ᠮᠠᠨ ᠤ ᠰᠢᠶᠠᠨ ᠨᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠭᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2019-06-14
      6 ᠰᠠᠷ᠎ᠠ ᠶᠢᠨ 11 ᠤ ᠡᠳᠦᠷ᠂ ᠮᠠᠨ ᠤ ᠰᠢᠶᠠᠨ ᠨᠢ ᠡᠯ᠎ᠡ ᠰᠢᠶᠠᠩ ᠪᠠᠯᠭᠠᠰᠤ ᠪᠤᠯᠤᠨ ᠪᠦᠷᠢᠯᠳᠦᠬᠦᠨ ᠨᠢᠭᠡᠴᠡ ᠤᠳ ᠢ ᠵᠣᠬᠢᠶᠠᠨ ᠪᠠᠶᠢᠭᠤᠯᠵᠣ᠂ ᠰᠣᠶᠣᠯ ᠤᠨ ᠠᠭᠤᠳᠠᠮ ᠲᠠᠯᠠᠪᠠᠢ ᠳᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠭᠡᠭᠡᠨ ᠢ ᠥᠷᠨᠢᠭᠦᠯᠪᠡ᠃
     ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠳᠤ ᠬᠠᠤᠯᠢ ᠴᠠᠭᠠᠵᠠ ᠶᠢᠨ ᠲᠣᠪᠴᠢᠶ᠎ᠠ ᠣᠷᠣᠯᠴᠠᠵᠤ᠂ ᠤᠬᠠᠭᠤᠯᠭ᠎ᠠ ᠶᠢᠨ ᠲᠡᠷᠭᠡ ᠪᠠᠷ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠡᠭᠡᠯᠵᠢᠯᠡᠨ ᠨᠡᠪᠲᠡᠷᠡᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠪᠴᠠᠩ ᠭᠠᠷᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ ᠨᠠᠷᠢᠨ ᠨᠢᠮᠪᠠᠶ ᠲᠠᠶᠢᠯᠤᠮᠵᠢ ᠬᠢᠭᠰᠡᠨ ᠪᠥᠭᠡᠳ ᠮᠠᠳᠠᠭ ᠲᠠᠢ ᠠᠰᠠᠭᠤᠯᠲᠠ ᠳᠤ ᠬᠠᠷᠢᠭᠤ ᠦᠭᠪᠡ᠃
     ᠲᠤᠰ ᠤᠳᠠᠭᠠᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠭᠡᠭᠡᠨ ᠳᠤ ᠬᠠᠤᠯᠢ ᠴᠠᠭᠠᠵᠠ ᠶᠢᠨ ᠲᠣᠪᠴᠢᠶ᠎ᠠ ᠠᠴᠠ ᠨᠡᠶᠢᠲᠡ 200 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 30 ᠭᠠᠷᠤᠢ ᠬᠥᠮᠦᠨ ᠤ ᠬᠠᠤᠯᠢ ᠴᠠᠭᠠᠵᠠ ᠶᠢᠨ ᠵᠥᠪᠯᠡᠯᠭᠡ ᠶᠢ ᠰᠢᠢᠳᠪᠦᠷᠢᠯᠡᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠮᠥᠷᠲᠡᠭᠡᠨ ᠪᠠᠰᠠ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠳᠤ ᠣᠷᠣᠯᠴᠠᠬᠤ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠨᠠᠩ ᠭᠦᠨᠵᠡᠭᠡᠢ ᠬᠦᠷᠢᠶ᠎ᠡ ᠲᠡᠶᠢᠰᠢ ᠥᠷᠭᠡᠵᠢᠭᠦᠯᠵᠦ᠂ ᠨᠠᠩ ᠥᠨᠳᠥᠷ ᠳᠡᠰ ᠳᠠᠪᠬᠤᠷᠭ᠎ᠠ ᠲᠡᠶᠢᠰᠢ ᠳᠡᠭᠡᠭᠰᠢᠯᠡᠭᠦᠯᠦᠭᠰᠡᠨ ᠪᠠᠶᠢᠨ᠎ᠠ᠃      ᠲᠤᠰ ᠤᠳᠠᠭᠠᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠭᠡᠭᠡᠨ ᠨᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠰᠢᠶᠠᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠬᠠᠤᠯᠢᠵᠢᠯ ᠤᠨ ᠠᠭᠤᠷ ᠠᠮᠢᠰᠬᠤᠯ ᠢ ᠪᠣᠶ ᠪᠣᠯᠭᠠᠵᠠᠢ᠃                                                   ᠵᠣᠬᠢᠶᠠᠭᠴᠢ᠄ ᠸᠠᠩ ᠢᠦᠢ                                                   ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3