ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-06-27
      ᠰᠢᠩ ᠾᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠪᠦᠬᠦ ᠰᠢᠶᠠᠨ ᠤ ᠵᠠᠰᠠᠭ ᠵᠠᠬᠢᠷᠭᠠᠨ ᠤ ᠠᠵᠢᠯ ᠤᠨ ᠲᠤᠭ᠎ᠠ ᠪᠦᠷᠢᠳᠬᠡᠯ ᠢ ᠬᠠᠮᠢᠶᠠᠷᠲᠠᠭ ᠵᠠᠰᠠᠭ ᠤᠨ ᠣᠷᠳᠣᠨ ᠤ ᠰᠠᠯᠠᠭ᠎ᠠ ᠮᠦᠴᠢᠷ ᠪᠤᠯᠤᠨ᠎ᠠ᠃ᠭᠤᠤᠯ ᠡᠭᠦᠷᠭᠡ ᠪᠠ ᠬᠠᠷᠢᠭᠤᠴᠠᠯᠭ᠎ᠠ᠄      ︵ᠨᠢᠭᠡ︶ ᠳᠡᠭᠡᠷ᠎ᠡ ᠱᠠᠲᠤᠨ ᠤ ᠲᠤᠭ᠎ᠠ ᠪᠦᠷᠢᠳᠭᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠤᠯᠤᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠲᠤᠤᠱᠯᠠᠭᠤᠯᠤᠨ᠂ ᠪᠦᠬᠦ ᠰᠢᠶᠠᠨ ᠤ ᠲᠤᠭ᠎ᠠ ᠪᠦᠷᠢᠳᠭᠡᠯ ᠤᠨ ᠦᠭᠡᠷᠡᠴᠢᠯᠡᠯᠲᠡ᠂ ᠲᠤᠭ᠎ᠠ ᠪᠦᠷᠢᠳᠭᠡᠯ ᠤᠨ ᠪᠠᠶᠢᠭᠤᠯᠤᠯᠲᠠ ᠶᠢᠨ ᠲᠦᠯᠦᠪᠵᠢᠭᠦᠯᠭᠡ ᠬᠢᠭᠡᠳ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠯᠦᠪᠯᠡᠭᠡ ᠶᠢ ᠲᠤᠭᠲᠠᠭᠠᠵᠤ᠂ ᠡᠯ᠎ᠡ ᠰᠢᠶᠠᠩ ᠪᠠᠯᠭᠠᠰᠤ᠂  ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠪᠤᠯᠤᠨ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠲᠤᠭ᠎ᠠ ᠪᠦᠷᠢᠳᠭᠡᠯ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠰᠢᠰᠲ᠋ᠧᠮᠵᠢ ᠪᠠ ᠪᠦᠬᠦ ᠤᠯᠤᠰ ᠤᠨ ᠨᠢᠭᠡᠲᠣᠯᠲᠠᠢ ᠦᠨᠳᠦᠰᠦᠨ ᠲᠤᠭ᠎ᠠ ᠪᠦᠷᠢᠳᠭᠡᠯ ᠤᠨ ᠳᠦᠷᠢᠮ ᠢ ᠲᠤᠤᠱᠯᠠᠭᠤᠯᠵᠤ᠂ ᠰᠢᠶᠠᠨ ᠤ ᠨᠠᠮ ᠤᠨ ᠬᠤᠷᠢᠶ᠎ᠠ ᠪᠠ ᠳᠡᠭᠡᠲᠤ ᠱᠠᠲᠤᠨ ᠤ ᠤᠳᠤᠷᠢᠳᠤᠯᠭ᠎ᠠ ᠶᠢᠨ ᠳᠤᠤᠷ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠰᠦᠯ ᠤᠨ ᠶᠤᠰᠤᠭᠠᠷ ᠡᠬᠦᠷᠭᠡ ᠪᠠᠨ ᠬᠦᠢᠴᠡᠳᠭᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠴᠢᠬᠤᠯᠠ ᠶᠡᠭᠡ ᠪᠠᠶᠢᠳᠠᠯ ᠪᠠ ᠬᠦᠴᠦᠨ ᠤ ᠨᠡᠶᠢᠳᠡᠮ ᠪᠠᠶᠢᠴᠠᠭᠠᠯᠲᠠ ᠶᠢ ᠵᠤᠬᠢᠶᠠᠨ ᠪᠠᠶᠢᠭᠤᠯᠵᠤ ᠬᠦᠢᠴᠡᠳᠬᠡᠨ᠎ᠡ᠃      ︵ᠭᠤᠷᠪᠠ︶ ᠪᠦᠬᠦ ᠰᠢᠶᠠᠨ ᠤ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠷᠦᠯ ᠵᠦᠢᠯ ᠪᠠ ᠲᠤᠭ᠎ᠠ ᠪᠦᠷᠢᠳᠭᠡᠯ ᠤᠨ ᠮᠡᠳᠡᠬᠦᠯᠦᠯᠲᠠ ᠶᠢ ᠬᠠᠷᠢᠭᠤᠴᠠᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠤᠯᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠯᠦᠪᠯᠡᠭᠡ᠂ ᠪᠠᠶᠢᠴᠠᠭᠠᠯᠲᠠ ᠶᠢᠨ ᠠᠷᠭ᠎ᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃        ︵ᠳᠦᠷᠪᠡ︶ ᠪᠦᠬᠦ ᠰᠢᠶᠠᠨ ᠤ ᠦᠨᠳᠦᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠡᠮᠬᠢᠯᠡᠨ ᠬᠠᠩᠭᠠᠵᠤ᠂ ᠤᠯᠤᠰ ᠠᠷᠠᠳ ᠤᠨ ᠠᠵᠤ ᠠᠬᠤᠢ ᠶᠢᠨ ᠬᠦᠭᠵᠢᠯᠲᠠ ᠶᠢᠨ ᠲᠤᠭ᠎ᠠ ᠪᠦᠷᠢᠳᠭᠡᠯ ᠳᠤ ᠬᠢᠨᠠᠯᠲᠠ ᠲᠠᠯᠪᠢᠵᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠭ᠎ᠠ ᠪᠦᠷᠢᠳᠭᠡᠯ ᠤᠨ ᠮᠡᠳᠡᠭᠡ ᠵᠠᠩᠭᠢ ᠪᠠ ᠯᠠᠪᠯᠠᠭ᠎ᠠ ᠶᠢᠨ ᠰᠠᠨᠠᠭᠤᠯᠭ᠎ᠠ ᠬᠠᠩᠭᠠᠨ᠎ᠠ᠃      ︵ᠲᠠᠪᠤ︶ ᠪᠦᠬᠦ ᠰᠢᠶᠠᠨ ᠤ ᠲᠤᠭ᠎ᠠ ᠪᠦᠷᠢᠳᠭᠡᠯ ᠤᠨ ᠺᠠᠳ᠋ᠷ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠪᠠ ᠦᠷᠬᠦᠯᠵᠢᠯᠡᠭᠰᠡᠨ ᠬᠦᠮᠦᠵᠢᠯ ᠢ ᠵᠤᠬᠢᠶᠠᠨ ᠪᠠᠶᠢᠭᠤᠯᠵᠤ ᠬᠠᠮᠢᠶᠠᠷᠤᠨ᠎ᠠ᠃      ︵ᠵᠢᠷᠭᠤᠭ᠎ᠠ︶ ᠪᠦᠬᠦ ᠰᠢᠶᠠᠨ ᠤ ᠴᠢᠨᠠᠷᠲᠠᠢ ᠦᠨᠳᠦᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠨᠢᠭᠡᠲᠤᠯᠲᠠᠢ ᠬᠠᠮᠢᠶᠠᠷᠴᠤ ᠨᠡᠶᠢᠲᠡᠯᠡᠨ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠪᠠᠶᠢᠳᠠᠯ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢ ᠲᠤᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠨ᠎ᠡ᠃      ︵ᠳᠣᠯᠤᠭ᠎ᠠ︶ ᠰᠢᠶᠠᠨ ᠤ ᠨᠠᠮ ᠤᠨ ᠬᠤᠷᠢᠶ᠎ᠠ᠂  ᠠᠷᠠᠳ ᠤᠨ ᠵᠠᠰᠠᠭ ᠤᠨ ᠤᠷᠳᠤᠨ ᠪᠤᠯᠤᠨ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠠ᠃ ᠬᠠᠷᠢᠯᠴᠠᠬᠤ ᠤᠲᠠᠰᠤ᠄ 0474-7212020ᠪᠠᠶᠢᠭᠤᠯᠭ᠎ᠠ ᠶᠢᠨ ᠬᠠᠶ᠋ᠢᠭ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ︵ᠨᠢᠭᠡᠳᠤᠭᠡᠷ ᠳᠠᠪᠬᠤᠷᠭ᠎ᠠ᠂ ᠭᠤᠷᠪᠠᠳᠣᠭᠠᠷ ᠳᠠᠪᠬᠤᠷᠭ᠎ᠠ︶                                                    ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3