ᠮᠠᠨ ᠤ ᠰᠢᠶᠠᠨ ᠤ ᠠᠩᠬᠠᠳᠣᠭᠠᠷ ᠬᠤᠭᠤᠴᠠᠭᠠᠨ ᠤ ᠵᠢᠭᠤᠯᠴᠢᠯᠠᠯ ᠰᠣᠶᠣᠯ ᠠᠮᠲᠠᠲᠤ ᠢᠳᠡᠭᠡᠨ ᠤ ᠨᠠᠶᠢᠷ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2019-07-10
     7 ᠰᠠᠷ᠎ᠠ ᠶᠢᠨ 9 ᠤ ᠡᠳᠦᠷ᠂ ᠰᠢᠩ ᠾᠧ ᠰᠢᠶᠠᠨ ᠤ ᠠᠩᠬᠠᠳᠣᠭᠠᠷ ᠬᠤᠭᠤᠴᠠᠭᠠᠨ ᠤ ᠵᠢᠭᠤᠯᠴᠢᠯᠠᠯ ᠰᠣᠶᠣᠯ ᠠᠮᠲᠠᠲᠤ ᠢᠳᠡᠭᠡᠨ ᠤ ᠨᠠᠶᠢᠷ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠢ ᠳᠤ ᠡᠬᠢᠯᠡᠪᠡ᠃ ᠲᠣᠰ ᠤᠳᠠᠭᠠᠨ ᠤ ᠬᠦᠳᠡᠯᠭᠡᠭᠡᠨ ᠢ ᠰᠢᠩ ᠾᠧ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠪᠣᠯᠤᠨ ᠤᠯᠠᠭᠠᠨᠴᠠᠪ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠬᠠᠮᠲᠤᠷᠠᠨ ᠡᠷᠬᠢᠯᠡᠵᠦ᠂ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠢᠴᠢ ᠡᠯ᠎ᠡ ᠰᠢᠶᠠᠩ ᠪᠠᠯᠭᠠᠰᠤ ᠠᠴᠠ ᠬᠠᠮᠵᠢᠨ ᠡᠷᠬᠢᠯᠡᠵᠦ᠂ ᠴᠠᠷᠠᠰᠣᠨ ᠨᠠᠭᠤᠷ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠰᠢᠩ ᠾᠧ ᠰᠢᠶᠠᠨ ᠤ ᠰᠢ ᠵᠢᠢ ᠬᠤᠸᠠ ᠶᠠᠨ ᠣᠯᠠᠨ ᠤᠯᠤᠰ ᠤᠨ ᠵᠣᠴᠢᠳ ᠤᠨ ᠪᠠᠭᠤᠳᠠᠯ᠂ ᠰᠢᠩ ᠾᠧ ᠰᠢᠶᠠᠨ ᠤ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠨᠡᠶᠢᠭᠡᠮᠯᠢᠭ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠢᠩ ᠾᠧ ᠰᠢᠶᠠᠨ ᠤ ᠳᠥᠷᠪᠡᠨ ᠶᠡᠭᠡ ᠤᠳᠣᠷᠢᠳᠬᠤ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠵᠢᠭᠤᠯᠴᠢᠯᠠᠯ ᠰᠣᠶᠣᠯ ᠠᠮᠲᠠᠲᠤ ᠢᠳᠡᠭᠡᠨ ᠤ ᠨᠠᠶᠢᠷ ᠤᠨ ᠬᠦᠳᠡᠯᠭᠡᠭᠡᠨ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢᠨ ᠬᠥᠭᠵᠢᠯ ᠮᠠᠨᠳᠤᠯ ᠤᠨ ᠰᠢᠨ᠎ᠡ ᠳᠦᠷᠢ ᠲᠥᠷᠬᠦ᠂ ᠰᠢᠨ᠎ᠡ ᠬᠥᠭᠵᠢᠯᠲᠡ᠂ ᠰᠢᠨ᠎ᠡ ᠬᠤᠪᠢᠷᠠᠯᠲᠠ ᠶᠢ ᠭᠦᠢᠴᠡᠳ ᠢᠯᠡᠷᠡᠭᠦᠯᠵᠦ᠂ ᠮᠠᠨ ᠤ ᠰᠢᠶᠠᠨ ᠤ ᠭᠠᠵᠠᠷ ᠣᠷᠣᠨ ᠤ ᠤᠨᠴᠠᠯᠢᠬᠳᠤ ᠢᠳᠡᠭᠡᠨ᠂ ᠰᠤᠯᠠ ᠢᠳᠡᠭᠡᠨ ᠤ ᠰᠣᠶᠣᠯ ᠢ ᠬᠥᠭᠵᠢᠭᠦᠯᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠠᠷᠠᠳ ᠣᠯᠠᠨ ᠤ ᠠᠮᠢᠳᠤᠷᠠᠯ ᠢ ᠪᠠᠶᠠᠯᠢᠭᠵᠢᠭᠤᠯᠪᠠ᠃      ᠲᠣᠰ ᠤᠳᠠᠭᠠᠨ ᠤ ᠵᠢᠭᠤᠯᠴᠢᠯᠠᠯ ᠰᠣᠶᠣᠯ ᠠᠮᠲᠠᠲᠤ ᠢᠳᠡᠭᠡᠨ ᠤ ᠨᠠᠶᠢᠷ ᠨᠢ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠶᠢᠨ  ᠬᠦᠳᠡᠯᠭᠡᠭᠡᠨ ᠢ ᠨᠠᠷᠢᠨ ᠬᠢᠨᠠᠮᠠᠭᠠᠢ ᠪᠡᠯᠡᠳᠬᠡᠵᠦ᠂ ᠤᠷᠠᠨ ᠰᠠᠶᠢᠬᠠᠨ ᠤ ᠦᠳᠡᠰᠢᠯᠡᠭᠡ ᠨᠢ ᠣᠳᠣᠨ ᠮᠡᠴᠢᠳ ᠭᠢᠯᠠᠯᠵᠠᠵᠤ᠂ ᠸᠠᠩ ᠹᠧᠩ ᠶᠦᠨ᠂ ᠮᠠᠤ ᠵᠢᠶᠦ᠋ᠨ ᠯᠢ᠂ ᠾᠧ ᠯᠢ ᠵᠡᠷᠭᠡ ᠠᠯᠳᠠᠷᠲᠤ ᠳᠠᠭᠤᠴᠢᠨ ᠨᠠᠷ ᠠᠴᠠ ᠵᠢᠭᠤᠯᠴᠢᠯᠠᠯ ᠰᠣᠶᠣᠯ ᠠᠮᠲᠠᠲᠤ ᠢᠳᠡᠭᠡᠨ ᠤ ᠨᠠᠶᠢᠷ ᠲᠤ ᠬᠦᠴᠦ ᠨᠡᠮᠡᠷᠢᠯᠡᠭᠰᠡᠨ ᠪᠠᠶᠢᠨ᠎ᠠ᠃      ᠠᠮᠲᠠᠲᠤ ᠢᠳᠡᠭᠡᠨ ᠤ ᠦᠵᠡᠭᠦᠯᠦᠯᠭᠡ ᠳᠤ ᠴᠠᠷᠠᠰᠣᠨ ᠨᠠᠭᠤᠷ ᠤᠨ ᠠᠮᠲᠠᠲᠤ ᠢᠳᠡᠭᠡᠨ ᠤ ᠳᠠᠶᠢᠯᠠᠯᠭ᠎ᠠ᠂ ᠲᠤᠬᠠᠶ ᠶᠢᠨ ᠭᠠᠵᠠᠷ ᠤᠨ ᠢᠳᠡᠭᠡᠨ ᠤᠮᠳᠠᠭᠠᠨ ᠤ ᠦᠵᠡᠭᠦᠯᠦᠯᠭᠡ᠂ ᠲᠠᠷᠢᠶᠠᠯᠠᠩ ᠤᠨ ᠪᠦᠲᠦᠭᠡᠭᠳᠡᠬᠦᠨ ᠵᠢᠴᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠵᠡᠷᠭᠡ ᠲᠠᠯ᠎ᠠ ᠶᠢᠨ ᠠᠭᠤᠯᠭ᠎ᠠ ᠶᠢᠨ ᠦᠵᠡᠭᠦᠯᠦᠯᠭᠡ ᠪᠣᠢ᠃ ᠲᠣᠭᠤᠭᠠᠯᠠᠬᠤ ᠮᠡᠷᠭᠡᠵᠢᠯ ᠤᠨ ᠤᠷᠤᠯᠳᠤᠭᠠᠨ ᠨᠡᠶᠢᠲᠡ 17 ᠠᠩᠭᠢ ᠣᠷᠣᠯᠴᠠᠪᠠ᠃ ᠶᠣᠣᠮᠠᠢ ᠶᠢᠨ ᠭᠤᠯᠢᠷ ᠤᠨ ᠰᠢᠷᠢᠰ ᠪᠦᠲᠦᠭᠡᠭᠳᠡᠬᠦᠨ᠂ ᠬᠤᠨᠢᠨ ᠮᠢᠬ᠎ᠠ᠂ ᠰᠢᠷᠠᠭᠰᠠᠨ ᠪᠦᠬᠦᠯᠢ ᠬᠤᠨᠢ᠂ ᠰᠢᠷᠠᠭᠰᠠᠨ ᠬᠤᠨᠢᠨ ᠬᠠᠪᠢᠷᠭ᠎ᠠ᠂ ᠴᠠᠭᠠᠨ ᠢᠳᠡᠭᠡ ᠬᠢᠬᠦ ᠵᠡᠷᠭᠡ ᠲᠣᠭᠤᠭᠠᠯᠠᠬᠤ ᠮᠡᠷᠭᠡᠵᠢᠯ ᠤᠨ ᠤᠷᠤᠯᠳᠤᠭᠠᠨ ᠢ ᠦᠷᠨᠢᠭᠦᠯᠪᠡ᠃
                                                        ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3