ᠡᠭᠡᠳᠡᠭᠰᠡᠨ ᠰᠦ ᠬᠢᠬᠦ ᠠᠷᠭ᠎ᠠ
ᠨᠡᠶᠢᠲᠡᠯᠡᠭᠰᠡᠨ ᠴᠠᠭ᠄
2019-06-25
     ᠡᠭᠡᠳᠡᠭᠰᠡᠨ ᠰᠦ ᠶᠢᠨ ᠰᠢᠮ᠎ᠡ ᠲᠡᠵᠢᠭᠡᠯ ᠨᠢ ᠰᠢᠨ᠎ᠡ ᠰᠤᠷᠭᠤᠭ ᠰᠦᠨ ᠠᠴᠠ ᠬᠤᠯᠠ ᠳᠠᠪᠠᠳᠠᠭ᠃ ᠲᠡᠭᠦᠨ ᠳᠤ ᠤᠯᠠᠨ ᠶᠠᠩᠵᠤ ᠶᠢᠨ ᠰᠦᠨ ᠬᠦᠴᠢᠯ᠂ ᠰᠦᠨ ᠰᠢᠬᠢᠷ᠂ ᠠᠮᠢᠨᠦ᠋ ᠬᠦᠴᠢᠯ᠂ ᠡᠷᠦᠳᠡᠰᠦᠨ ᠪᠤᠳᠠᠰ᠂ ᠸᠢᠲ᠋ᠠᠮᠢᠨ ᠵᠡᠷᠭᠡ ᠪᠤᠳᠠᠰ ᠡᠯᠪᠡᠭ ᠠᠭᠤᠯᠤᠭᠳᠠᠳᠠᠬ᠃ ᠬᠤᠳᠤᠭᠤᠳᠤᠨ ᠡᠪᠡᠳᠴᠢᠨ ᠲᠠᠢ ᠬᠦᠮᠦᠨ ᠡᠭᠡᠳᠡᠭᠰᠡᠨ ᠰᠦ ᠤᠤᠭᠤᠪᠠᠯ ᠬᠤᠳᠤᠭᠤᠳᠤᠨ ᠬᠦᠴᠢᠯ ᠢᠯᠭᠠᠷᠠᠭᠤᠯᠬᠤ ᠶᠢ ᠠᠬᠢᠭᠤᠯᠵᠤ᠂ ᠬᠤᠭᠤᠯᠠᠨ ᠤ ᠳᠠᠷᠠᠭ᠎ᠠ ᠬᠡᠢ ᠲᠦᠭᠦᠷᠡᠵᠦ᠂ ᠰᠠᠭᠤᠯᠭᠠᠬᠤ ᠵᠡᠷᠭᠡ ᠪᠠᠶᠢᠳᠠᠯ ᠢᠯᠡᠷᠡᠭᠦ ᠦᠭᠡᠢ ᠪᠦᠭᠡᠳ ᠬᠠᠷᠢᠨ ᠬᠡᠢ ᠨᠡᠪᠳᠡᠷᠡᠵᠦ᠂ ᠢᠳᠡᠭᠰᠡᠨ ᠢ ᠰᠢᠩᠭᠡᠭᠡᠳᠡᠭ᠃ ᠲᠡᠭᠡᠪᠡᠯ ᠥᠪᠡᠷ ᠲᠡᠭᠡᠨ ᠡᠭᠡᠳᠡᠭᠰᠡᠨ ᠰᠦ ᠬᠢᠬᠦ ᠠᠷᠭ᠎ᠠ ᠶᠢ ᠰᠤᠷᠤᠶ᠎ᠠ᠄      1. ᠤᠷᠢᠳᠠᠪᠠᠷ ᠲᠦᠭᠦᠭᠡᠢ ᠮᠠᠲ᠋ᠧᠷᠢᠶᠠᠯ ᠪᠠ ᠪᠠᠭᠠᠵᠢ ᠬᠡᠷᠡᠭᠰᠡᠯ ᠢᠶᠠᠨ ᠪᠦᠷᠢᠨ ᠪᠤᠯᠭᠠᠨ᠎ᠠ᠃ ᠰᠢᠨ᠎ᠡ ᠰᠤᠷᠭᠤᠭ ᠰᠦ᠂ ᠡᠭᠡᠳᠡᠭᠰᠡᠨ ᠰᠦ᠂ ᠴᠠᠬᠢᠯᠭᠠᠨ ᠲᠤᠭᠤᠭ᠎ᠠ᠂ ᠪᠢᠴᠢᠯ ᠳᠤᠯᠬᠢᠶᠠᠨ ᠵᠤᠤᠬ᠎ᠠ ᠵᠡᠷᠭᠡ᠃      2. ᠰᠦ ᠪᠠᠨ ᠪᠢᠴᠢᠯ ᠳᠤᠯᠬᠢᠶᠠᠨ ᠵᠤᠤᠬᠠᠨ ᠳᠠᠭᠠᠨ ᠬᠢᠵᠦ ᠬᠠᠯᠠᠭᠠᠨ᠎ᠠ᠃      3. ᠪᠦᠯᠢᠶᠡᠨ ᠰᠦ ᠳᠤᠳᠤᠷ᠎ᠠ ᠪᠠᠨ ᠡᠭᠡᠳᠡᠭᠰᠡᠨ ᠰᠦ ᠬᠢᠵᠦ᠂ ᠬᠠᠯᠪᠠᠭ᠎ᠠ ᠪᠠᠷ ᠢᠶᠠᠨ ᠰᠠᠶᠢᠬᠠᠨ ᠵᠢᠭᠳᠡ ᠬᠤᠳᠬᠤᠵᠤ᠂ ᠳᠠᠬᠯᠠᠭ᠎ᠠ ᠪᠠᠷ ᠨᠢ ᠳᠠᠷᠤᠵᠤ ᠳᠠᠯᠪᠢᠨ᠎ᠠ᠃      4. ᠴᠠᠬᠢᠯᠭᠠᠨ ᠲᠤᠭᠤᠭᠠᠨ ᠳᠤᠳᠤᠷᠠᠬᠢ ᠬᠠᠯᠠᠭᠤᠨ ᠤᠰᠤ ᠪᠠᠨ ᠴᠢᠳᠬᠤᠵᠤ᠂ ᠸᠠᠭᠠᠷ ᠴᠤᠮᠤ ᠪᠠᠨ ᠴᠠᠬᠢᠯᠭᠠᠨ ᠳᠤᠭᠤᠭᠠᠨ ᠳᠠᠭᠠᠨ ᠬᠢᠵᠦ᠂ ᠴᠡᠪᠡᠷᠬᠡᠨ ᠠᠯᠴᠢᠭᠤᠷ ᠢᠶᠠᠷ ᠪᠦᠳᠡᠭᠡᠵᠦ ᠳᠠᠯᠪᠢᠨ᠎ᠠ᠃ ᠲᠤᠭᠤᠭᠠᠨ ᠤ ᠦᠯᠡᠳᠡᠭᠰᠡᠨ ᠢᠯᠴᠢ ᠪᠠᠷ ᠨᠢ ᠤᠴᠢᠵᠤ ᠢᠰᠭᠡᠨ᠎ᠡ᠃ 8-10 ᠴᠠᠬ ᠤᠨ ᠳᠠᠷᠠᠭ᠎ᠠ ᠰᠠᠶᠢᠬᠠᠨ ᠠᠮᠳᠠᠳᠤ ᠡᠭᠡᠳᠡᠭᠰᠡᠨ ᠰᠦ ᠪᠡᠯᠡᠭᠡᠨ ᠪᠤᠯᠴᠢᠬᠠᠨ᠎ᠠ᠃              ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ              ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3