᠥᠭᠡᠳ ᠮᠠᠳᠠᠭ ᠲᠠᠢ ᠠᠰᠠᠭᠤᠯᠲᠠ ᠳᠤ ᠬᠠᠷᠢᠭᠤ ᠦᠭᠪᠡ᠃ | | | | ᠲᠤᠰ ᠤᠳᠠᠭᠠᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ | ᠤᠬᠠᠭᠤᠯᠭ᠎ᠠ ᠶᠢᠨ ᠬᠦᠳᠡᠯᠭᠡᠭᠡᠨ ᠳᠤ ᠬᠠᠤᠯᠢ ᠴᠠᠭᠠᠵᠠ ᠶᠢᠨ ᠲᠣᠪᠴᠢᠶ᠎ᠠ ᠠᠴᠠ ᠨᠡᠶᠢᠲᠡ 200 ᠭᠠᠷᠤᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 30 ᠭᠠᠷᠤᠢ ᠬᠥᠮᠦᠨ ᠤ ᠬᠠᠤᠯᠢ ᠴᠠᠭᠠᠵᠠ ᠶᠢᠨ ᠵᠥᠪᠯᠡᠯᠭᠡ ᠶᠢ | ᠰᠢᠢᠳᠪᠦᠷᠢᠯᠡᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠮᠥᠷᠲᠡᠭᠡᠨ ᠪᠠᠰᠠ ᠪᠦᠬᠦ ᠰᠢᠶᠠᠨ ᠤ ᠥᠷᠭᠡᠨ ᠤᠯᠠᠨ ᠠᠷᠠᠳ | ᠲᠦᠮᠡᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠳᠤ ᠣᠷᠣᠯᠴᠠᠬᠤ ᠬᠠᠤᠯᠢ | ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠨᠠᠩ ᠭᠦᠨᠵᠡᠭᠡᠢ ᠬᠦᠷᠢᠶ᠎ᠡ ᠲᠡᠶᠢᠰᠢ ᠥᠷᠭᠡᠵᠢᠭᠦᠯᠵᠦ᠂ ᠨᠠᠩ ᠥᠨᠳᠥᠷ ᠳᠡᠰ ᠳᠠᠪᠬᠤᠷᠭ᠎ᠠ ᠲᠡᠶᠢᠰᠢ | ᠳᠡᠭᠡᠭᠰᠢᠯᠡᠭᠦᠯᠦᠭᠰᠡᠨ ᠪᠠᠶᠢᠨ᠎ᠠ᠃ | ᠲᠤᠰ ᠤᠳᠠᠭᠠᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ | ᠤᠬᠠᠭᠤᠯᠭ᠎ᠠ ᠶᠢᠨ ᠬᠦᠳᠡᠯᠭᠡᠭᠡᠨ ᠨᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠰᠢᠶᠠᠨ ᠤ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ︽ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ︾ ᠬᠠᠤᠯᠢᠵᠢᠯ ᠤᠨ ᠠᠭᠤᠷ ᠠᠮᠢᠰᠬᠤᠯ ᠢ ᠪᠣᠶ ᠪᠣᠯᠭᠠᠵᠠᠢ᠃ | | | ᠵᠣᠬᠢᠶᠠᠭᠴᠢ᠄ ᠸᠠᠩ ᠢᠦᠢ | ᠤᠷᠴᠢᠭᠤᠯᠤᠭᠴᠢ᠄ ᠰᠣᠷᠭᠤᠭ | | | | | | |