ᠰᠢᠩ ᠾᠧ ᠰᠢᠶᠠᠨ ᠤ ᠬᠦᠮᠦᠨ ᠠᠮᠠ ᠦᠨᠳᠦᠰᠦᠲᠡᠨ ᠣᠭᠰᠠᠭ᠎ᠠ
ᠨᠡᠶᠢᠲᠡᠯᠡᠭᠰᠡᠨ ᠴᠠᠭ᠄
2019-07-16
      ᠰᠢᠩ ᠾᠧ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠭᠠᠨᠴᠠᠪ ᠬᠤᠲᠠ ᠶᠢᠨ ᠵᠡᠭᠦᠨ ᠡᠮᠦᠨ᠎ᠡ ᠵᠦᠭ ᠲᠤ ᠪᠠᠶᠢᠷᠢᠯᠠᠵᠣ᠂ ᠰᠢᠶᠠᠨ ᠤ ᠭᠠᠵᠠᠷ ᠳᠡᠪᠢᠰᠬᠡᠷ ᠤᠨ ᠪᠦᠬᠦ ᠲᠠᠯᠠᠪᠠᠢ ᠨᠢ 3512.43 ᠲᠡᠭᠰᠢ ᠳᠦᠷᠪᠡᠯᠵᠢᠨ ᠺᠢᠯᠣᠮᠧᠳ᠋ᠷ ᠪᠠᠶᠢᠵᠤ᠂ ᠡᠮᠦᠨᠡᠰᠢ ᠤᠮᠠᠷᠠᠰᠢ ᠤᠷᠲᠤ ᠪᠠᠷ ᠢᠶᠠᠨ ᠪᠠᠷᠤᠭ 109 ᠺᠢᠯᠣᠮᠧᠳ᠋ᠷ᠂ ᠵᠡᠭᠦᠨᠰᠢ ᠪᠠᠷᠠᠭᠤᠨᠰᠢ ᠦᠷᠭᠡᠨ ᠢᠶᠠᠷ ᠢᠶᠠᠨ ᠪᠠᠷᠤᠭ 67 ᠺᠢᠯᠣᠮᠧᠳ᠋ᠷ ᠪᠠᠶᠢᠳᠠᠭ᠃ ᠵᠡᠭᠦᠨᠰᠢ ᠪᠠᠨ ᠮᠣᠨᠢ ᠠᠭᠤᠯᠠ᠂ ᠠᠭᠤᠢ ᠠᠭᠤᠯᠠ ᠪᠠᠷ ᠵᠠᠭᠠᠭᠯᠠᠵᠣ᠂ ᠾᠧᠪᠧᠢ ᠮᠤᠵᠢ ᠶᠢᠨ ᠱᠠᠩ ᠢ ᠰᠢᠶᠠᠨ ᠲᠠᠢ ᠬᠦᠷᠰᠢᠯᠡᠨ᠂ ᠡᠮᠦᠨ᠎ᠡ ᠪᠠᠨ ᠤᠷᠲᠤ ᠴᠠᠭᠠᠨ ᠬᠡᠷᠡᠮ᠂ ᠳ᠋ᠠ ᠨᠠᠨ ᠱᠠᠨ ᠢᠶᠠᠷ ᠵᠠᠭᠠᠭᠯᠠᠵᠤ᠂ ᠾᠧᠪᠧᠢ ᠮᠤᠵᠢ ᠶᠢᠨ ᠬᠤᠸᠠᠢ ᠠᠨ ᠰᠢᠶᠠᠨ᠂ ᠱᠠᠨ ᠰᠢ ᠮᠤᠵᠢ ᠶᠢᠨ ᠲᠢᠶᠠᠨ ᠵᠧᠨ ᠰᠢᠶᠠᠨ᠂ ᠶᠠᠩ ᠭᠤᠣ ᠰᠢᠶᠠᠨ ᠲᠠᠢ ᠵᠠᠯᠭᠠᠯᠳᠠᠨ᠂ ᠪᠠᠷᠠᠭᠤᠨᠰᠢ ᠪᠠᠨ ᠹᠧᠩᠽᠧᠨ ᠬᠤᠲᠠ᠂ ᠴᠠᠬᠠᠷ ᠪᠠᠷᠠᠭᠤᠨ ᠭᠠᠷᠣᠨ ᠡᠮᠦᠨᠡᠲᠦ ᠬᠤᠰᠢᠭᠤ ᠲᠠᠢ ᠬᠦᠷᠰᠢᠯᠡᠨ᠂ ᠣᠮᠠᠷᠠᠰᠢ ᠪᠠᠨ ᠴᠠᠬᠠᠷ ᠪᠠᠷᠠᠭᠤᠨ ᠬᠤᠶᠢᠲᠣ ᠬᠤᠰᠢᠭᠤ᠂ ᠱᠠᠩᠲᠣ ᠰᠢᠶᠠᠨ ᠲᠠᠢ ᠬᠦᠷᠰᠢᠯᠡᠨ ᠨᠡᠶᠢᠯᠡᠵᠣ ᠪᠠᠶᠢᠨ᠎ᠠ᠃ ᠾᠧᠪᠧᠢ ᠮᠤᠵᠢ᠂ ᠱᠠᠨ ᠰᠢ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠡᠷᠭᠡ ᠭᠤᠷᠪᠠᠨ ᠮᠤᠵᠢ ᠶᠢᠨ ᠵᠠᠭᠠᠭ ᠲᠤ ᠪᠠᠶᠢᠷᠢᠯᠠᠵᠠᠢ᠃      ᠰᠢᠩ ᠾᠧ ᠰᠢᠶᠠᠨ ᠨᠢ ᠣᠳᠣ ᠴᠧᠩ ᠭᠤᠸᠠᠨ ᠪᠠᠯᠭᠠᠰᠣ᠂ ᠵᠠᠩ ᠭᠤᠣ ᠪᠠᠯᠭᠠᠰᠣ᠂ ᠳ᠋ᠢᠶᠠᠨ ᠽᠢ ᠪᠠᠯᠭᠠᠰᠣ᠂ ᠰᠠᠶᠢᠬᠤᠰᠣ ᠪᠠᠯᠭᠠᠰᠣ᠂ ᠡᠷᠳᠡᠨᠢ ᠪᠠᠯᠭᠠᠰᠣ᠂ ᠶᠡᠭᠡ ᠬᠦᠷᠢᠶ᠎ᠡ ᠰᠢᠶᠠᠩ᠂ ᠥᠨᠳᠥᠰᠥᠲᠡᠨ ᠤ ᠪᠥᠯᠬᠦᠮᠳᠡᠯ ᠰᠢᠶᠠᠩ᠂ ᠳ᠋ᠠ ᠲᠥᠩ ᠶᠣᠣ ᠰᠢᠶᠠᠩ᠂ ᠦ᠋ ᠭᠦ᠋ ᠴᠢᠤᠸᠠᠨ ᠰᠢᠶᠠᠩ᠂ ᠵᠡᠷᠭᠡ ᠲᠠᠪᠣᠨ ᠪᠠᠯᠭᠠᠰᠤ᠂ ᠳᠦᠷᠪᠡᠨ ᠰᠢᠶᠠᠩ ᠲᠠᠢ᠃ 161 ᠲᠣᠰᠬᠤᠨ ᠤ ᠠᠷᠠᠳ ᠤᠨ ᠵᠦᠪᠯᠡᠯ ᠵᠢᠴᠢ 867 ᠲᠣᠰᠬᠤᠨ ᠤ ᠠᠷᠠᠳ ᠤᠨ ᠪᠠᠭ᠎ᠠ ᠳᠤᠭᠤᠶᠢᠯᠠᠩ ᠲᠠᠢ᠃ ᠪᠦᠬᠦ ᠰᠢᠶᠠᠨ ᠳᠤ ᠨᠡᠶᠢᠲᠡ 33.2 ᠲᠦᠮᠡᠨ ᠬᠦᠮᠦᠨ ᠠᠮᠠ ᠲᠠᠢ᠂ ᠡᠭᠦᠨ ᠳᠤ 25.3 ᠲᠦᠮᠡᠨ ᠬᠦᠳᠡᠭᠡ ᠳᠣᠰᠬᠤᠨ ᠤ ᠬᠦᠮᠦᠨ ᠠᠮᠠ ᠲᠠᠢ᠃ ᠬᠦᠮᠦᠨ ᠠᠮᠠ ᠶᠢᠨ ᠨᠢᠭᠳᠠᠴᠠ ᠨᠢ ᠨᠢᠭᠡ ᠲᠡᠭᠰᠢ ᠳᠦᠷᠪᠡᠯᠵᠢᠨ ᠺᠢᠯᠣᠮᠧᠳ᠋ᠷ ᠪᠦᠷᠢ ᠳᠤ 89 ᠬᠦᠮᠦᠨ᠃ ᠬᠢᠲᠠᠳ ᠥᠨᠳᠥᠰᠥᠲᠡᠨ᠂ ᠮᠣᠩᠭᠤᠯ ᠥᠨᠳᠥᠰᠥᠲᠡᠨ᠂ ᠬᠤᠲᠣᠩ ᠥᠨᠳᠥᠰᠥᠲᠡᠨ᠂ ᠮᠠᠨᠵᠣ ᠥᠨᠳᠥᠰᠥᠲᠡᠨ᠂ ᠮᠢᠶᠣᠣ ᠥᠨᠳᠥᠰᠥᠲᠡᠨ᠂ ᠭᠤᠣ ᠱᠠᠨ ᠥᠨᠳᠥᠰᠥᠲᠡᠨ ᠵᠡᠷᠭᠡ 10 ᠥᠨᠳᠥᠰᠥᠲᠡᠨ ᠲᠠᠢ᠂ ᠮᠣᠩᠭᠤᠯ ᠥᠨᠳᠥᠰᠥᠲᠡᠨ ᠢᠶᠠᠷ ᠭᠤᠣᠯᠯᠠᠨ᠂ ᠬᠢᠲᠠᠳ ᠥᠨᠳᠥᠰᠥᠲᠡᠨ ᠶᠡᠬᠡᠩᠭᠡᠢ ᠲᠤᠭ᠎ᠠ ᠶᠢ ᠡᠵᠡᠯᠡᠭᠰᠡᠨ ᠦᠨᠳᠦᠰᠦᠲᠡᠨ ᠤ ᠰᠠᠭᠤᠷᠢᠰᠢᠨ ᠰᠠᠭᠤᠭ᠎ᠠ ᠭᠠᠵᠠᠷ ᠪᠣᠯᠣᠨ᠎ᠠ᠃      ᠠᠳᠡ ᠭᠦᠨ ᠵᠤᠵᠠᠭᠠᠨ ᠲᠡᠥᠬᠡ ᠰᠣᠶᠣᠯ ᠲᠠᠢ᠂ ᠦᠵᠡᠮᠵᠢ ᠲᠡᠭᠦᠯᠳᠡᠷ ᠠᠭᠤᠯᠠ ᠤᠰᠤ ᠲᠠᠢ᠂ ᠡᠯᠪᠡᠭ ᠪᠠᠶᠠᠨ ᠪᠤᠳᠠᠰ ᠤᠨ ᠥᠪ ᠬᠦᠷᠦᠩᠭᠡ ᠲᠠᠢ ᠪᠠᠷ ᠪᠠᠷᠠᠬᠤ ᠦᠭᠡᠢ ᠪᠠᠰᠠ ᠪᠣᠷᠣᠭᠵᠢᠭᠤᠨ ᠰᠠᠶᠢᠬᠠᠨ ᠥᠨᠳᠥᠰᠥᠲᠡᠨ ᠤ ᠵᠠᠩ ᠦᠢᠯᠡ ᠲᠠᠢ᠂ ᠨᠢᠭᠡᠨ ᠣᠨᠴᠠᠯᠢᠭ ᠲᠠᠢ᠂ ᠡᠶ᠎ᠡ ᠨᠠᠶᠢᠷᠠᠮᠳᠠᠭᠤ᠂ ᠦᠵᠡᠰᠭᠦᠯᠡᠩᠲᠦ ᠰᠠᠶᠢᠬᠠᠨ ᠬᠢᠯᠢ ᠶᠢᠨ ᠰᠢᠶᠠᠨ ᠶᠤᠮ᠃                                                     ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3