ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2019-06-27
      ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠤᠯ ᠪᠦᠬᠦ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠶᠡᠷᠥᠩᠬᠡᠶᠢᠯᠡᠨ ᠬᠠᠮᠢᠶᠠᠷᠴᠦ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠲᠣᠣᠱᠯᠠᠭᠤᠯᠣᠨ ᠬᠡᠷᠡᠭᠵᠢᠭᠦᠯᠵᠦ᠂ ᠡᠳ᠋ ᠤᠨ ᠵᠠᠰᠠᠭ ᠤᠨ ᠬᠢᠨᠠᠯᠲᠠ ᠶᠢ ᠭᠦᠢᠴᠡᠭᠡᠬᠦ᠂ ᠪᠦᠬᠦ ᠰᠢᠶᠠᠨ ᠤ ᠣᠯᠣᠰ ᠠᠷᠠᠳ ᠤᠨ ᠠᠵᠦ ᠠᠬᠤᠢ ᠳᠤ ᠬᠤᠷᠸ᠎ᠠ ᠡᠵᠡᠮᠰᠢᠯ ᠬᠢᠳᠡᠭ ᠵᠠᠰᠠᠭ ᠤᠨ ᠣᠷᠳᠣᠨ ᠤ ᠡᠷᠬᠡ ᠲᠣᠰᠢᠶᠠᠯᠲᠣ ᠰᠠᠯᠠᠭ᠎ᠠ ᠮᠦᠴᠢᠷ ᠪᠤᠯᠤᠨ᠎ᠠ᠃ᠭᠤᠤᠯ ᠡᠭᠦᠷᠭᠡ ᠪᠠ ᠬᠠᠷᠢᠭᠤᠴᠠᠯᠭ᠎ᠠ᠄      ︵ᠨᠢᠭᠡ︶ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ᠂ ᠳᠦᠷᠢᠮ ᠲᠣᠭᠲᠠᠭᠠᠯ᠂ ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠣᠱᠯᠠᠭᠤᠯᠣᠨ ᠬᠡᠷᠡᠭᠵᠢᠭᠦᠯᠵᠦ᠂ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠪᠤᠯᠤᠨ ᠳᠡᠰ ᠬᠤᠪᠢᠶᠠᠭᠰᠠᠨ ᠡᠳ᠋ ᠤᠨ ᠵᠠᠰᠠᠭ ᠤᠨ ᠬᠠᠮᠢᠶᠠᠷᠣᠯᠲᠠ ᠶᠢᠨ ᠪᠠᠶᠢᠭᠤᠯᠣᠯ ᠢ ᠲᠤᠭᠤᠷᠪᠢᠨ ᠲᠤᠭᠳᠠᠭᠠᠬᠤ ᠶᠢᠨ ᠬᠠᠮᠲᠦ ᠬᠡᠷᠡᠭᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠬᠦᠭᠵᠢᠯᠲᠡ ᠶᠢᠨ ᠲᠦᠯᠦᠪᠵᠢᠭᠦᠯᠭᠡ ᠪᠠ ᠳᠣᠮᠳᠠ ᠣᠷᠳᠣ ᠬᠤᠭᠤᠴᠠᠭᠠᠨ ᠤ ᠲᠦᠯᠦᠪᠯᠡᠭᠡ ᠶᠢ ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠡᠳ᠋ ᠤᠨ ᠵᠠᠰᠠᠭ ᠤᠨ ᠠᠵᠢᠯ ᠢ ᠵᠢᠯᠤᠭᠤᠳᠤᠨ᠎ᠠ᠃                  ︵ᠬᠤᠶᠠᠷ︶ ᠰᠢᠶᠠᠨ ᠤ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠦᠰᠦᠪ ︵ᠲᠦᠰᠦᠯ︶ ᠪᠠ ᠡᠳ᠋ ᠤᠨ ᠵᠠᠰᠠᠭ ᠤᠨ ᠲᠦᠰᠦᠪ ︵ᠲᠦᠰᠦᠯ︶᠎ ᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠦᠰᠦᠪ ᠤᠨ ᠬᠦᠢᠴᠡᠳᠭᠡᠯ ᠢ ᠮᠡᠳᠡᠭᠦᠯᠦᠨ᠎ᠡ ; ᠪᠦᠬᠦ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠳᠤ ᠬᠢᠨᠠᠨ ᠬᠠᠮᠢᠶᠠᠷᠣᠯᠲᠠ ᠬᠢᠵᠦ᠂ ᠡᠯ᠎ᠡ ᠰᠠᠯᠠᠭ᠎ᠠ ᠮᠦᠴᠢᠷ ︵ᠨᠢᠭᠡᠴᠡ︶᠎ ᠶᠢᠨ ᠣᠨ ᠤ ᠲᠥᠰᠥᠪ ᠤᠨ ᠭᠦᠢᠴᠡᠳᠬᠡᠯ ᠤᠨ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ ; ᠪᠦᠬᠦ ᠰᠢᠶᠠᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠲᠣᠭᠲᠠᠭᠠᠨ᠂ ᠰᠢᠶᠠᠨ ᠤ ᠡᠳ᠋ ᠤᠨ ᠬᠦᠴᠦᠨ ᠶᠢ ᠶᠡᠷᠥᠩᠬᠡᠶᠢᠯᠡᠨ ᠲᠡᠩᠴᠡᠭᠦᠷᠢᠰᠢᠭᠦᠯᠦᠨ᠎ᠡ᠃      ︵ᠭᠤᠷᠪᠡ︶ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠪᠤᠯᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠲᠤᠭᠳᠠᠭᠠᠯ ᠶᠤᠰᠤᠭᠠᠷ ᠬᠠᠮᠢᠶᠠᠷᠤᠨ᠎ᠠ᠃      ︵ᠳᠦᠷᠪᠡ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠥᠭᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠲᠠᠲᠠᠢ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠨ᠂ ᠤᠯᠤᠰ ᠤᠨ ᠬᠥᠮᠥᠷᠭᠡ ᠶᠢᠨ ᠪᠡᠯᠡᠨ ᠵᠣᠭᠤᠰᠤᠨ ᠤ ᠬᠠᠮᠢᠶᠠᠷᠤᠯᠲᠠ ᠶᠢᠨ ᠠᠵᠢᠯ ᠢ ᠲᠤᠭᠳᠠᠭᠠᠯ ᠶᠤᠰᠤᠭᠠᠷ ᠦᠷᠨᠢᠭᠦᠯᠦᠨ᠎ᠡ ; ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠲᠠᠲᠠᠢ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠬᠢᠨᠠᠨ ᠬᠠᠮᠢᠶᠠᠷᠤᠨ᠎ᠠ᠃        ︵ᠲᠠᠪᠤ︶ ᠪᠦᠬᠦ ᠰᠢᠶᠠᠨ ᠤ ᠨᠢᠭᠲᠠᠯᠠᠨ ᠪᠣᠳᠣᠭᠴᠢ ᠶᠢᠨ ᠠᠵᠢᠯ ᠢ ᠬᠠᠮᠢᠶᠠᠷᠣᠨ ᠵᠢᠯᠤᠭᠤᠳᠴᠦ᠂ ᠨᠢᠭᠲᠠᠯᠠᠨ ᠪᠣᠳᠣᠬᠤ ᠠᠵᠢᠯ ᠤᠨ ᠬᠠᠣᠯᠢ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠲᠠᠯᠠᠨ ᠪᠣᠳᠣᠭᠴᠢ ᠶᠢᠨ ᠦᠢᠯᠡ ᠠᠵᠢᠯᠠᠯᠭ᠎ᠠ ᠳᠤ ᠬᠢᠨᠠᠯᠲᠠ ᠲᠠᠯᠪᠢᠬᠤ ᠪᠠ ᠵᠢᠷᠦᠮᠵᠢᠭᠦᠯᠦᠨ᠎ᠡ ; ᠨᠢᠭᠲᠠᠯᠠᠨ ᠪᠣᠳᠣᠭᠴᠢ ᠶᠢᠨ  ᠲᠤᠬᠠᠶᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠲᠠ ᠪᠠ ᠮᠡᠷᠭᠡᠵᠢᠯ ᠤᠨ ᠴᠣᠯᠠ ᠶᠢᠨ ᠰᠢᠯᠭᠠᠯᠲᠠ ᠶᠢ ᠵᠣᠬᠢᠶᠠᠨ ᠪᠠᠶᠢᠭᠤᠯᠵᠦ᠂ ᠨᠢᠭᠲᠠᠯᠠᠨ ᠪᠣᠳᠣᠭᠴᠢ ᠶᠢᠨ ᠦᠷᠭᠦᠯᠵᠢᠯᠡᠭᠰᠡᠨ ᠬᠦᠮᠦᠵᠢᠯ ᠢ ᠬᠠᠷᠢᠭᠤᠴᠠᠨ᠎ᠠ᠃      ︵ᠵᠢᠷᠭᠤᠭ᠎ᠠ︶ ᠣᠯᠣᠰ ᠤᠨ ᠦᠮᠴᠢᠯᠡᠯᠳᠣ ᠪᠡᠯᠡ ᠭᠦᠷᠦᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠭᠦᠷᠦᠩᠭᠡ ᠶᠢ ᠲᠣᠳᠣᠷᠬᠠᠶᠢᠯᠠᠨ ᠪᠡᠯᠡ ᠶᠢ ᠬᠠᠷᠠᠭᠤᠭᠤᠯᠬᠤ ᠶᠢ ᠵᠣᠬᠢᠶᠠᠨ ᠪᠠᠶᠢᠭᠤᠯᠤᠨ᠂ ᠣᠯᠣᠰ ᠤᠨ ᠦᠮᠴᠢᠯᠡᠯᠳᠣ ᠪᠡᠯᠡ ᠭᠦᠷᠦᠩᠭᠡ ᠶᠢᠨ ᠡᠷᠬᠡ ᠶᠢᠨ ᠬᠠᠷᠢᠶᠠᠯᠠᠯ ᠤᠨ ᠲᠣᠬᠠᠢ ᠵᠠᠭᠠᠭᠯᠠᠨ ᠲᠣᠭᠲᠠᠭᠠᠬᠤ᠂ ᠦᠮᠴᠢᠯᠡᠬᠦ ᠡᠷᠬᠡ ᠶᠢᠨ ᠳᠠᠩᠰᠠᠯᠠᠯᠲᠠ ᠵᠢᠴᠢ ᠬᠤᠪᠢ ᠣᠷᠣᠭᠤᠯᠣᠭᠰᠠᠨ ᠡᠷᠬᠡ ᠶᠢᠨ ᠬᠠᠮᠢᠶᠠᠷᠤᠯᠲᠠ ᠶᠢᠨ ᠬᠠᠮᠢᠶᠠᠷᠣᠯᠲᠠ ᠶᠢ ᠬᠠᠷᠢᠭᠤᠴᠠᠨ᠎ᠠ ; ᠠᠵᠦ ᠠᠬᠤᠶᠢᠯᠠᠯ ᠤᠨ ᠣᠯᠣᠰ ᠤᠨ ᠦᠮᠴᠢᠯᠡᠯᠳᠣ ᠬᠦᠷᠥᠩᠭᠡ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠣᠯᠣᠰ ᠤᠨ ᠦᠮᠴᠢᠯᠡᠯᠳᠣ ᠡᠳ᠋ ᠶᠢ ᠬᠢᠨᠠᠨ ᠬᠠᠮᠢᠶᠠᠷᠤᠨ᠂ ᠪᠡᠯᠡ ᠭᠠᠷᠭᠠᠭᠴᠢ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠬᠡᠨ᠎ᠡ᠃      ︵ᠳᠣᠯᠤᠭ᠎ᠠ︶ ᠵᠠᠰᠠᠭ ᠤᠨ ᠣᠷᠳᠣᠨ ᠤ ᠦᠭᠴᠡᠭᠡ ᠶᠢᠨ ᠬᠠᠮᠢᠶᠠᠷᠣᠯᠲᠠ ᠶᠢᠨ ᠠᠷᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠲᠦ ᠬᠡᠷᠡᠭᠵᠢᠭᠦᠯᠵᠦ᠂  ᠵᠠᠰᠠᠭ ᠤᠨ ᠣᠷᠳᠣᠨ ᠤ ᠦᠭᠴᠡᠭᠡ ᠶᠢᠨ ᠠᠵᠢᠯ ᠢ ᠨᠢᠭᠡᠲᠦᠯᠲᠠᠢ ᠬᠠᠷᠢᠭᠤᠴᠠᠵᠦ᠂ ᠵᠠᠰᠠᠭ ᠤᠨ ᠣᠷᠳᠣᠨ ᠤ ᠴᠢᠨᠠᠷᠲᠠᠢ ᠦᠭᠴᠡᠭᠡ ᠶᠢᠨ ᠲᠦᠭᠰᠢᠬᠦᠷᠢ ᠶᠢ ᠬᠠᠮᠢᠶᠠᠷᠣᠨ ᠡᠵᠡᠮᠰᠢᠬᠦ᠂ ᠬᠡᠪᠴᠢᠶ᠎ᠡ ᠶᠢ ᠬᠢᠵᠠᠭᠠᠷᠯᠠᠬᠤ᠂ ᠲᠦᠰᠦᠪ ᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃      ︵ᠨᠠᠢᠮᠠ︶ ᠪᠦᠬᠦ ᠰᠢᠶᠠᠨ ᠤ ᠡᠳ᠋ ᠤᠨ ᠵᠠᠰᠠᠭ ᠤᠨ ᠤᠯᠠᠨ ᠨᠡᠶᠢᠲᠠ ᠶᠢᠨ ᠵᠠᠷᠣᠯᠭ᠎ᠠ ᠪᠠ ᠡᠳ᠋ ᠤᠨ ᠵᠠᠰᠠᠭ ᠤᠨ ᠡᠭᠦᠷᠭᠡᠯᠡᠬᠦ ᠠᠵᠦ ᠠᠬᠤᠢ ᠶᠢᠨ ᠬᠦᠭᠵᠢᠯᠲᠡ ᠶᠢᠨ ᠵᠠᠷᠣᠯᠭ᠎ᠠ ᠶᠢ ᠬᠠᠮᠢᠶᠠᠷᠣᠨ᠂ ᠪᠦᠭᠦ ᠰᠢᠶᠠᠨ ᠤ ᠳᠠᠷᠢᠶᠠᠯᠠᠩ ᠤᠨ ᠶᠡᠷᠦᠩᠭᠡᠶᠢᠯᠡᠭᠰᠡᠨ ᠨᠡᠭᠡᠭᠡᠯᠳᠡ ᠶᠢ ᠬᠠᠷᠢᠭᠤᠴᠠᠨ᠎ᠠ᠃      ︵ᠶᠢᠰᠦ︶ ᠰᠢᠶᠠᠨ ᠤ ᠳᠡᠰ ᠤᠨ ᠡᠳ᠋ ᠤᠨ ᠵᠠᠰᠠᠭ ᠤᠨ ᠨᠡᠶᠢᠭᠡᠮ ᠤᠨ ᠪᠠᠳᠣᠯᠭ᠎ᠠ ᠵᠢᠴᠢ  ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠣᠳᠠᠯ ᠢ ᠬᠠᠷᠢᠭᠤᠴᠠᠵᠤ᠂ ᠨᠡᠶᠢᠭᠡᠮ ᠤᠨ ᠪᠠᠳᠣᠯᠭ᠎ᠠ ᠶᠢᠨ ᠪᠡᠯᠡ ᠮᠦᠩᠬᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠷᠢᠮ ᠢ ᠬᠢᠨᠡᠯᠲᠡ ᠲᠠᠯᠪᠢᠨ ᠬᠡᠷᠡᠭᠵᠢᠭᠦᠯᠦᠨ᠎ᠡ᠃                        ︵ᠠᠷᠪᠠ︶ ᠵᠠᠰᠠᠭ ᠤᠨ ᠣᠷᠳᠣᠨ ᠤ ᠡᠯ᠎ᠡ ᠲᠦᠷᠦᠯ ᠤᠨ  ᠪᠡᠯᠡ ᠣᠷᠣᠭᠤᠯᠣᠯᠲᠠ ᠳᠤ ᠲᠦᠰᠦᠪ ᠲᠤᠭᠲᠠᠭᠠᠨ ᠂ ᠡᠳ᠋ ᠤᠨ ᠵᠠᠰᠠᠭ ᠤᠨ ᠵᠠᠷᠣᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠵᠣᠬᠢᠶᠠᠨ ᠪᠠᠶᠢᠭᠤᠯᠵᠦ ᠦᠷᠨᠢᠭᠦᠯᠦᠨ᠎ᠡ᠃      ︵ᠠᠷᠪᠠᠨ ᠨᠢᠭᠡ︶ ᠪᠦᠬᠦ ᠰᠢᠶᠠᠨ ᠤ ᠬᠦᠳᠡᠭᠡ ᠳᠣᠰᠬᠤᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠴᠢᠭᠯᠡᠯᠲᠡ ᠲᠦᠷᠥ ᠶᠢᠨ ᠪᠤᠳᠣᠯᠭ᠎ᠠ᠂ ᠬᠠᠣᠯᠢ ᠴᠠᠭᠠᠵᠠ ᠂ ᠬᠠᠣᠯᠢ ᠲᠣᠭᠳᠠᠭᠠᠯ ᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠡᠯᠲᠡ ᠲᠠᠯᠪᠢᠨ᠎ᠠ ; ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠬᠠᠮᠢᠶᠠᠷᠣᠯᠳᠠ ᠳᠠᠬᠢ ᠳᠣᠮᠣ ᠠᠰᠠᠭᠤᠳᠠᠯ ᠢ ᠪᠠᠶᠢᠴᠠᠭᠠᠨ ᠳᠣᠰᠬᠠᠵᠦ᠂ ᠡᠳ᠋ ᠤᠨ ᠵᠠᠰᠠᠭ ᠤᠨ ᠬᠠᠮᠢᠶᠠᠷᠣᠯᠳᠠ ᠶᠢ ᠴᠢᠩᠭᠠᠳᠬᠠᠬᠤ ᠳᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠣᠷᠠᠳᠣᠨ᠎ᠠ᠃      ︵ᠠᠷᠪᠠᠨ ᠭᠤᠷᠪᠠ︶ ᠪᠦᠭᠦ ᠰᠢᠶᠠᠨ ᠤ ᠡᠳ᠋ ᠤᠨ ᠵᠠᠰᠠᠭ ᠤᠨ ᠺᠠᠳ᠋ᠷ ᠤᠨ ᠭᠦᠮᠦᠵᠢᠯ ᠪᠣᠯᠪᠠᠰᠣᠷᠠᠯ ᠤᠨ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠵᠦ᠂ ᠡᠳ᠋ ᠤᠨ ᠵᠠᠰᠠᠭ ᠤᠨ ᠰᠣᠷᠠᠭ ᠵᠠᠩᠬᠢ ᠬᠢᠭᠡᠳ ᠣᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠳᠦᠷᠪᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠷ᠎ᠡ ᠳᠡᠰ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠳᠣᠰᠢᠶᠠᠭᠰᠠᠨ ᠪᠣᠰᠣᠳ ᠣᠴᠢᠷ ᠤᠳ ᠢ ᠳᠠᠭᠠᠭᠠᠨ ᠭᠦᠢᠴᠡᠳᠭᠡᠨ᠎ᠡ᠃ ᠬᠠᠷᠢᠯᠴᠠᠬᠤ ᠣᠳᠠᠰᠣ᠄ 0474-7212838ᠬᠢᠨᠠᠯᠲᠠ ᠲᠠᠯᠪᠢᠬᠤ ᠣᠳᠠᠰᠣ᠄ 0474-7212600                                                  ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3