ᠰᠢᠩ ᠾᠧ ᠰᠢᠶᠠᠨ ᠤ ᠪᠠᠶᠢᠭᠠᠯᠢ ᠶᠢᠷᠲᠢᠨᠴᠦ ᠭᠠᠵᠠᠷ ᠵᠦᠢ
ᠨᠡᠶᠢᠲᠡᠯᠡᠭᠰᠡᠨ ᠴᠠᠭ᠄
2019-07-18
      ᠰᠢᠩ ᠾᠧ ᠰᠢᠶᠠᠨ ᠨᠢ ᠠᠭᠤᠯᠠ ᠶᠢᠨ ᠬᠤᠶᠢᠲᠣ ᠬᠤᠷᠮᠣᠢ ᠳᠤ ᠪᠠᠶᠢᠷᠢᠯᠠᠵᠣ᠂ ᠵᠡᠭᠦᠨ ᠤᠷᠳᠤᠷᠢᠭ ᠤᠨ 113 ᠭᠷᠠᠳᠦ᠋ᠰ 21 ᠮᠢᠨᠦ᠋ᠲ 09 ᠰᠧᠺᠦ᠋ᠨ᠋ᠳ᠋ ᠠᠴᠠ 114 ᠭᠷᠠᠳᠦ᠋ᠰ 07 ᠮᠢᠨᠦ᠋ᠲ 47 ᠰᠧᠺᠦ᠋ᠨ᠋ᠳ᠋᠂ ᠣᠮᠠᠷᠠᠲᠣ ᠥᠷᠭᠡᠷᠢᠭ ᠤᠨ 40 ᠭᠷᠠᠳᠦ᠋ᠰ 26 ᠮᠢᠨᠦ᠋ᠲ ᠠᠴᠠ 41 ᠭᠷᠠᠳᠦ᠋ᠰ 26 ᠮᠢᠨᠦ᠋ᠲ ᠶᠢᠨ ᠬᠤᠭᠤᠷᠣᠨᠳᠣ ᠪᠣᠢ᠃ ᠣᠮᠠᠷᠠᠰᠢ ᠪᠠᠨ ᠱᠠᠩᠲᠣ ᠰᠢᠶᠠᠨ᠂ ᠵᠡᠬᠦᠨᠰᠢ ᠪᠠᠨ ᠾᠧᠪᠧᠢ ᠮᠤᠵᠢ ᠶᠢᠨ ᠱᠠᠩ ᠢ ᠰᠢᠶᠠᠨ᠂ ᠡᠮᠦᠨᠡᠰᠢ ᠪᠠᠨ ᠱᠠᠨ ᠰᠢ ᠮᠤᠵᠢ ᠶᠢᠨ ᠶᠠᠩ ᠭᠤᠣ ᠰᠢᠶᠠᠨ᠂ ᠾᠧᠪᠧᠢ ᠮᠤᠵᠢ ᠶᠢᠨ ᠬᠤᠸᠠᠢ ᠠᠨ ᠰᠢᠶᠠᠨ᠂ ᠪᠠᠷᠠᠭᠤᠨᠰᠢ ᠪᠠᠨ ᠴᠠᠬᠠᠷ ᠪᠠᠷᠠᠭᠤᠨ ᠭᠠᠷᠣᠨ ᠬᠤᠶᠢᠲᠣ ᠬᠤᠰᠢᠭᠤ᠂ ᠴᠠᠬᠠᠷ ᠪᠠᠷᠠᠭᠤᠨ ᠭᠠᠷᠣᠨ ᠡᠮᠦᠨᠡᠲᠦ ᠬᠤᠰᠢᠭᠤ ᠲᠠᠢ ᠬᠦᠷᠰᠢᠯᠡᠨ ᠨᠡᠶᠢᠯᠡᠵᠦ ᠪᠠᠶᠢᠨ᠎ᠠ᠃ ᠭᠠᠵᠠᠷ ᠤᠨ ᠪᠠᠶᠢᠴᠠ ᠨᠢ ᠡᠮᠦᠨᠡᠰᠢ ᠤᠮᠠᠷᠠᠰᠢ ᠣᠷᠲᠣᠯᠵᠢᠨ ᠬᠡᠯᠪᠡᠷᠢ ᠲᠠᠢ᠂ ᠬᠤᠶᠢᠲᠣ ᠲᠠᠯ᠎ᠠ ᠨᠢ ᠥᠨᠳᠥᠷ᠂ ᠡᠮᠦᠨᠡᠰᠢ ᠪᠠᠨ ᠪᠣᠭᠤᠨᠢ᠂ ᠳᠤᠮᠳᠠᠴᠢ ᠪᠠᠷ ᠳᠠᠯᠠᠢ ᠶᠢᠨ ᠲᠥᠪᠰᠢᠨ ᠠᠴᠠ ᠳᠡᠭᠡᠭᠰᠢ 1500 ᠮᠧᠳ᠋ᠷ ᠪᠠᠶᠢᠳᠠᠭ᠃ ᠠᠭᠤᠯᠠ ᠨᠢᠷᠣᠭᠤ ᠥᠷᠭᠦᠯᠵᠢᠯᠡᠵᠦ᠂ ᠤᠷᠤᠰᠬᠠᠯ ᠭᠤᠣᠯ ᠵᠦᠷᠢᠯᠳᠦᠵᠦ᠂ ᠳᠣᠪᠤ ᠪᠣᠯᠲᠤᠭ᠂ ᠲᠡᠭᠰᠢ ᠲᠠᠯ᠎ᠠ᠂ ᠥᠨᠳᠥᠷ ᠠᠭᠤᠯᠠ ᠨᠢ ᠲᠣᠰᠪᠦᠷᠢ ᠪᠦᠬᠦ ᠲᠠᠯᠠᠪᠠᠢ ᠶᠢᠨ 36.5%᠂ 38.2% ᠪᠣᠯᠣᠨ 25.3% ᠢ ᠡᠵᠡᠯᠡᠨ᠎ᠡ᠃ ᠮᠣᠨᠢ ᠠᠭᠤᠯᠠ᠂ ᠳ᠋ᠠ ᠨᠠᠠ ᠱᠠᠨ᠂ ᠳ᠋ᠠᠢ ᠴᠢᠩ ᠱᠠᠨ᠂ ᠦ᠋ ᠳ᠋ᠠ ᠯᠠᠮᠠ ᠱᠠᠨ ᠵᠡᠷᠭᠡ ᠠᠭᠤᠯᠠ ᠪᠠᠶᠢᠵᠣ᠂ ᠬᠠᠮᠤᠭ ᠥᠨᠳᠥᠷ ᠣᠷᠭᠢᠯ ᠨᠢ ᠬᠤᠸᠠᠩ ᠱᠢ ᠶᠠ᠂ ᠳᠠᠯᠠᠢ ᠶᠢᠨ ᠲᠥᠪᠰᠢᠨ ᠠᠴᠠ ᠳᠡᠭᠡᠭᠰᠢ 2334.7 ᠮᠧᠳ᠋ᠷ ᠲᠤ ᠬᠦᠷᠴᠠᠢ᠃ ᠳᠣᠯᠣᠭᠠᠨ ᠣᠷᠣᠰᠬᠠᠯ ᠭᠤᠣᠯ ᠲᠠᠢ᠂ ᠣᠯᠠᠩᠬᠢ ᠨᠢ ᠤᠯᠠᠷᠢᠯ ᠤᠨ ᠴᠢᠨᠠᠷᠲᠠᠢ ᠭᠤᠣᠯ ᠮᠦᠷᠡᠨ ᠪᠣᠯᠣᠨ᠎ᠠ᠃ ᠡᠯ ᠳ᠋ᠣᠣ ᠾᠧ ᠭᠤᠣᠯ᠂ ᠶᠢᠨ ᠽᠢ ᠾᠧ ᠭᠤᠣᠯ᠂ ᠰᠤᠮᠤᠨ ᠠᠭᠤᠯᠠ ᠶᠢᠨ ᠭᠤᠣᠯ ᠨᠢ ᠭᠠᠳᠠᠭᠠᠲᠣ ᠣᠷᠣᠰᠬᠠᠯᠲᠣ ᠭᠤᠣᠯ ᠪᠣᠯᠣᠨ᠎ᠠ᠃ ᠡᠭᠦᠨ ᠤ ᠳᠣᠲᠣᠷ᠎ᠠ ᠡᠯ ᠳ᠋ᠣᠣ ᠾᠧ ᠭᠤᠣᠯ ᠨᠢ ᠬᠠᠮᠤᠭ ᠣᠷᠲᠣ ᠣᠷᠣᠰᠬᠠᠯᠲᠣ ᠭᠤᠣᠯ ᠪᠠᠶᠢᠵᠣ᠂ ᠪᠦᠬᠦ ᠣᠷᠲᠣ ᠨᠢ 87.5 ᠺᠢᠯᠣᠮᠧᠳ᠋ᠷ᠃ 23 ᠳᠣᠮᠳᠠ ᠪᠠᠭ᠎ᠠ ᠵᠡᠷᠭᠡ ᠶᠢᠨ ᠨᠠᠭᠤᠷ ᠴᠦᠬᠦᠷᠦᠮ ᠲᠠᠢ᠂ ᠪᠦᠬᠦ ᠲᠠᠯᠠᠪᠠᠢ ᠨᠢ 4.28 ᠲᠡᠭᠰᠢ ᠳᠦᠷᠪᠡᠯᠵᠢᠨ ᠺᠢᠯᠣᠮᠧᠳ᠋ᠷ᠂ ᠣᠯᠠᠩᠬᠢ ᠨᠢ ᠤᠯᠠᠷᠢᠯ ᠤᠨ ᠴᠢᠨᠠᠷᠲᠠᠢ ᠨᠠᠭᠤᠷ ᠴᠦᠬᠦᠷᠦᠮ᠂ ᠯᠣᠣ ᠯᠢ ᠬᠠᠢ ᠨᠠᠭᠤᠷ ᠵᠡᠷᠭᠡ ᠬᠠᠷᠢᠴᠠᠩᠭᠤᠢ ᠶᠡᠭᠡ ᠨᠠᠭᠤᠷ ᠴᠦᠬᠦᠷᠦᠮ ᠪᠠᠶᠢᠳᠠᠭ᠃      ᠰᠢᠩ ᠾᠧ ᠰᠢᠶᠠᠨ ᠨᠢ ᠰᠡᠷᠢᠭᠦᠨ ᠪᠦᠰᠡᠨ ᠤ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠵᠠᠷᠢᠮᠳᠤᠭ ᠬᠠᠭᠤᠷᠠᠢ ᠠᠭᠤᠷ ᠠᠮᠢᠰᠬᠤᠯ ᠲᠠᠢ᠃ ᠡᠪᠦᠯ ᠵᠤᠨ ᠤ ᠤᠯᠠᠷᠢᠯ ᠳᠤ ᠮᠣᠩᠭᠤᠯ ᠤᠨ ᠥᠨᠳᠦᠷᠯᠢᠭ ᠪᠠ ᠡᠬᠡ ᠭᠠᠵᠠᠷ ᠤᠨ ᠳᠣᠣᠷ᠎ᠠ ᠳᠠᠷᠣᠴᠠ ᠶᠢᠨ ᠨᠥᠯᠥᠭᠡ ᠶᠢ ᠬᠦᠷᠲᠡᠵᠦ᠂ ᠠᠭᠤᠷ ᠠᠮᠢᠰᠬᠤᠯ ᠤᠨ ᠬᠤᠪᠢᠷᠠᠯᠲᠠ ᠢᠯᠡᠷᠬᠡᠢ᠂ ᠬᠦᠢᠲᠡᠨ ᠬᠠᠯᠠᠭᠤᠨ ᠤ ᠵᠦᠷᠢᠶ᠎ᠡ ᠶᠡᠭᠡ᠂ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠤᠨ ᠣᠨᠴᠠᠯᠢᠭ ᠨᠢ ᠢᠯᠡᠡᠷᠬᠡᠢ ᠪᠠᠶᠢᠳᠠᠭ᠃ ᠵᠢᠯ ᠤᠨ ᠲᠣᠨᠳᠠᠰᠤᠨ ᠤ ᠬᠡᠮᠵᠢᠶ᠎ᠡ 397 ᠮᠢᠯᠢᠮᠧᠳ᠋ᠷ ᠣᠷᠴᠢᠮ ᠪᠠᠶᠢᠵᠣ᠂ ᠬᠠᠮᠤᠭ ᠦᠨᠳᠦᠷ ᠬᠤᠷ᠎ᠠ ᠲᠤᠨᠳᠠᠰᠤᠨ ᠤ ᠬᠡᠮᠵᠢᠶ᠎ᠡ ᠨᠢ 630 ᠮᠢᠯᠢᠮᠧᠳ᠋ᠷ᠂ ᠬᠠᠮᠤᠭ ᠳᠣᠣᠷ᠎ᠠ ᠲᠤᠨᠳᠠᠰᠤᠨ ᠤ ᠬᠡᠮᠵᠢᠶ᠎ᠡ 237 ᠮᠢᠯᠢᠮᠧᠳ᠋ᠷ ᠪᠠᠶᠢᠵᠤ᠂ ᠭᠠᠵᠠᠷ ᠤᠨ ᠭᠠᠳᠠᠷᠭᠤ ᠶᠢᠨ ᠣᠰᠣᠨ ᠤ ᠡᠬᠢ ᠰᠤᠷᠪᠤᠯᠵᠢ ᠶᠢᠨ ᠤᠷᠤᠰᠬᠠᠯ ᠤᠨ ᠬᠡᠮᠵᠢᠶ᠎ᠡ ᠨᠢ 10373.9 ᠲᠦᠮᠡᠨ ᠺᠦᠪ ᠮᠧᠳ᠋ᠷ ᠬᠦᠷᠴᠠᠢ᠃ ᠵᠢᠯ ᠤᠨ ᠳᠣᠮᠳᠠᠴᠢ ᠠᠭᠤᠷᠰᠢᠯᠲᠠ ᠶᠢᠨ ᠬᠡᠮᠵᠢᠶ᠎ᠡ ᠨᠢ 2036.8 ᠮᠢᠯᠢᠮᠧᠳ᠋ᠷ᠂ ᠵᠢᠯ ᠤᠨ ᠳᠤᠮᠳᠠᠴᠢ ᠪᠤᠷᠤᠭᠠᠨ ᠤ ᠬᠡᠮᠵᠢᠶᠡᠨ ᠤ ᠲᠠᠪᠤᠨ ᠳᠠᠬᠢᠨ ᠶᠤᠮ᠃ ᠵᠢᠯ ᠤᠨ ᠳᠤᠮᠳᠠᠴᠢ ᠨᠠᠷᠠᠨ ᠤ ᠲᠣᠰᠤᠯᠲᠠ ᠨᠢ 2872 ᠴᠠᠭ ᠪᠠᠶᠢᠵᠤ᠂ 2300 — 2400 ᠭᠷᠡᠳᠦ᠋ᠰ ᠶᠢᠨ ᠢᠯᠴᠢ ᠶᠢᠨ ᠬᠤᠷᠠᠮᠳᠤᠯ ᠲᠠᠢ᠂ 95 — 135 ᠬᠢᠷᠠᠭᠤ ᠦᠭᠡᠢ ᠡᠲᠥᠷ ᠲᠠᠢ᠃ ᠭᠠᠵᠠᠷ ᠤᠷᠤᠨ ᠤ ᠰᠠᠯᠬᠢᠨ ᠬᠤᠷᠳᠤᠴᠠ ᠬᠠᠷᠢᠴᠠᠩᠭᠤᠢ ᠥᠨᠳᠥᠷ ᠪᠠᠶᠢᠵᠤ᠂ ᠶᠡᠭᠡ ᠰᠠᠯᠬᠢᠨ ᠲᠠᠢ ᠡᠳᠥᠷ ᠬᠠᠷᠢᠴᠠᠩᠭᠤᠢ ᠣᠯᠠᠨ᠃ ᠵᠢᠯ ᠤᠨ ᠳᠣᠮᠳᠠᠴᠢ ᠰᠠᠯᠬᠢᠨ ᠬᠤᠷᠳᠤᠴᠠ ᠨᠢᠭᠡ ᠰᠧᠺᠦ᠋ᠨ᠋ᠳ᠋ ᠲᠤ 3.7 ᠮᠧᠳ᠋ᠷ᠂ ᠵᠢᠯ ᠳᠤ ᠳᠤᠮᠳᠠᠴᠢ ᠪᠠᠷ 4 5 ᠡᠳᠦᠷ ᠶᠡᠭᠡ ᠰᠠᠯᠬᠢᠨ ᠲᠠᠢ᠂ ᠶᠡᠬᠡᠩᠬᠢ ᠳᠡᠭᠡᠨ ᠡᠪᠦᠯ ᠬᠠᠪᠤᠷ ᠤᠨ ᠤᠯᠠᠷᠢᠯ ᠳᠤ ᠰᠠᠯᠬᠢᠯᠠᠨ᠎ᠠ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 4.2 ᠭᠷᠡᠳᠦ᠋ᠰ᠂ ᠨᠢᠭᠡᠳᠦᠭᠡᠷ ᠰᠠᠷ᠎ᠠ ᠳᠤ ᠬᠠᠮᠤᠭ ᠬᠥᠢᠲᠡᠨ᠂ ᠳᠤᠮᠳᠠᠴᠢ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 13.8 ᠭᠷᠡᠳᠦ᠋ᠰ᠂ ᠬᠠᠮᠤᠭ ᠬᠥᠢᠲᠡᠨ ᠦᠶ᠎ᠡ ᠳᠤ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 33.8 ᠭᠷᠡᠳᠦ᠋ᠰ᠂ ᠳᠣᠯᠣᠳᠣᠭᠠᠷ ᠰᠠᠷ᠎ᠠ ᠳᠤ ᠬᠠᠮᠤᠭ ᠬᠠᠯᠠᠭᠤᠨ ᠪᠠᠶᠢᠵᠤ᠂ ᠳᠣᠮᠳᠠᠴᠢ ᠠᠭᠠᠷ ᠤᠨ ᠳᠣᠯᠠᠭᠠᠨ ᠨᠢ 19.9 ᠭᠷᠡᠳᠦ᠋ᠰ᠂ ᠬᠠᠮᠤᠭ ᠬᠠᠯᠠᠭᠤᠨ ᠦᠶ᠎ᠡ ᠶᠢᠨ ᠠᠭᠠᠷ ᠤᠨ ᠳᠤᠯᠠᠭᠠᠨ ᠨᠢ 36 ᠭᠷᠡᠳᠦ᠋ᠰ᠃ ᠶᠡᠷᠦᠳᠡᠭᠡᠨ 11 ᠰᠠᠷ᠎ᠠ ᠶᠢᠨ ᠡᠬᠢᠨ ᠪᠣᠶᠣ ᠳᠤᠮᠳᠠ ᠠᠴᠠ ᠡᠬᠢᠯᠡᠨ ᠭᠠᠵᠠᠷ ᠬᠦᠯᠳᠡᠵᠦ᠂ ᠳᠠᠷᠠᠭ᠎ᠠ ᠵᠢᠯ ᠶᠢᠨ ᠬᠢᠨᠢ 3 ᠰᠠᠷ᠎ᠠ ᠶᠢᠨ ᠰᠡᠭᠦᠯᠴᠢ ᠪᠣᠶᠣ 4 ᠰᠠᠷ᠎ᠠ ᠶᠢᠨ ᠡᠬᠢᠨ ᠢᠶᠠᠷ ᠭᠢᠰᠴᠦ ᠡᠬᠢᠯᠡᠳᠡᠭ᠃                                                       ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3