ᠠᠵᠢᠯ ᠠᠮᠢᠳᠤᠷᠠᠯ ᠤᠨ ᠳᠠᠷᠤᠭᠠᠰᠤ ᠪᠠᠨ ᠬᠡᠷᠬᠢᠨ ᠬᠦᠩᠬᠡᠯᠡᠬᠦ ᠪᠤᠢ︖
ᠨᠡᠶᠢᠲᠡᠯᠡᠭᠰᠡᠨ ᠴᠠᠭ᠄
2019-06-16
     ᠬᠦᠮᠦᠨ ᠤ ᠠᠮᠢᠳᠤᠷᠠᠯ ᠤᠨ ᠳᠤᠮᠳᠠᠬᠢ ᠠᠵᠢᠯ ᠤᠨ ᠲᠠᠷᠤᠭᠠᠰᠦ᠂ ᠭᠡᠷ ᠪᠦᠯᠢ ᠶᠢᠨ ᠶᠠᠪᠤᠳᠠᠯ ᠠᠴᠠ ᠪᠤᠯᠤᠭᠰᠠᠨ ᠠᠯᠢᠪᠠ ᠤᠴᠢᠷ ᠨᠢ ᠦᠷᠬᠦᠯᠵᠢ ᠬᠦᠮᠦᠰ ᠢ ᠶᠠᠳᠠᠷᠠᠭ᠎ᠠ ᠲᠠᠢ ᠪᠤᠯᠭᠠᠳᠠᠭ᠃ ᠡᠶᠢᠮᠤᠷᠬᠦ ᠪᠠᠶᠢᠳᠠᠯ ᠳᠤ ᠪᠢᠳᠠ ᠬᠡᠷᠬᠢᠨ ᠪᠡᠶ᠎ᠡ ᠰᠡᠳᠬᠢᠯ ᠢᠶᠠᠨ ᠲᠠᠶᠢᠪᠤᠭᠤ ᠪᠠᠶᠢᠯᠭᠠᠵᠤ᠂ ᠠᠮᠢᠳᠤᠷᠠᠯ ᠤᠨ ᠰᠠᠶᠢᠨ ᠰᠠᠶᠢᠬᠠᠨ ᠢᠶᠠᠨ ᠪᠠᠳᠤᠯᠬᠠᠤ ᠪᠤᠢ︖ ᠡᠨᠡ ᠲᠤᠬᠠᠢ ᠡᠮᠴᠢ ᠲᠤᠤᠷᠠᠬᠢ ᠬᠡᠲᠦᠨ ᠲᠠᠯ᠎ᠠ ᠶᠢᠨ ᠵᠦᠪᠯᠡᠭᠡ ᠦᠭᠪᠡ᠃ ᠲᠤᠬᠠᠶᠢᠯᠠᠪᠠᠯ᠄      ᠨᠢᠭᠡ᠂ ᠠᠮᠢᠰᠬᠤᠯ ᠢᠶᠠᠷ ᠲᠠᠶᠢᠪᠤᠰᠢᠷᠠᠬᠤ ᠠᠷᠭ᠎ᠠ᠄ ᠬᠦᠨ ᠠᠮᠢᠰᠬᠤᠭ᠎ᠠ ᠠᠪᠬᠤ ᠨᠢ ᠭᠡᠨᠡᠳᠳᠡ ᠶᠢᠨ ᠠᠭᠤᠷ ᠤᠴᠠᠭᠠᠷ ᠢ ᠨᠠᠮᠳᠠᠭᠠᠵᠤ ᠲᠡᠶᠢᠯᠦᠨ᠎ᠡ᠃ ᠳᠠᠷᠤᠢ ᠬᠠᠮᠠᠷ ᠢᠶᠠᠷ ᠢᠶᠠᠨ ᠠᠮᠢᠰᠬᠤᠨ᠂ ᠠᠮᠢᠰᠬᠤᠯ ᠢᠶᠠᠨ ᠠᠯᠭᠤᠷ ᠬᠡᠪᠡᠯᠢ ᠶᠢᠨ ᠬᠡᠰᠡᠭ ᠲᠡᠭᠡᠨ ᠬᠦᠷᠭᠡᠵᠦ᠂ ᠲᠠᠷᠠᠭ᠎ᠠ ᠨᠢ ᠬᠠᠪᠢᠷᠭ᠎ᠠ ᠶᠢᠨ ᠶᠠᠰᠤᠨ ᠤ ᠬᠡᠰᠡᠭ ᠲᠡᠭᠡᠨ ᠬᠦᠷᠭᠡᠵᠦ᠂ ᠲᠠᠬᠢᠨ ᠠᠭᠠᠵᠢᠮ ᠢᠶᠠᠷ ᠬᠠᠮᠠᠷ ᠢᠶᠠᠷ ᠢᠶᠠᠨ ᠠᠮᠢᠰᠬᠤᠨ ᠭᠠᠷᠭᠠᠬᠤ ᠶᠢ ᠬᠡᠯᠡᠨ᠎ᠡ᠃      ᠬᠤᠶᠠᠷ᠂ ᠪᠤᠯᠴᠢᠩ ᠰᠢᠷᠪᠤᠰᠦ ᠪᠠᠷ ᠲᠠᠶᠢᠪᠤᠰᠢᠷᠠᠭᠤᠯᠬᠤ ᠠᠷᠭ᠎ᠠ᠄ 3 ᠮᠢᠨᠦ᠋ᠲ ᠤᠨ ᠲᠤᠳᠤᠷ᠎ᠠ ᠲᠤᠤᠷᠠᠬᠢ ᠮᠡᠲᠦ ᠬᠦᠳᠡᠯᠭᠡᠭᠡᠨ ᠢ ᠲᠠᠬᠢᠨ ᠲᠠᠪᠳᠠᠨ ᠬᠢᠵᠦ ᠲᠠᠶᠢᠪᠤᠰᠢᠷᠠᠭᠤᠯᠬᠤ᠄ ① ᠰᠠᠭᠤᠭᠠᠳ ᠨᠢᠲᠤ ᠪᠠᠨ ᠠᠨᠢᠨ᠎ᠠ᠃ ② 6 ᠰᠧᠺᠦ᠋ᠨᠳ᠋ ᠢᠶᠠᠷ ᠠᠭᠠᠷ ᠠᠮᠢᠰᠬᠤᠬᠤ ᠦᠶ᠎ᠡ ᠪᠤᠯᠴᠢᠩ ᠰᠢᠷᠪᠤᠰᠦ ᠪᠠᠨ ᠴᠢᠩᠭᠠᠯᠠᠨ᠎ᠠ᠃ ③ ᠠᠯᠭᠤᠷ ᠢᠶᠠᠷ ᠠᠭᠠᠷ ᠠᠮᠢᠰᠬᠤᠨ ᠭᠠᠷᠭᠠᠬᠤ ᠶᠢᠨ ᠲᠠᠭᠠᠦ ᠪᠡᠶ᠎ᠡ ᠪᠠᠨ ᠰᠤᠯᠠ ᠲᠠᠯᠪᠢᠵᠤ᠂ ᠠᠶᠢᠵᠢᠮ ᠲᠠᠢ ᠪᠠᠷ ᠬᠤᠷᠢᠨ ᠮᠢᠨᠦ᠋ᠲ ᠠᠮᠢᠰᠬᠤᠭ᠎ᠠ ᠠᠪᠤᠨ᠎ᠠ᠃ ④ ᠲᠠᠬᠢᠨ ᠬᠤᠶᠠᠷ ᠤᠳᠠᠭ᠎ᠠ ᠲᠠᠪᠳᠠᠵᠤ ᠬᠢᠨ᠎ᠡ᠃      ᠭᠤᠷᠪᠠ᠂ ᠪᠡᠶ᠎ᠡ ᠪᠠᠨ ᠬᠠᠯᠠᠭᠤᠨ ᠤᠰᠤᠨ ᠳᠤ ᠲᠡᠪᠲᠦᠭᠡᠬᠦ᠄ ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠪᠤᠯ ᠬᠠᠮᠤᠭ ᠤᠨ ᠡᠷᠳᠡᠨ ᠤ ᠲᠠᠶᠢᠪᠤᠰᠢᠷᠠᠭᠤᠯᠬᠤ ᠠᠷᠭ᠎ᠠ ᠪᠤᠯᠤᠨ᠎ᠠ᠃ ᠡᠨᠡ ᠦᠶ᠎ᠡ ᠳᠤ ᠪᠡᠶ᠎ᠡ ᠪᠠᠨ ᠰᠤᠯᠠ ᠪᠠᠶᠢᠯᠭᠠᠵᠤ ᠂ ᠬᠠᠮᠤᠭ ᠤᠨ ᠰᠠᠶᠢᠨ ᠨᠢ ᠪᠡᠶ᠎ᠡ ᠪᠠᠨ ᠪᠡᠶ᠎ᠡ ᠶᠢᠨ ᠲᠤᠯᠠᠭᠠᠨ ᠠᠴᠠ ᠪᠠᠨ ᠪᠠᠭ᠋ᠠᠨ ᠦᠨᠲᠦᠷ ᠬᠠᠯᠠᠭᠤᠨ ᠤᠰᠤᠨ ᠳᠤ ᠲᠡᠪᠳᠦᠭᠡᠵᠦ᠂ 15 ᠮᠢᠨᠦ᠋ᠲ ᠢ ᠬᠡᠲᠦᠷᠡᠬᠦ ᠦᠭᠡᠢ ᠪᠠᠶᠢᠪᠠᠯ ᠵᠤᠬᠢᠨ᠎ᠠ᠃      ᠳᠦᠷᠪᠡ᠂ ᠠᠯᠬᠤᠬᠤ᠄ ᠰᠤᠯᠠ ᠠᠯᠬᠤᠬᠤ ᠨᠢ ᠪᠠᠴᠢᠮ ᠰᠠᠨᠳᠤᠷᠤᠤ ᠤᠷᠮ᠎ᠠ ᠰᠡᠳᠬᠢᠯᠭᠡ ᠶᠢ ᠨᠠᠮᠵᠢᠭᠠᠵᠤ᠂ ᠡᠨᠡ ᠦᠷ᠎ᠡ ᠪᠦᠲᠦᠮᠵᠢ ᠨᠢ 1-2 ᠴᠠᠭ ᠦᠷᠬᠦᠯᠵᠢᠯᠡᠨ᠎ᠡ᠃      ᠲᠠᠪᠤ᠂ ᠬᠦᠳᠡᠯᠭᠡᠭᠡᠨ ᠬᠢᠬᠦ᠄ ᠲᠤᠭᠳᠠᠪᠤᠷᠢᠳᠠᠢ ᠬᠦᠳᠡᠯᠭᠡᠭᠡᠨ ᠬᠢᠬᠦ ᠨᠢ ᠳᠠᠷᠤᠭᠠᠰᠤ ᠶᠢ ᠪᠠᠭᠠᠰᠬᠠᠬᠤ ᠬᠠᠮᠤᠭ ᠤᠨ ᠪᠤᠳᠠᠳᠠᠢ ᠠᠷᠭ᠎ᠠ ᠪᠤᠯᠤᠨ᠎ᠠ᠃ 40 ᠮᠢᠨᠦ᠋ᠲ ᠤᠨ ᠬᠦᠳᠡᠯᠭᠡᠭᠡᠨ ᠬᠢᠪᠡᠯ ᠳᠠᠷᠤᠭᠠᠰᠤ ᠶᠢ ᠪᠠᠷᠤᠭ 3 ᠴᠠᠭ ᠳᠠᠶᠢᠪᠤᠰᠢᠷᠠᠭᠤᠯᠵᠤ᠂ ᠬᠠᠷᠢᠨ ᠠᠳᠠᠯᠢᠬᠠᠨ ᠬᠤᠭᠤᠴᠠᠭᠠᠨ ᠤ ᠠᠮᠤᠰᠬᠢᠬᠦ ᠨᠢ ᠵᠦᠪᠬᠡᠨ 20 ᠮᠢᠨᠦ᠋ᠲ ᠯᠡ ᠲᠠᠶᠢᠪᠤᠰᠢᠷᠠᠭᠤᠯᠬᠤ ᠦᠢᠯᠡᠲᠦᠯ ᠲᠠᠢ᠃      ᠵᠢᠷᠭᠤᠭ᠎ᠠ᠂ ᠰᠡᠳᠬᠢᠴᠡ ᠶᠢᠨ ᠵᠦᠪᠯᠡᠭᠡ ᠬᠦᠯᠢᠶᠡᠬᠦ᠄ ᠥᠪᠡᠷ ᠢᠶᠠᠨ ᠥᠪᠡᠷ ᠢ ᠪᠠᠨ ᠲᠠᠶᠢᠪᠤᠰᠢᠷᠠᠭᠤᠯᠵᠤ ᠳᠡᠶᠢᠯᠬᠦ ᠦᠭᠡᠢ ᠪᠠᠶᠢᠳᠠᠯ ᠳᠣᠣᠷ᠎ᠠ ᠶᠠᠮᠠᠷ ᠨᠢᠭᠡᠨ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢ ᠠᠰᠢᠭᠯᠠᠨ ᠬᠡᠳᠦᠷᠭᠡᠢ ᠳᠠᠷᠤᠭᠠᠰᠤ ᠶᠢ ᠲᠡᠩᠴᠡᠭᠦᠷᠢᠰᠢᠬᠦᠯᠬᠦ ᠶᠢ ᠴᠢᠬᠤᠯᠠᠴᠢᠯᠠᠬᠤ ᠬᠡᠷᠡᠭᠲᠡᠢ᠃ ᠡᠶᠢᠮᠦ ᠠᠴᠠ ᠲᠠ ᠪᠠᠰᠠ ᠲᠤᠰᠬᠠᠢ ᠮᠡᠷᠭᠡᠵᠢᠯ ᠤᠨ ᠬᠦᠮᠦᠰ ᠠᠴᠠ ᠲᠤᠰᠠᠯᠠᠮᠵᠢ ᠬᠦᠰᠡᠵᠦ ᠪᠤᠯᠤᠨ᠎ᠠ᠃        ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ          ᠪᠠᠭᠤᠯᠭᠠᠭᠰᠠᠨ ᠨᠢ᠄ ᠰᠣᠷᠭᠤᠭ
 
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3