ᠰᠢᠩ ᠾᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2019-07-14
     ᠭᠠᠵᠠᠷ ᠰᠢᠷᠣᠢ ᠶᠢᠨ ᠡᠬᠢ ᠪᠠᠶᠠᠯᠢᠭ᠃      ᠰᠢᠩ ᠾᠧ ᠰᠢᠶᠠᠨ ᠤ ᠨᠣᠲᠤᠭ ᠳᠡᠪᠢᠰᠬᠡᠷ ᠨᠢ ᠤᠷᠲᠤ ᠪᠠᠷ ᠢᠶᠠᠨ 109 ᠺᠢᠯᠣᠮᠧᠳ᠋ᠷ᠂ ᠦᠷᠭᠡᠨ ᠢᠶᠠᠷ ᠢᠶᠠᠨ 67 ᠺᠢᠯᠣᠮᠧᠳ᠋ᠷ᠂ ᠨᠡᠶᠢᠲᠡ ᠲᠠᠯᠠᠪᠠᠢ ᠨᠢ 3518 ᠲᠡᠭᠰᠢ ᠲᠦᠷᠪᠡᠯᠵᠢᠨ ᠺᠢᠯᠣᠮᠧᠳ᠋ᠷ ᠪᠠᠶᠢᠵᠣ᠂ ᠡᠭᠦᠨ ᠳᠤ ᠠᠲᠠᠷ ᠬᠠᠭᠠᠯᠪᠤᠷᠢᠯᠠᠭᠰᠠᠨ ᠲᠠᠯᠠᠪᠠᠢ ᠨᠢ 104 ᠲᠦᠮᠡᠨ ᠮᠦ᠂ ᠠᠰᠢᠭᠯᠠᠵᠣ ᠪᠣᠯᠬᠤ ᠭᠠᠵᠠᠷ ᠰᠢᠷᠣᠢ ᠶᠢᠨ ᠡᠬᠢ ᠪᠠᠶᠠᠯᠢᠭ ᠡᠯᠪᠡᠭ ᠪᠠᠶᠢᠳᠠᠭ᠃      ᠠᠭᠤᠷᠬᠠᠢ ᠶᠢᠨ ᠡᠬᠢ ᠪᠠᠶᠠᠯᠢᠭ᠃      ᠬᠢᠯᠢ ᠶᠢᠨ ᠳᠣᠲᠣᠷ᠎ᠠ ᠨᠢᠭᠡᠨᠲᠡ ᠰᠢᠨᠵᠢᠯᠡᠨ ᠲᠣᠳᠣᠯᠠᠭᠰᠠᠨ ᠠᠭᠤᠷᠬᠠᠢ ᠶᠢᠨ ᠪᠤᠯᠠᠭᠳᠠᠴᠠ ᠪᠠᠯ ᠴᠢᠯᠠᠭᠤ᠂ ᠴᠢᠭᠢᠭᠯᠢᠭ ᠰᠢᠷᠤᠢ᠂ ᠬᠠᠰ ᠪᠠᠯ ᠴᠢᠯᠠᠭᠤ᠂ ᠴᠠᠬᠢᠭᠤᠷ ᠤᠲᠠᠰᠤᠲᠤ ᠴᠢᠯᠠᠭᠤ᠂ ᠴᠣᠬᠤᠢ ᠶᠢᠨ ᠴᠢᠯᠠᠭᠤ᠂ ᠪᠢᠨᠳᠠᠷᠢᠶ᠎ᠠ᠂ ᠭᠠᠨᠳᠢᠭ ᠴᠢᠯᠠᠭᠤ᠂ ᠪᠣᠯᠣᠷ ᠴᠢᠯᠠᠭᠤ᠂ ᠬᠠᠶᠢᠷᠰᠣᠲᠣ ᠬᠦᠳᠡᠷ᠂ ᠴᠠᠭᠠᠨ ᠭᠢᠯᠲᠠᠭᠠᠨᠠᠭᠤᠷ᠂ ᠸᠤᠯᠹᠷᠡᠮ ᠬᠦᠳᠡᠷ᠂ ᠲᠡᠮᠦᠷ ᠤᠨ ᠬᠦᠳᠡᠷ ᠵᠡᠷᠭᠡ 30 ᠭᠠᠷᠣᠢ ᠲᠦᠷᠦᠯ ᠪᠠᠶᠢᠳᠠᠭ᠃ ᠡᠭᠦᠨ ᠳᠤ ᠪᠠᠯ ᠴᠢᠯᠠᠭᠤᠨ ᠪᠤᠯᠠᠭᠳᠠᠴᠠ ᠨᠢ ᠪᠦᠬᠦ ᠤᠯᠤᠰ ᠤᠨ ᠭᠤᠷᠪᠠᠨ ᠶᠡᠭᠡ ᠪᠠᠯ ᠴᠢᠯᠠᠭᠤᠨ ᠰᠠᠭᠤᠷᠢᠨ ᠭᠠᠵᠠᠷ ᠤᠨ ᠨᠢᠭᠡ ᠪᠣᠯᠣᠨ᠎ᠠ᠃ ᠪᠠᠶᠢᠭᠠᠯᠢᠯᠢᠭ ᠬᠠᠶᠢᠷᠰᠣᠲᠣ ᠪᠠᠯ ᠴᠢᠯᠠᠭᠤ ᠭᠠᠵᠠᠷ ᠲᠤ ᠬᠠᠳᠠᠭᠠᠯᠠᠭᠳᠠᠵᠤ ᠪᠠᠶᠢᠬᠤ ᠬᠡᠮᠵᠢᠶ᠎ᠡ ᠨᠢ 3733 ᠲᠦᠮᠡᠨ ᠲᠣᠨ᠂ ᠴᠢᠨᠠᠷ ᠤᠨ ᠳᠡᠰ ᠨᠢ 2.5 — 5%᠃ ᠣᠳᠣ 10 ᠭᠠᠷᠣᠢ ᠪᠠᠯ ᠴᠢᠯᠠᠭᠤᠨ ᠠᠭᠤᠷᠬᠠᠢ ᠶᠢᠨ ᠠᠵᠤ ᠠᠬᠤᠶᠢᠯᠠᠯ ᠪᠠᠶᠢᠵᠤ᠂ ᠵᠢᠯ ᠤᠨ ᠥᠢᠯᠡᠳᠪᠦᠷᠢᠯᠡᠬᠦ ᠨᠡᠭᠦᠷᠦᠰᠦᠳᠦᠷᠦᠭᠴᠢᠲᠦ ᠪᠠᠯ ᠴᠢᠯᠠᠭᠤ 1.5 ᠲᠦᠮᠡᠨ ᠲᠤᠨ᠃ ᠴᠢᠭᠢᠭᠯᠢᠭ ᠰᠢᠷᠣᠢ ᠶᠢᠨ ᠠᠭᠤᠷᠬᠠᠢ ᠪᠣᠯ ᠤᠮᠠᠷᠠᠲᠤ ᠣᠷᠣᠨ ᠤ ᠠᠩᠬ᠎ᠠ ᠢᠯᠡᠷᠡᠭᠦᠯᠦᠭᠰᠡᠨ ᠲᠣᠮᠣ ᠬᠡᠯᠪᠡᠷᠢ ᠶᠢᠨ ᠠᠭᠤᠷᠬᠠᠢ ᠪᠣᠯᠣᠨ᠎ᠠ᠃ ᠮᠦᠨᠴᠦ ᠣᠯᠣᠰ ᠤᠨ ᠨᠢᠭᠡᠳᠦᠭᠡᠷ ᠳᠡᠰ ᠤᠨ ᠴᠢᠭᠢᠭᠯᠢᠭ ᠰᠢᠷᠣᠢ ᠶᠢᠨ ᠠᠭᠤᠷᠬᠠᠢ ᠪᠣᠯᠣᠨ᠎ᠠ᠃ ᠨᠡᠶᠢᠲᠡ ᠪᠤᠯᠠᠭᠳᠠᠴᠠ ᠶᠢᠨ ᠬᠠᠳᠠᠭᠠᠯᠠᠮᠵᠢ ᠨᠢ 1.7 ᠳ᠋ᠦᠩᠰᠢᠭᠤᠷ ᠲᠣᠨ ᠪᠠᠶᠢᠵᠤ᠂ ᠡᠬᠦᠨ ᠤ ᠳᠣᠲᠣᠷ᠎ᠠ ᠺᠠᠯᠼ ᠶᠢᠨ ᠰᠠᠭᠤᠷᠢ ᠰᠢᠷᠤᠢ 0.5 ᠳ᠋ᠦᠩᠰᠢᠭᠤᠷ ᠲᠣᠨ᠂ ᠨᠠᠳ᠋ᠷᠢ ᠶᠢᠨ ᠰᠠᠭᠤᠷᠢ ᠰᠢᠷᠣᠢ 1.2 ᠳ᠋ᠦᠩᠰᠢᠭᠤᠷ ᠲᠣᠨ ᠡᠵᠡᠯᠡᠵᠤ ᠪᠠᠶᠢᠳᠠᠭ᠃ ᠣᠳᠣ ᠬᠤᠶᠠᠷ ᠨᠡᠭᠡᠭᠡᠨ ᠬᠦᠭᠵᠢᠭᠦᠯᠵᠦ ᠪᠣᠯᠪᠠᠰᠤᠷᠠᠭᠤᠯᠬᠤ ᠠᠵᠣ ᠠᠬᠤᠶᠢᠯᠠᠯ ᠲᠠᠢ᠂ ᠵᠢᠯ ᠤᠨ ᠴᠢᠭᠢᠭᠯᠢᠭ ᠰᠢᠷᠣᠢ ᠶᠢᠨ ᠭᠠᠷᠣᠯᠲᠠ 1.6 ᠲᠦᠮᠡᠨ ᠲᠣᠨ᠂ ᠨᠡᠪᠴᠡᠬᠦ ᠶᠢ ᠰᠡᠷᠭᠡᠶᠢᠯᠡᠬᠦ ᠬᠢᠪᠢᠰ 5000 ᠲᠡᠭᠰᠢ ᠲᠦᠷᠪᠡᠯᠵᠢᠨ ᠮᠧᠳ᠋ᠷ ᠪᠠᠶᠢᠨ᠎ᠠ      ᠠᠮᠢᠲᠠᠨ ᠤᠷᠭᠤᠮᠠᠯ ᠤᠨ ᠡᠬᠢ ᠪᠠᠶᠠᠯᠢᠭ᠃      ᠰᠢᠩ ᠾᠧ ᠰᠢᠶᠠᠨ ᠤ ᠬᠢᠯᠢ ᠳᠣᠳᠣᠷ᠎ᠠ ᠵᠡᠷᠯᠢᠭ ᠠᠮᠢᠲᠠᠨ ᠤ ᠡᠬᠢ ᠪᠠᠶᠠᠯᠢᠭ ᠨᠢ ᠭᠤᠣᠯᠳᠠᠭᠤ ᠵᠡᠷᠯᠢᠭ ᠲᠠᠥᠯᠠᠢ ᠂ ᠪᠣᠷᠤ ᠭᠦᠷᠦᠬᠡᠰᠦ᠂ ᠬᠠᠳᠠᠨ ᠭᠤᠷᠭᠤᠣᠯ᠂ ᠠᠯᠠᠭ ᠬᠦᠵᠦᠭᠦᠲᠦ ᠭᠤᠷᠭᠤᠣᠯ ᠵᠡᠷᠭᠡ ᠪᠣᠢ᠃ ᠵᠡᠷᠯᠢᠭ ᠣᠷᠭᠤᠮᠠᠯ ᠭᠤᠣᠯᠳᠠᠭᠤ ᠵᠡᠷᠯᠢᠭ ᠵᠢᠮᠢᠰ ᠤᠨ ᠮᠣᠳᠣ᠂ ᠠᠭᠤᠯᠠᠨ ᠳ᠋ᠢᠩ ᠽᠢ᠂ ᠠᠭᠤᠯᠠᠨ ᠯᠢ ᠽᠢ᠂ ᠠᠭᠤᠯᠠᠨ ᠢᠨᠲ᠋ᠣᠣᠷ᠂ ᠠᠭᠤᠯᠠᠨ ᠲᠣᠯᠣᠨᠣ ᠵᠡᠷᠭᠡ ᠪᠣᠢ᠃ ᠡᠮ ᠳᠤ ᠣᠷᠣᠳᠠᠭ ᠵᠡᠷᠯᠢᠭ ᠣᠷᠭᠤᠮᠠᠯ ᠤᠨ ᠲᠦᠷᠦᠯ ᠣᠯᠠᠨ ᠪᠠᠶᠢᠵᠤ᠂ ᠡᠬᠦᠨ ᠳᠤ ᠬᠠᠮᠤᠭ ᠨᠡᠷ᠎ᠡ ᠠᠯᠳᠠᠷᠲᠠᠢ ᠨᠢ ᠡᠮᠦᠨ᠎ᠡ ᠠᠭᠤᠯᠠ ᠶᠢᠨ ᠵᠧᠩ ᠪᠧᠢ ᠬᠤᠨᠴᠢᠷ᠃ ᠠᠮᠤ ᠪᠤᠳᠠᠭᠠᠨ ᠤ ᠲᠠᠷᠢᠮᠠᠯ ᠨᠢ ᠭᠤᠣᠯᠳᠠᠭᠤ ᠲᠦᠮᠦᠰᠦ᠂ ᠡᠷᠳᠡᠨᠢ ᠰᠢᠰᠢ᠂ ᠢᠳᠡᠰᠢᠨ ᠨᠣᠭᠤᠭ᠎ᠠ᠂ ᠲᠣᠰᠣᠯᠢᠭ ᠣᠷᠭᠤᠮᠠᠯ ᠪᠣᠯᠣᠨ ᠪᠣᠰᠣᠳ ᠬᠤᠯᠢᠮᠠᠭ ᠪᠣᠷᠴᠠᠭ᠂ ᠬᠤᠯᠢᠮᠠᠭ ᠠᠮᠤ᠂ ᠡᠭᠦᠨ ᠳᠤ ᠪᠦᠭᠡᠷᠡᠩᠭᠡᠢ ᠡᠰᠢᠲᠦ ᠨᠣᠭᠤᠭ᠎ᠠ᠂ ᠣᠷᠣᠰ ᠰᠣᠩᠭᠢᠨ᠎ᠠ᠂ ᠣᠯᠠᠭᠠᠨ ᠯᠣᠣᠪᠠᠩ᠂ ᠴᠤᠭᠤᠷ ᠨᠤᠭᠤᠭ᠎ᠠ᠂ ᠴᠠᠭᠠᠨ ᠨᠣᠭᠤᠭ᠎ᠠ ᠪᠠᠷ ᠭᠤᠣᠯ ᠪᠣᠯᠭᠠᠭᠰᠠᠨ ᠢᠳᠡᠰᠢᠨ ᠨᠣᠭᠤᠭ᠎ᠠ ᠨᠢ ᠥᠪᠡᠷᠲᠡᠭᠡᠨ ᠵᠠᠰᠠᠬᠤ ᠣᠷᠣᠨ ᠤ ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠪᠠ ᠦᠢᠯᠡᠳᠪᠦᠷᠢᠯᠡᠬᠦ ᠰᠠᠭᠤᠷᠢᠨ ᠭᠠᠵᠠᠷ᠂ ᠬᠤᠳᠠᠯᠳᠣᠨ ᠪᠣᠷᠤᠯᠠᠭᠤᠯᠬᠤ ᠴᠡᠭ ᠢ ᠠᠯᠪᠠᠨ ᠶᠣᠰᠣ ᠪᠠᠷ ᠪᠠᠳᠣᠯᠠᠬᠤ ᠪᠠ ᠣᠯᠣᠰ ᠤᠨ ᠣᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠢ ᠬᠠᠯᠠᠬᠤ ᠵᠥᠪᠰᠢᠶᠡᠷᠡᠯ ᠢ ᠨᠢᠭᠡᠨᠲᠡ ᠣᠯᠭᠤᠭᠰᠠᠨ ᠪᠠᠶᠢᠨ᠎ᠠ᠃ ᠲᠦᠮᠦᠰᠦ ᠶᠢᠨ ᠵᠢᠯ ᠤᠨ ᠭᠠᠷᠣᠯᠲᠠ ᠳᠣᠮᠳᠠᠴᠢ ᠪᠠᠷ 9 ᠳ᠋ᠦᠩᠰᠢᠭᠤᠷ ᠵᠢᠩ ᠪᠠᠶᠢᠵᠣ᠂ ᠪᠠᠰᠠ ᠪᠡᠶ᠎ᠡ ᠪᠠᠷ ᠲᠣᠮᠣ᠂ ᠬᠡᠯᠪᠡᠷᠢ ᠪᠠᠶᠢᠳᠠᠯ ᠨᠢ ᠲᠡᠩᠴᠡᠭᠦᠷᠢᠲᠠᠢ᠂ ᠴᠠᠷᠳᠠᠭᠤᠯ ᠤᠨ ᠠᠭᠤᠯᠣᠭᠳᠠᠴᠠ ᠨᠢ ᠥᠨᠳᠥᠷ᠂ ᠪᠣᠬᠢᠷᠳᠠᠯ ᠦᠭᠡᠢ ᠵᠡᠷᠭᠡ ᠣᠨᠴᠠᠯᠢᠭ ᠢᠶᠠᠷ ᠢᠶᠠᠨ ᠪᠡᠭᠡᠵᠢᠩ ᠲᠢᠶᠠᠨᠵᠢᠨ ᠵᠡᠷᠭᠡ ᠭᠠᠵᠠᠷ ᠤᠨ ᠲᠠᠭᠠᠰᠢᠶᠠᠯ ᠢ ᠬᠦᠷᠲᠡᠵᠠᠢ᠃ ᠶᠤᠤᠮᠠᠢ᠂ ᠰᠠᠭᠠᠳ ᠤᠨ ᠭᠤᠯᠢᠷ᠂ ᠦᠬᠡᠷ ᠪᠣᠷᠴᠠᠭ᠂ ᠱᠤᠰᠢ ᠨᠢ ᠨᠣᠲᠤᠭ ᠤᠨ ᠣᠨᠴᠠ ᠭᠠᠷᠣᠯᠲᠠ ᠪᠠᠶᠢᠵᠣ᠂ ᠰᠢᠮ᠎ᠡ ᠲᠡᠵᠢᠭᠡᠯ ᠥᠨᠳᠥᠷ᠂ ᠡᠷᠡᠬᠦᠯᠵᠡᠯ ᠤᠨ ᠦᠢᠯᠡᠳᠦᠯ ᠰᠠᠶᠢᠨ᠂ ᠪᠣᠬᠢᠷᠳᠣᠯ ᠦᠭᠡᠢ ᠵᠡᠷᠭᠡ ᠣᠨᠴᠠᠯᠢᠭ ᠲᠠᠢ᠃ ᠭᠡᠷ ᠤᠨ ᠲᠡᠵᠢᠭᠡᠪᠦᠷᠢ ᠠᠮᠢᠲᠠᠨ ᠨᠢ ᠭᠤᠣᠯᠳᠠᠭᠤ ᠰᠦᠨ ᠤ ᠦᠨᠢᠶ᠎ᠡ᠂ ᠭᠠᠵᠠᠷ ᠣᠷᠣᠨ ᠤ ᠬᠤᠨᠢ᠂ ᠨᠣᠣᠯᠣᠷ ᠤᠨ ᠢᠮᠠᠭ᠎ᠠ᠂ ᠭᠠᠭ᠋ᠠᠢ᠂ ᠲᠠᠥᠯᠠᠢ᠂ ᠣᠲᠣᠢ ᠲᠠᠬᠢᠶ᠎ᠠ᠂ ᠮᠢᠬᠠᠨ ᠤ ᠲᠠᠬᠢᠶ᠎ᠠ ᠵᠡᠷᠭᠡ ᠪᠣᠢ᠃ ᠡᠬᠦᠨ ᠳᠤ ᠰᠦᠨ ᠤ ᠦᠨᠢᠶᠡᠨ ᠤ ᠲᠤᠭ᠎ᠠ ᠨᠢ 3.2 ᠲᠦᠮᠡ ᠪᠠᠶᠢᠵᠣ᠂ ᠮᠢᠬᠠᠨ ᠤ ᠬᠤᠨᠢᠨ ᠤ ᠲᠤᠭ᠎ᠠ ᠨᠢ 38.33 ᠲᠦᠮᠡ᠂ ᠭᠠᠭ᠋ᠠᠢ 6.72 ᠲᠦᠮᠡ᠃ 2009 ᠣᠨ ᠤ ᠰᠡᠭᠦᠯᠴᠢ ᠶᠢᠨ ᠪᠦᠷᠢᠳᠬᠡᠭᠰᠡᠨ ᠣᠢ ᠰᠢᠭᠤᠢ ᠶᠢᠨ ᠪᠦᠷᠬᠦᠯᠲᠡ ᠶᠢᠨ ᠬᠡᠮᠵᠢᠶ᠎ᠡ ᠪᠠ ᠣᠢ ᠰᠢᠭᠤᠢ ᠣᠷᠭᠤᠮᠠᠯ ᠤᠨ ᠪᠦᠷᠬᠦᠮᠵᠢ ᠲᠣᠰ ᠪᠦᠷᠢ 23.35% ᠪᠠ 47% ᠬᠦᠷᠦᠭᠰᠡᠨ ᠪᠠᠶᠢᠨ᠎ᠠ᠃      ᠵᠠᠮ ᠬᠠᠷᠢᠯᠴᠠᠭ᠎ᠠ᠂ ᠴᠢᠮᠡᠭᠡ ᠨᠡᠪᠲᠡᠷᠯᠡᠭᠡ᠂ ᠡᠨᠧᠷᠬᠢ ᠶᠢᠨ ᠰᠣᠷᠪᠣᠯᠵᠢ᠃      ᠰᠢᠩ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠨᠢ ᠵᠠᠰᠠᠮᠠᠯ ᠵᠠᠮ ᠢᠶᠠᠷ ᠭᠤᠣᠯ ᠪᠣᠯᠭᠠᠵᠣ᠂ 110 ᠳ᠋ᠤᠭᠠᠷ ᠣᠯᠣᠰ ᠤᠨ ᠵᠠᠮ ᠪᠠ ᠪᠡᠭᠡᠵᠢᠩ ᠲᠥᠪᠡᠳ ᠤᠨ ᠦᠨᠳᠥᠷ ᠬᠤᠷᠳᠣᠴᠠᠲᠣ ᠵᠠᠰᠠᠮᠠᠯ ᠵᠠᠮ ᠨᠢ ᠰᠢᠶᠠᠨ ᠤ ᠳᠣᠮᠳᠠᠭᠤᠷ ᠵᠠᠭᠦᠨᠰᠢ ᠪᠠᠷᠠᠭᠤᠨᠰᠢ ᠬᠦᠨᠳᠡᠯᠢᠨ ᠢᠶᠠᠷ ᠦᠩᠭᠡᠷᠡᠳᠡᠩ᠃ ᠪᠦᠬᠦ ᠰᠢᠶᠠᠨ ᠤ ᠵᠠᠰᠠᠮᠠᠯ ᠵᠠᠮ ᠤᠨ ᠨᠡᠶᠢᠲᠡ ᠣᠷᠲᠣ ᠨᠢ 1144 ᠺᠢᠯᠣᠮᠧᠳ᠋ᠷ᠂ ᠨᠢᠭᠳᠠᠴᠠ ᠶᠢᠨ ᠬᠡᠮᠵᠢᠶ᠎ᠡ ᠲᠡᠭᠰᠢ ᠲᠦᠷᠪᠡᠯᠵᠢᠨ ᠺᠢᠯᠣᠮᠧᠳ᠋ᠷ ᠪᠦᠷᠢ ᠳᠤ 37.8% ᠬᠦᠷᠳᠡᠭ᠃ ᠪᠡᠭᠡᠵᠢᠩ ᠯᠠᠨᠵᠧᠦ ᠶᠢᠨ ᠭᠡᠷᠡᠯ ᠲᠠᠳᠣᠯᠭ᠎ᠠ ᠴᠢᠮᠡᠭᠡ ᠨᠡᠪᠲᠡᠷᠡᠯᠭᠡ ᠶᠢᠨ ᠭᠤᠣᠯ ᠱᠤᠭᠤᠮ ᠬᠢᠯᠢ ᠲᠤᠮᠳᠠᠭᠤᠷ ᠦᠩᠭᠡᠷᠡᠳᠡᠭ᠃ ᠪᠦᠬᠦ ᠰᠢᠶᠠᠩ ᠪᠠᠯᠭᠠᠰᠤ ᠡᠵᠡᠮᠰᠢᠯᠲᠣ ᠣᠲᠠᠰᠣ ᠪᠠ ᠤᠲᠠᠰᠣᠲᠣ ᠲᠧᠯᠸᠢᠰ ᠢ ᠨᠡᠭᠡᠭᠡᠵᠦ ᠨᠡᠪᠲᠡᠷᠡᠭᠦᠯᠦᠨ᠂ ᠰᠢᠯᠵᠢᠮᠡᠯ ᠬᠤᠯᠪᠣᠭ᠎ᠠ ᠰᠥᠯᠵᠢᠶ᠎ᠡ ᠶᠢᠨ ᠪᠦᠷᠬᠦᠴᠡ ᠪᠦᠬᠦ ᠬᠢᠯᠢ ᠣᠷᠣᠨ ᠢ ᠪᠦᠷᠬᠦᠳᠡᠭ᠃ ᠪᠦᠬᠦ ᠰᠢᠶᠠᠨ 220 ᠺᠢᠯᠣᠸᠠᠲ ᠴᠠᠬᠢᠯᠭᠠᠨ ᠬᠤᠪᠢᠰᠬᠠᠭᠤᠷ ᠤᠨ ᠦᠷᠲᠡᠭᠡ ᠨᠢᠭᠡ ᠰᠠᠭᠤᠷᠢ᠂ 110 ᠺᠢᠯᠤᠸᠠᠲ ᠴᠠᠬᠢᠯᠭᠠᠨ ᠬᠤᠪᠢᠰᠬᠠᠭᠤᠷ ᠤᠨ ᠦᠷᠲᠡᠭᠡ 2 ᠰᠠᠭᠤᠷᠢ᠂ 35 ᠺᠢᠯᠣᠸᠠᠲ ᠴᠠᠬᠢᠯᠭᠠᠨ ᠬᠤᠪᠢᠰᠬᠠᠭᠤᠷ ᠤᠨ ᠦᠷᠲᠡᠭᠡ ᠶᠢᠰᠦᠨ ᠰᠠᠭᠤᠷᠢ ᠪᠠᠶᠢᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 73250 ᠺᠢᠯᠤᠸᠠᠲ ᠪᠣᠯᠣᠨ᠎ᠠ᠃      ᠬᠦᠮᠦᠨ ᠰᠤᠶᠤᠯ ᠪᠠ ᠪᠠᠶᠢᠭᠠᠯᠢ ᠶᠢᠨ ᠦᠵᠡᠮᠵᠢ᠃      ᠰᠢᠩ ᠾᠧ ᠰᠢᠶᠠᠨ ᠠᠴᠠ ᠪᠠᠷᠠᠭᠤᠨ ᠡᠮᠦᠨᠡᠰᠢ 40 ᠺᠢᠯᠣᠮᠧᠳ᠋ᠷ ᠵᠠᠶᠢᠲᠠᠢ ᠪᠠᠶᠢᠭ᠎ᠠ ᠰᠤᠮᠤᠨ ᠠᠭᠤᠯᠠ ᠨᠢ ᠣᠮᠠᠷᠠᠲᠤ ᠣᠷᠣᠨ ᠤ ᠬᠠᠮᠤᠭ ᠶᠡᠭᠡ ᠬᠦᠮᠦᠨ ᠤ ᠬᠦᠴᠦ ᠪᠠᠷ ᠪᠤᠶᠢᠵᠢᠭᠤᠯᠣᠭᠰᠠᠨ ᠣᠢ ᠰᠢᠭᠤᠢ ᠪᠣᠯᠣᠨ᠎ᠠ᠃ ᠥᠪᠥᠷ ᠮᠣᠩᠭᠤᠯ ᠤᠨ ︽ᠬᠤᠶᠠᠳᠤᠭᠠᠷ ᠪᠠᠭ᠎ᠠ ᠬᠢᠩᠭᠠᠨ ᠳᠠᠪᠠᠭ᠎ᠠ︾ ᠭᠡᠵᠤ ᠨᠡᠷᠡᠶᠢᠳᠡᠳᠡᠭ᠃ ᠪᠦᠬᠦ ᠲᠠᠯᠠᠪᠠᠢ ᠨᠢ 32 ᠲᠦᠮᠡᠨ ᠮᠦ᠂ ᠣᠢ ᠮᠣᠳᠤ ᠲᠠᠢ ᠲᠠᠯᠠᠪᠠᠢ ᠨᠢ 22.72 ᠲᠦᠮᠡᠨ ᠮᠦ᠂ ᠣᠢ ᠰᠢᠭᠤᠢ ᠶᠢᠨ ᠪᠦᠷᠬᠦᠴᠡ ᠨᠢ 71% ᠬᠦᠷᠴᠦ᠂ ︽ᠪᠠᠶᠢᠭᠠᠯᠢᠯᠢᠭ ᠬᠦᠴᠢᠯᠳᠦᠷᠦᠭᠴᠢ ᠶᠢᠨ ᠪᠠᠭᠠᠷ︾ ᠭᠡᠰᠡᠨ ᠨᠡᠷ᠎ᠡ ᠲᠠᠢ᠂ ᠪᠦᠬᠦ ᠰᠢᠶᠠᠨ ᠤ ᠬᠠᠮᠤᠭ ᠥᠨᠳᠥᠷ ᠣᠷᠭᠢᠯ ᠪᠣᠯᠬᠤ ᠬᠤᠸᠠᠩ ᠱᠢ ᠶᠠ ᠬᠠᠳᠠ᠂ ᠡᠬᠡ ᠪᠠᠶᠢᠭᠠᠯᠢ ᠠᠴᠠ ᠪᠦᠲᠦᠭᠡᠭᠳᠡᠭᠰᠡᠨ ︽ᠯᠠᠮᠠ ᠶᠢᠨ ᠠᠭᠤᠢ︾᠂ ︽ᠡᠮᠦᠨ᠎ᠡ ᠲᠡᠭᠷᠢ ᠶᠢᠨ ᠡᠭᠦᠳᠡ︾᠂ ︽ᠠᠮᠠᠷᠠᠭ ᠬᠤᠣᠰ ᠤᠨ ᠴᠢᠯᠠᠭᠤ︾᠂ ︽ᠮᠢᠩᠭᠠᠨ ᠵᠢᠯ ᠤᠨ ᠶᠠᠰᠤᠲᠤ ᠮᠡᠯᠡᠬᠡᠢ︾᠂ ︽ᠰᠠᠬᠢᠭᠤᠯᠰᠣᠨ ᠬᠦᠯᠦᠭ ᠤᠨ ᠲᠣᠭᠤᠷᠠᠢ︾ ᠵᠡᠷᠭᠡ ᠦᠵᠡᠮᠵᠢ ᠪᠣᠢ᠃ 110 ᠳ᠋ᠤᠭᠠᠷ ᠣᠯᠣᠰ ᠤᠨ ᠵᠠᠮ ᠤᠨ ᠬᠠᠵᠠᠭᠤᠳᠠᠬᠢ ᠯᠣᠣ ᠯᠢ ᠬᠠᠢ᠂ ᠣᠰᠣᠨ ᠭᠠᠳᠠᠷᠭᠤ ᠶᠢᠨ ᠪᠦᠬᠦ ᠲᠠᠯᠠᠪᠠᠢ ᠨᠢ 1360 ᠮᠦ᠂ ᠨᠡᠶᠢᠲᠡ ᠭᠤᠷᠪᠠᠨ ᠶᠡᠭᠡ ᠪᠠᠭ᠎ᠠ ᠨᠠᠭᠤᠷ ᠢᠶᠠᠷ ᠪᠦᠷᠢᠯᠳᠦᠨ ᠪᠦᠲᠦᠭᠰᠡᠨ᠂ ᠵᠢᠭᠠᠰᠣ ᠵᠢᠷᠠᠭᠠᠬᠠᠢ ᠦᠷᠡᠵᠢᠨ ᠣᠯᠠᠰᠢᠷᠠᠬᠤ᠂ ᠬᠤᠪᠣᠷ ᠴᠤᠬᠠᠭ ᠵᠢᠭᠦᠷᠲᠡᠨ ᠤ ᠣᠷᠣᠰᠢᠨ ᠲᠣᠭᠲᠠᠨᠢᠬᠤ ᠲᠣᠬᠢᠷᠠᠮᠵᠢᠲᠠᠢ ᠣᠷᠣᠨ᠂ ᠥᠪᠡᠷᠳᠡᠭᠡᠨ ᠵᠠᠰᠠᠬᠤ ᠣᠷᠣᠨ ᠤ ᠠᠶᠠᠯᠠᠯ ᠵᠢᠭᠤᠯᠴᠢᠯᠠᠯ ᠤᠨ ᠲᠦᠯᠦᠪᠵᠢᠭᠦᠯᠭᠡ᠂ ᠯᠣᠣ ᠯᠢ ᠬᠠᠢ ᠶᠢ ᠲᠦᠷᠪᠡᠳᠦᠭᠡᠷ ᠳᠡᠰ ᠤᠨ ᠠᠶᠠᠯᠠᠯ ᠵᠢᠭᠤᠯᠴᠢᠯᠠᠯ ᠤᠨ ᠡᠬᠢ ᠪᠠᠶᠠᠯᠢᠭ ᠢᠶᠠᠷ ᠪᠠᠲᠣᠯᠠᠭᠰᠠᠨ ᠶᠤᠮ᠂ 2004 ᠣᠨ ᠠᠴᠠ ᠡᠬᠢᠯᠡᠨ ᠲᠠᠯ᠎ᠠ ᠨᠣᠲᠤᠭ ᠤᠨ ᠦᠨᠳᠦᠰᠦᠲᠡᠨ ᠤ ᠣᠨᠴᠠᠯᠢᠭ ᠢᠶᠠᠷ ᠭᠤᠣᠯ ᠪᠣᠯᠭᠠᠭᠰᠠᠨ ᠠᠶᠠᠯᠠᠯ ᠵᠢᠭᠤᠯᠴᠢᠯᠠᠯ ᠤᠨ ᠲᠦᠷᠦᠯ ᠵᠦᠢᠯ ᠨᠡᠭᠡᠭᠡᠨ᠂ ᠣᠳᠣ ᠨᠢᠭᠡᠨᠲᠡ ᠳᠣᠬᠢᠷᠠᠭᠰᠠᠨ ᠬᠡᠮᠵᠢᠶᠡᠨ ᠤ ᠵᠣᠴᠢᠯᠠᠬᠤ ᠴᠢᠳᠠᠪᠣᠷᠢ ᠲᠠᠢ ᠪᠣᠯᠣᠭᠰᠠᠨ ᠪᠠᠶᠢᠨ᠎ᠠ᠃                                                                                                    ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3