ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-06-27
      ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠰᠢᠶᠠᠨ ᠤ ᠵᠠᠰᠠᠭ ᠤᠨ ᠣᠷᠳᠣᠨ ᠤ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠬᠤ ᠡᠭᠦᠷᠭᠡ ᠴᠢᠳᠠᠮᠵᠢ ᠶᠢᠨ ᠪᠦᠷᠢᠯᠳᠦᠬᠦᠨ ᠰᠠᠯᠠᠭ᠎ᠠ ᠮᠥᠴᠢᠷ ᠮᠥᠨ᠂ 2002 ᠣᠨ ᠡᠬᠢ ᠪᠠᠷ ᠲᠦᠯᠦᠪᠯᠡᠭᠡ ᠶᠢᠨ ᠲᠣᠪᠴᠢᠶ᠎ᠠ ᠠᠴᠠ ᠬᠥᠭᠵᠢᠭᠦᠯᠦᠯᠲᠡ ᠪᠠ ᠲᠦᠯᠦᠪᠯᠡᠭᠡ ᠶᠢᠨ ᠵᠥᠪᠯᠡᠯ ᠪᠣᠯᠭᠠᠨ ᠥᠭᠡᠷᠡᠴᠢᠯᠡᠵᠦ᠂ 2004 ᠣᠨ ᠰᠡᠭᠦᠯᠴᠢ ᠪᠠᠷ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠡᠵᠦ ᠬᠠᠯᠠᠵᠠᠶ᠃ ᠡᠭᠦᠨ ᠳᠤ ᠰᠢᠶᠠᠨ ᠤ ᠪᠠᠶᠢᠭᠤᠯᠣᠭᠰᠠᠨ ᠪᠠᠶᠢᠭᠤᠯᠤᠮᠵᠢ ᠳᠠᠬᠢ ᠠᠮᠢ ᠠᠬᠤᠢ ᠶᠢᠨ ᠠᠯᠪᠠᠨ ᠭᠡᠷ ᠨᠢ 1998 ᠣᠨ 10 ᠰᠠᠷ᠎ᠠ ᠳᠤ ᠪᠠᠶᠢᠭᠤᠯᠤᠭᠳᠠᠵᠤ᠂ ᠲᠥᠷᠥᠯ ᠵᠦᠢᠯ ᠤᠨ ᠠᠯᠪᠠᠨ ᠭᠡᠷ ᠎ ᠨᠢ 2008 ᠣᠨ 6 ᠰᠠᠷ᠎ᠠ ᠳᠤ ᠪᠠᠶᠢᠭᠤᠯᠤᠭᠳᠠᠵᠤ᠂ ᠰᠠᠯᠬᠢᠨ ᠬᠦᠴᠦᠨ ᠤ ᠴᠠᠬᠢᠯᠭᠠᠨ ᠤ ᠠᠯᠪᠠᠨ ᠭᠡᠷ ᠨᠢ 2008 ᠣᠨ 6 ᠰᠠᠷ᠎ᠠ ᠳᠤ ᠪᠠᠶᠢᠭᠤᠯᠤᠭᠳᠠᠵᠤ᠂ ᠪᠠᠷᠠᠭᠠᠨ ᠤ ᠦᠨ᠎ᠡ ᠶᠢᠨ ᠲᠣᠪᠴᠢᠶ᠎ᠠ ᠨᠢ 2010 ᠣᠨ 6 ᠰᠠᠷ᠎ᠠ ᠳᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠠᠴᠠ ᠬᠤᠪᠢᠶᠠᠭᠳᠠᠨ ᠢᠷᠡᠵᠡᠢ᠃ᠭᠤᠤᠯ ᠡᠭᠦᠷᠭᠡ ᠪᠠ ᠬᠠᠷᠢᠭᠤᠴᠠᠯᠭ᠎ᠠ᠄      ︵ᠨᠢᠭᠡ︶᠄ ᠣᠯᠣᠰ ᠤᠨ ᠬᠠᠮᠢᠶ᠎ᠠ ᠪᠦᠬᠦᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠰᠢ ᠨᠡᠭᠡᠭᠡᠯᠲᠡ ᠬᠢᠬᠦ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶᠄ ᠲᠤᠰ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠤᠰ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠵᠢᠴᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠦᠨ᠎ᠡ᠃      ︵ᠭᠤᠷᠪᠠ︶᠄ ᠲᠤᠰ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠪᠠᠶᠢᠳᠠᠯ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃      ︵ᠳᠦᠷᠪᠡ︶᠄ ᠲᠤᠰ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠠᠯ᠎ᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠦᠢᠯᠡᠰ ᠤᠨ ᠪᠡᠯᠡ ᠲᠣᠬᠢᠷᠠᠭᠤᠯᠭ᠎ᠠ ᠶᠢᠨ ᠲᠥᠰᠦᠯ ᠢ ᠰᠤᠳᠤᠯᠤᠨ ᠲᠣᠭᠲᠠᠭᠠᠨ᠎ᠠ᠃      ︵ᠲᠠᠪᠤ︶᠄ ᠲᠤᠰ ᠰᠢᠶᠠᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ᠎ᠠ᠃      ︵ᠵᠢᠷᠭᠤᠭ᠎ᠠ︶᠄ ᠲᠣᠭᠲᠠᠭᠠᠯ ᠶᠣᠰᠣᠭᠠᠷ ᠡᠯ᠎ᠡ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠦᠨ᠎ᠡ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠣᠨ ᠥᠷᠨᠢᠭᠦᠯᠦᠨ᠎ᠡ᠃      ︵ᠳᠣᠯᠤᠭ᠎ᠠ︶᠄ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠶᠡᠷᠦᠩᠬᠡᠶᠢᠯᠡᠨ ᠵᠣᠬᠢᠴᠠᠭᠤᠯᠵᠤ᠂ ᠲᠤᠰ ᠰᠢᠶᠠᠨ ᠤ ᠠᠵᠤ ᠠᠬᠤᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠪᠣᠯᠤᠨ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃      ︵ᠨᠠᠢᠮᠠ︶᠄ ᠲᠤᠰ ᠰᠢᠶᠠᠨ ᠤ ᠨᠡᠶᠢᠭᠡᠮ ᠤᠨ ᠬᠥᠭᠵᠢᠯᠲᠡ ᠪᠣᠯᠤᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠶᠡᠷᠦᠩᠬᠡᠢ ᠲᠦᠯᠦᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠣ ᠲᠣᠭᠲᠠᠭᠠᠨ᠎ᠠ᠃      ︵ᠶᠢᠰᠦ︶᠄ ᠪᠦᠬᠦ ᠰᠢᠶᠠᠨ ᠤ ᠪᠠᠷᠠᠭᠠᠨ ᠤ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠ︶᠄ ᠲᠤᠰ ᠰᠢᠶᠠᠨ ᠤ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠣᠨ ᠲᠤᠭᠤᠷᠪᠢᠨ ᠲᠣᠭᠲᠠᠭᠠᠬᠤ ᠪᠥᠭᠡᠳ ᠵᠣᠬᠢᠴᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠰᠠᠮᠠᠯ ᠵᠠᠮ᠂ ᠲᠡᠮᠦᠷ ᠵᠠᠮ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠮᠠᠨ ᠤ ᠰᠢᠶᠠᠨ ᠤ ᠰᠠᠭᠤᠷᠢ ᠲᠥᠬᠦᠭᠡᠷᠦᠮᠵᠢ ᠶᠢᠨ ᠵᠦᠢᠯᠡᠰ ᠲᠤ ᠪᠡᠯᠡ ᠣᠷᠣᠭᠤᠯᠬᠤ ᠠᠵᠢᠯ ᠢ ᠵᠣᠬᠢᠴᠠᠭᠤᠯᠤᠨ᠎ᠠ᠃      ︵ᠠᠷᠪᠠᠨ ᠨᠢᠭᠡ︶᠄ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠳᠤ ᠣᠷᠣᠯᠴᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠡᠨᠧᠷᠭᠢ ᠰᠤᠷᠪᠤᠯᠵᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃        ︵ᠠᠷᠪᠠᠨ ᠬᠤᠶᠠᠷ︶᠄ ᠪᠦᠬᠦ ᠰᠢᠶᠠᠨ ᠤ ᠠᠷᠠᠳ ᠢ ᠨᠡᠭᠦᠯᠭᠡᠬᠦ ᠪᠠᠷᠢᠯᠭ᠎ᠠ ᠶᠢᠨ ᠲᠥᠯᠥᠪᠵᠢᠭᠦᠯᠪᠡ ᠪᠠ ᠬᠡᠷᠡᠭᠵᠢᠭᠦᠯᠦᠯᠲᠡ ᠶᠢ ᠬᠠᠷᠢᠭᠤᠴᠠᠨ᠎ᠠ᠃      ︵ᠠᠷᠪᠠᠨ ᠭᠤᠷᠪᠠ︶᠄ ᠰᠢᠶᠠᠨ ᠤ ᠵᠠᠰᠠᠭ ᠤᠨ ᠣᠷᠳᠣᠨ ᠪᠣᠯᠤᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠠᠪᠴᠤ ᠭᠦᠢᠴᠡᠳᠬᠡᠨ᠎ᠡ᠃ ᠬᠠᠷᠢᠯᠴᠠᠬᠤ ᠤᠳᠠᠰᠣ᠄ 0474-7212070ᠬᠢᠨᠠᠯᠲᠠ ᠲᠠᠯᠪᠢᠬᠤ ᠣᠳᠠᠰᠣ᠄ 0474-7212070                                                    ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3