ᠰᠢᠩ ᠾᠧ ᠰᠢᠶᠠᠨ ᠤ ᠲᠡᠦᠬᠡ ᠶᠢᠨ ᠣᠯᠠᠷᠢᠯ ᠬᠤᠪᠢᠰᠣᠯᠲᠠ
ᠨᠡᠶᠢᠲᠡᠯᠡᠭᠰᠡᠨ ᠴᠠᠭ᠄
2019-07-19
      ᠰᠢᠩ ᠾᠧ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠮᠳᠠ ᠡᠮᠦᠨ᠎ᠡ ᠪᠡᠶ᠎ᠡ ᠳᠤ ᠪᠠᠶᠢᠷᠢᠯᠠᠵᠣ᠂ ᠱᠠᠨ ᠰᠢ ᠮᠤᠵᠢ᠂ ᠾᠧᠪᠧᠢ ᠮᠤᠵᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠯᠵᠠᠭᠤᠷ ᠤᠨ ᠭᠡᠰᠡᠭ ᠲᠤ ᠪᠠᠶᠢᠳᠠᠭ᠃ ᠵᠡᠭᠦᠨᠰᠢ ᠪᠠᠨ ᠨᠡᠶᠢᠰᠯᠡᠯ ᠪᠡᠭᠡᠵᠢᠩ ᠠᠴᠠ 240 ᠺᠢᠯᠤᠮᠧᠳ᠋ᠷ᠂ ᠪᠠᠷᠠᠭᠤᠨᠰᠢ ᠣᠷᠣᠨ ᠤ ᠲᠥᠪ ᠬᠦᠬᠡᠬᠤᠲᠠ ᠠᠴᠠ 200 ᠺᠢᠯᠣᠮᠧᠳ᠋ᠷ ᠵᠠᠶᠢᠲᠠᠢ ᠪᠠᠶᠢᠵᠣ᠂ ᠥᠪᠥᠷ ᠮᠣᠩᠭᠤᠯ ᠤᠨ ᠭᠠᠳᠠᠭᠰᠢ ᠴᠢᠯᠦᠭᠡᠲᠠᠢ ᠶᠠᠪᠣᠯᠴᠠᠬᠤ ᠶᠢᠨ ᠡᠮᠦᠨ᠎ᠡ ᠡᠭᠦᠳᠡ ᠨᠢ ᠪᠣᠯᠵᠤ᠂ ᠲᠥᠷᠥ ᠶᠢᠨ ᠶᠠᠪᠣᠳᠠᠯ ᠤᠨ ᠬᠤᠷᠢᠶᠠᠨ ᠠᠴᠠ ᠵᠥᠪᠰᠢᠶᠡᠷᠡᠭᠰᠡᠨ ᠭᠠᠳᠠᠭᠰᠢ ᠴᠢᠯᠦᠭᠡᠲᠠᠢ ᠶᠠᠪᠣᠯᠴᠠᠬᠤ ᠰᠢᠶᠠᠨ ᠪᠣᠯᠣᠨ᠎ᠠ᠃      ᠰᠢᠩ ᠾᠧ ᠰᠢᠶᠠᠨ ᠨᠢ ᠥᠨᠢ ᠤᠳᠠᠭᠠᠨ ᠲᠡᠥᠬᠡᠨ ᠥᠪ ᠰᠤᠶᠤᠯ ᠲᠠᠢ᠃ ᠪᠠᠶᠢᠯᠳᠣᠭᠠᠨᠲᠣ ᠣᠯᠣᠰ ᠤᠨ ᠦᠶ᠎ᠡ ᠳᠤ ᠰᠢᠩ ᠾᠧ ᠰᠢᠶᠠᠨ ᠵᠣᠣ ᠣᠯᠣᠰ ᠤᠨ ᠳ᠋ᠠᠢ ᠵᠢᠶᠦ᠋ᠨ ᠤ ᠡᠷᠬᠡᠰᠢᠶᠡᠯ ᠳᠤ ᠪᠠᠶᠢᠵᠣ᠂ ᠶᠠᠨ ᠯᠢᠩ ᠴᠧᠩ ᠶᠢ ᠪᠠᠶᠢᠭᠤᠯᠵᠣ᠂ ᠲᠡᠥᠬᠡᠨ ᠳᠤ ᠬᠠᠷᠢᠶᠠᠨ ᠳᠠᠭᠠᠨ ᠯᠦ᠂ ᠹᠦ᠋᠂ ᠵᠧᠦ᠂ ᠰᠢᠶᠠᠨ ᠪᠠᠶᠢᠭᠤᠯᠵᠠᠢ᠃ ᠪᠠᠷᠠᠭᠤᠨ ᠬᠠᠨ ᠤ ᠦᠶ᠎ᠡ ᠳᠤ ᠶᠠᠨ ᠯᠢᠩ ᠰᠢᠶᠠᠨ ᠵᠢᠦᠢ ᠷᠦ᠋ ᠰᠢᠶᠠᠨ ᠢ ᠪᠠᠶᠢᠭᠤᠯᠵᠣ᠂ ᠳ᠋ᠠᠢ ᠵᠢᠶᠦ᠋ᠨ ᠳᠤ ᠬᠠᠷᠢᠶᠠᠯᠠᠭᠳᠠᠵᠠᠢ᠃ ᠵᠡᠭᠦᠨ ᠬᠠᠨ ᠤ ᠰᠡᠭᠦᠯᠴᠢ ᠶᠢᠨ ᠦᠶ᠎ᠡ ᠠᠴᠠ ᠸᠧᠢ ᠶᠢᠨ ᠡᠮᠦᠨᠡᠲᠦ ᠣᠮᠠᠷᠠᠲᠣ ᠲᠦᠷᠥ ᠬᠦᠷᠲᠡᠯ᠎ᠡ ᠰᠢᠶᠠᠨᠪᠸᠢ ᠥᠨᠳᠥᠰᠥᠲᠡᠨ ᠰᠠᠭᠤᠷᠢᠰᠢᠨ ᠰᠠᠭᠤᠵᠣ᠂ ᠰᠥᠩ ᠣᠯᠣᠰ ᠤᠨ ᠦᠶ᠎ᠡ ᠳᠤ ᠸᠧᠢ ᠠᠨ ᠰᠢᠶᠠᠨ ᠢ ᠪᠠᠶᠢᠭᠤᠯᠵᠠᠢ᠃ ᠶᠤᠸᠠᠨ ᠣᠯᠣᠰ ᠤᠨ ᠦᠶ᠎ᠡ ᠳᠤ ᠵᠦᠩ ᠱᠤ᠋ ᠮᠤᠵᠢ ᠶᠢᠨ ᠰᠢᠩ ᠾᠧ ᠵᠠᠮ ᠳᠤ ᠬᠠᠷᠢᠶᠠᠯᠠᠭᠳᠠᠪᠠ᠃ ᠮᠢᠩ ᠣᠯᠣᠰ ᠤᠨ ᠦᠶ᠎ᠡ ᠳᠤ ᠢᠦᠢ ᠯᠢᠨ ᠰᠢᠶᠠᠨ ᠢ ᠪᠠᠶᠢᠭᠤᠯᠵᠠᠢ᠃ ᠴᠢᠩ ᠣᠯᠣᠰ ᠤᠨ ᠦᠶ᠎ᠡ ᠳᠤ ᠹᠧᠩ ᠴᠤᠸᠠᠨ ᠸᠧᠢ ᠶᠢ ᠪᠠᠶᠢᠭᠤᠯᠵᠣ᠂ ᠪᠠᠳᠠᠷᠠᠭᠤᠯᠲᠣ ᠲᠥᠷᠥ ᠶᠢᠨ ᠬᠤᠷᠢ ᠶᠢᠰᠦᠳᠦᠭᠡᠷ ᠣᠨ ᠳᠤ ᠰᠢᠩ ᠾᠧ ᠲᠢᠩᠬᠢᠮ ᠭᠡᠵᠣ ᠭᠠᠷᠭᠠᠵᠣ᠂ ᠱᠠᠨ ᠰᠢ ᠮᠤᠵᠢ ᠶᠢᠨ ᠭᠦᠢ ᠰᠦᠢ ᠳ᠋ᠣᠣ ᠳᠤ ᠬᠠᠷᠢᠶᠠᠯᠠᠭᠳᠠᠨ᠂ ᠮᠣᠩᠭᠤᠯ ᠤᠨ ᠴᠠᠬᠠᠷ ᠨᠠᠢᠮᠠᠨ ᠬᠤᠰᠢᠭᠤᠨ ᠳᠠᠬᠢ ᠰᠢᠯᠣᠭᠤᠨ ᠰᠢᠷ᠎ᠠ᠂ ᠰᠢᠯᠣᠭᠤᠨ ᠤᠯᠠᠭᠠᠨ ᠬᠤᠶᠡᠷ ᠬᠤᠰᠢᠭᠤ ᠶᠢᠨ ᠨᠡᠭᠦᠳᠡᠯᠯᠡᠨ ᠮᠠᠯᠵᠢᠬᠤ ᠭᠠᠵᠠᠷ ᠪᠠᠶᠢᠪᠠ᠃ ᠢᠷᠭᠡᠨ ᠣᠯᠣᠰ ᠤᠨ ᠠᠩᠬᠠᠳᠣᠭᠠᠷ ᠣᠨ ︵1912 ᠣᠨ︶ ᠳᠤ ᠲᠢᠩᠬᠢᠮ ᠢ ᠰᠢᠶᠠᠨ ᠪᠣᠯᠭᠠᠵᠣ᠂ 1929 ᠣᠨ ᠳᠤ ᠰᠦᠢᠶᠣᠸᠠᠨ ᠮᠤᠵᠢ ᠳᠤ ᠬᠠᠷᠢᠶᠠᠯᠠᠭᠳᠠᠵᠠᠢ᠃      1948 ᠣᠨ ᠳᠤ ᠰᠢᠩ ᠾᠧ ᠴᠢᠯᠦᠭᠡᠯᠡᠭᠳᠡᠵᠦ᠂ 1950 ᠣᠨ ᠳᠤ ᠰᠦᠢᠶᠣᠸᠠᠨ ᠮᠤᠵᠢ ᠳᠤ ᠬᠠᠷᠢᠶᠠᠯᠠᠭᠳᠠᠵᠣ᠂ 1954 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠢᠩ ᠳ᠋ᠢ ᠴᠢᠤᠸᠠᠨ ᠵᠠᠰᠠᠭ ᠵᠠᠬᠢᠷᠭᠠᠨ ᠤ ᠲᠣᠭᠤᠷᠢᠭ ᠤᠨ ᠬᠠᠷᠢᠶᠠᠨ ᠳᠠᠬᠢ ᠰᠢᠶᠠᠨ ᠪᠠᠶᠢᠵᠣ᠂ 1958 ᠣᠨ ᠳᠤ ᠣᠯᠠᠭᠠᠨᠴᠠᠪ ᠠᠶᠢᠮᠠᠭ ᠲᠤ ᠬᠠᠷᠢᠶᠠᠯᠠᠭᠳᠠᠵᠣ᠂ 2004 ᠣᠨ ᠳᠤ ᠣᠯᠠᠭᠠᠨᠴᠠᠪ ᠠᠶᠢᠮᠠᠭ ᠢ ᠬᠤᠲᠠ ᠪᠣᠯᠭᠠᠭᠰᠠᠨ ᠤ ᠳᠠᠷᠠᠭ᠎ᠠ᠂ ᠣᠯᠠᠭᠠᠨᠴᠠᠪ ᠬᠤᠲᠠ ᠶᠢᠨ ᠬᠠᠷᠢᠶᠠᠨ ᠳᠠᠬᠢ ᠰᠢᠶᠠᠨ ᠪᠣᠯᠵᠠᠢ᠃      ᠣᠷᠲᠣ ᠤᠳᠠᠭᠠᠨ ᠲᠡᠥᠬᠡ ᠶᠢᠨ ᠤᠯᠠᠷᠢᠨ ᠬᠤᠪᠢᠰᠣᠯᠲᠠ ᠳᠤ ᠡᠯ᠎ᠡ ᠦᠨᠳᠦᠰᠦᠲᠡᠨ ᠡᠪ ᠵᠣᠬᠢᠴᠠᠩᠭᠤᠢ ᠣᠷᠣᠰᠢᠨ ᠠᠮᠢᠳᠣᠷᠠᠵᠣ᠂ ᠲᠠᠯ᠎ᠠ ᠨᠣᠲᠤᠭ ᠤᠨ ᠮᠠᠯᠵᠢᠬᠤ ᠰᠤᠶᠤᠯ᠂ ᠲᠠᠷᠢᠶᠠᠯᠠᠬᠤ ᠰᠣᠶᠣᠯ ᠪᠣᠯᠣᠨ ᠬᠤᠳᠠᠯᠳᠤᠭᠠᠨ ᠤ ᠰᠣᠶᠣᠯ ᠨᠢᠭᠡ ᠴᠣᠭᠴᠠᠵᠢᠭᠰᠠᠨ ᠭᠠᠵᠠᠷ ᠣᠷᠣᠨ ᠤ ᠣᠨᠴᠠᠯᠢᠭ ᠲᠠᠢ ᠦᠨᠳᠦᠰᠦᠲᠡᠨ ᠤ ᠣᠯᠠᠨ ᠡᠰᠢᠵᠢᠯᠲᠡ ᠪᠣᠯᠣᠨ ᠪᠦᠷᠢᠯᠳᠦᠵᠠᠢ᠃ ᠠᠳᠡ ᠲᠡᠥᠬᠡ ᠶᠢᠨ ᠤᠯᠠ ᠮᠦᠷ ᠬᠠᠳᠠᠭᠠᠯᠠᠭᠳᠠᠭᠰᠠᠨ ᠡᠷᠲᠡᠨ ᠤ ᠤᠷᠲᠤ ᠰᠢᠷᠣᠢ ᠬᠡᠷᠡᠮ᠂ ᠣᠯᠠᠨ ᠠᠷᠪᠢᠨ ᠲᠡᠥᠬᠡ ᠶᠢᠨ ᠦᠯᠡᠳᠡᠭᠳᠡᠯ ᠳᠤᠷᠠᠰᠬᠠᠯᠲᠤ ᠵᠦᠢᠯ᠂ ᠰᠢᠶᠠᠨᠪᠢ ᠲᠦᠸᠧ ᠪᠠ ᠶᠢᠨ ᠲᠦᠯᠦᠭᠡᠯᠡᠭᠦᠯᠦᠭᠰᠡᠨ ᠬᠠᠭᠠᠨ ᠢᠵᠠᠭᠤᠷᠲᠠᠨ ᠤ ᠦᠯᠢᠭᠡᠷ ᠲᠡᠥᠬᠡ᠂ ︽ᠰᠦᠢ ᠶᠢᠨ ᠵᠡᠬᠦᠨᠲᠡᠬᠢ ᠨᠢᠭᠡᠳᠦᠭᠡᠷ ᠰᠦᠮ᠎ᠡ︾ ᠠᠮᠤᠭᠤᠯᠠᠩ ᠢᠪᠡᠭᠡᠭᠴᠢ ᠰᠦᠮ᠎ᠡ ᠪᠠᠷ ᠪᠡᠯᠭᠡᠳᠡᠯ ᠪᠣᠯᠭᠠᠭᠰᠠᠨ ᠱᠠᠰᠢᠨ ᠰᠣᠷᠲᠠᠬᠤᠨ ᠤ ᠰᠣᠶᠣᠯ ᠪᠣᠯᠪᠠᠰᠣᠨ ᠲᠠᠢ᠃ ᠦᠢ ᠣᠯᠠᠨ ᠰᠣᠶᠣᠯ ᠪᠣᠯᠪᠠᠰᠣᠨ ᠤ ᠦᠯᠡᠳᠡᠭᠳᠡᠯ ᠠᠴᠠ ᠬᠦᠮᠦᠨ ᠢ ᠰᠣᠭᠲᠣᠷᠠᠭᠤᠯᠣᠮ᠎ᠠ ᠡᠷᠲᠡᠨ ᠤ ᠦᠩᠭᠡ ᠲᠥᠷᠬᠦ᠂ ᠡᠷᠲᠡᠨ ᠤ ᠠᠶᠠᠰ ᠠᠶᠠᠯᠭᠤ ᠤᠶᠢᠨ ᠰᠠᠴᠣᠷᠠᠵᠣ᠂ ᠡᠨᠡ ᠭᠠᠵᠠᠷ ᠤᠨ ᠡᠷᠲᠡ ᠦᠶ᠎ᠡ ᠶᠢᠨ ᠴᠡᠴᠡᠭᠯᠡᠨ ᠮᠠᠨᠳᠣᠯᠲᠠ ᠨᠢ ᠠᠯᠣᠰ ᠤᠨ ᠵᠡᠷᠭᠡᠯᠭᠡᠨ ᠳᠤ ᠲᠣᠳᠣᠷᠠᠨ ᠬᠠᠷᠠᠭᠳᠠᠬᠤ ᠰᠢᠭ᠋ ᠪᠣᠯᠳᠠᠭ᠃                                                        ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3