ᠶᠢᠩ ᠪᠢᠨ ᠴᠡᠴᠡᠷᠯᠢᠭ
ᠨᠡᠶᠢᠲᠡᠯᠡᠭᠰᠡᠨ ᠴᠠᠭ᠄
2019-07-25
     ᠶᠢᠩ ᠪᠢᠨ ᠴᠡᠴᠡᠷᠯᠢᠭ ᠨᠢ 110 ᠳ᠋ᠤᠭᠠᠷ ᠤᠯᠤᠰ ᠤᠨ ᠵᠠᠮ ᠤᠨ ᠰᠢᠩ ᠾᠧ ᠰᠢᠶᠠᠨ ᠤ ᠬᠤᠲᠠ ᠶᠢᠨ ᠲᠣᠭᠤᠷᠢᠭ ᠤᠨ ᠣᠷᠣᠵᠤ ᠭᠠᠷᠬᠤ ᠬᠡᠰᠡᠭ ᠲᠤ ᠪᠠᠶᠢᠷᠢᠯᠠᠵᠤ ᠪᠠᠶᠢᠭ᠎ᠠ ᠲᠣᠮᠣ ᠬᠡᠯᠪᠡᠷᠢ ᠶᠢᠨ ᠠᠮᠢ ᠠᠬᠤᠢ ᠶᠢᠨ ᠦᠵᠡᠮᠵᠢ ᠶᠢᠨ ᠴᠡᠴᠡᠷᠯᠢᠭ ᠪᠠᠶᠢᠵᠦ᠂ ᠰᠢᠩ ᠾᠧ ᠰᠢᠶᠠᠨ ᠤ ᠤᠳᠤ ᠶᠢᠨ ᠪᠠᠶᠢᠭ᠎ᠠ ᠲᠣᠮᠦ ᠬᠡᠯᠪᠡᠷᠢ ᠶᠢᠨ ᠭᠠᠵᠠᠷ ᠣᠷᠣᠨ ᠤ ᠰᠣᠶᠣᠯ ᠤᠨ ᠣᠨᠴᠠᠯᠢᠭ ᠪᠦᠬᠦᠢ ᠰᠡᠯᠡᠭᠦᠴᠡᠯ ᠤᠨ ᠴᠡᠴᠡᠷᠯᠢᠭ ᠮᠥᠨ᠂ ᠵᠡᠭᠦᠨ ᠪᠠᠷᠠᠭᠤᠨ ᠬᠤᠶᠠᠷ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ ᠶᠢᠨ ᠲᠠᠯᠠᠪᠠᠢ ᠨᠢ ᠨᠡᠶᠢᠲᠡ 50 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠢᠨᠵᠧᠨᠧᠷᠢᠩ ᠢ 2012 ᠣᠨ ᠤ 2 ᠳ᠋ᠤᠭᠠᠷ ᠰᠠᠷ᠎ᠠ ᠠᠴᠠ ᠡᠬᠢᠯᠡᠨ ᠵᠢᠷᠤᠭᠯᠠᠨ ᠲᠥᠯᠥᠪᠯᠡᠵᠦ᠂ 2013 ᠣᠨ 4 ᠳ᠋ᠦᠭᠡᠷ ᠰᠠᠷ᠎ᠠ ᠳᠤ ᠪᠠᠷᠢᠯᠭ᠎ᠠ ᠡᠬᠢᠯᠡᠪᠡ᠃ ᠲᠣᠰ ᠣᠷᠣᠨ ᠤ ᠤᠤᠯ ᠳᠦᠷᠰᠦ ᠨᠢ ᠬᠤᠭ ᠨᠣᠪᠰᠢ ᠶᠢᠨ ᠲᠠᠯᠠᠪᠠᠢ ᠪᠠᠶᠢᠵᠤ᠂ ᠬᠤᠲᠠ ᠶᠢᠨ ᠳᠦᠷᠰᠦ ᠪᠠᠶᠢᠳᠠᠯ ᠢ ᠬᠦᠨᠳᠦ ᠨᠣᠴᠢᠲᠠᠶ ᠨᠦᠯᠦᠭᠡᠯᠡᠵᠦ ᠪᠠᠶᠢᠵᠠᠢ᠃ ᠪᠠᠷᠢᠯᠭ᠎ᠠ ᠨᠢ ᠭᠠᠵᠠᠷ ᠤᠨ ᠪᠠᠶᠢᠴᠠ ᠶᠢᠨ ᠪᠣᠳᠠᠲᠠᠶ ᠪᠠᠶᠢᠳᠠᠯ ᠢ ᠦᠨᠳᠦᠰᠦᠯᠡᠨ ᠪᠢᠴᠢᠯ ᠭᠠᠵᠠᠷ ᠤᠨ ᠪᠠᠶᠢᠴᠠ ᠶᠢᠨ ᠰᠢᠢᠳᠪᠦᠷᠢᠯᠡᠯᠲᠡ ᠬᠢᠵᠦ᠂ ᠨᠡᠶᠢᠲᠡ 48 ᠲᠦᠮᠡᠨ ᠲᠡᠭᠰᠢ ᠳᠥᠷᠪᠡᠯᠵᠢᠨ ᠮᠧᠲᠷ ᠰᠢᠷᠣᠶ ᠶᠢ ᠬᠡᠷᠡᠭᠯᠡᠵᠦ᠂ ᠬᠠᠲᠠᠭᠤᠷᠠᠭᠤᠯᠤᠭᠰᠠᠨ ᠲᠠᠯᠠᠪᠠᠢ ᠨᠢ 1 ᠲᠦᠮᠡᠨ ᠲᠡᠭᠰᠢ ᠳᠥᠷᠪᠡᠯᠵᠢᠨ ᠮᠧᠲᠷ ᠬᠦᠷᠴᠠᠢ᠃ ᠨᠣᠭᠤᠭᠠᠷᠠᠭᠤᠯᠤᠯᠲᠠ ᠶᠢᠨ ᠲᠠᠯ᠎ᠠ ᠪᠠᠷ᠂ ᠲᠣᠰ ᠭᠠᠵᠠᠷ ᠣᠷᠣᠨ ᠳᠤ ᠣᠷᠭᠤᠬᠤ ᠳᠤ ᠲᠣᠬᠢᠷᠠᠮᠵᠢᠲᠠᠶ ᠡᠪᠡᠰᠦ ᠮᠤᠳᠤ ᠪᠠᠷ ᠭᠤᠣᠯᠯᠠᠨ᠂ ᠲᠣᠷᠤᠭ ᠮᠣᠳᠣ᠂ ᠪᠣᠲᠠ ᠮᠣᠳᠣ᠂ ᠴᠡᠴᠡᠭ ᠡᠪᠡᠰᠣ ᠪᠠᠷ ᠬᠠᠪᠰᠣᠷᠭᠠᠨ᠂ ᠬᠠᠪᠲᠠᠭᠠᠶ ᠪᠠᠷ ᠲᠠᠷᠢᠬᠤ ᠪᠠ ᠪᠣᠰᠤᠭ᠎ᠠ ᠪᠠᠷ ᠲᠠᠷᠢᠬᠤ ᠮᠡᠷᠭᠡᠵᠢᠯ ᠢ ᠬᠠᠷᠢᠯᠴᠠᠨ ᠤᠶᠠᠯᠳᠤᠭᠤᠯᠵᠤ᠂ ᠲᠣᠬᠢᠷᠠᠮᠵᠢᠲᠠᠢ ᠪᠠᠶᠢᠭᠠᠯᠢ ᠶᠢᠨ ᠦᠵᠡᠮᠵᠢ ᠶᠢ ᠪᠤᠢ ᠪᠣᠯᠭᠠᠪᠠ᠃
     ᠴᠡᠴᠡᠷᠯᠢᠭ ᠲᠤ ᠠᠭᠤᠳᠠᠮ ᠲᠠᠯᠠᠪᠠᠢ᠂ ᠤᠰᠤ ᠳᠠᠪᠬᠤᠴᠠᠬᠤ ᠲᠠᠪᠴᠠᠩ᠂ ᠤᠰᠤᠨ ᠬᠥᠰᠢᠭᠡ᠂ ᠬᠠᠭᠤᠷᠠᠶ ᠰᠦᠷᠴᠢᠯᠲᠡ᠂ ᠲᠡᠷᠭᠡᠯ ᠰᠠᠷᠠᠨ ᠲᠢᠩᠰᠡ ᠵᠡᠷᠭᠡ ᠣᠯᠠᠨ ᠦᠵᠡᠮᠵᠢ ᠶᠢᠨ ᠴᠡᠭ ᠪᠠᠶᠢᠳᠠᠭ᠃ ᠢᠯᠠᠩᠭᠤᠶ᠎ᠠ ᠤᠰᠤᠨ ᠬᠥᠰᠢᠭᠡ ᠶᠢᠨ ᠦᠵᠡᠮᠵᠢ ᠨᠢ 5 ᠤᠰᠤᠨ ᠬᠥᠰᠢᠭᠡ ᠶᠢᠨ ᠬᠡᠷᠡᠮ ᠢᠶᠠᠷ ᠪᠦᠷᠢᠯᠳᠦᠵᠦ᠂ ᠬᠡᠷᠡᠮ ᠪᠦᠷᠢ ᠨᠢ 3.7 ᠮᠧᠲᠷ ᠥᠨᠳᠥᠷ᠂ 7.8 ᠮᠧᠲᠷ ᠥᠷᠭᠡᠨ᠃ ᠬᠥᠮᠦᠨ ᠤ ᠬᠦᠴᠦ ᠪᠠᠷ ᠲᠦᠰᠦᠪᠯᠡᠭᠰᠡᠨ ︽ᠬᠦᠷᠬᠢᠷ᠎ᠡ︾᠎ ᠨᠢ ᠨᠢᠰᠬᠦ ᠮᠡᠲᠦ ᠤᠷᠣᠰᠣᠨ ᠪᠠᠭᠤᠵᠣ᠂ ᠤᠰᠤ ᠮᠠᠨᠠᠨ ᠪᠦᠷᠬᠦᠭᠰᠡᠨ ᠰᠠᠶᠢᠬᠠᠨ ᠦᠵᠡᠮᠵᠢ ᠶᠢ ᠪᠣᠢ ᠪᠣᠯᠭᠠᠪᠠ᠃ ᠭᠤᠸ᠎ᠠ ᠰᠠᠶᠢᠬᠠᠨ ᠭᠡᠷᠡᠯᠲᠦᠭᠦᠯᠬᠦ ᠳ᠋ᠧᠩ ᠤᠨ ᠵᠠᠰᠠᠯ ᠨᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠡᠨᠡᠬᠦ ᠰᠠᠶᠢᠬᠠᠨ ᠦᠵᠡᠮᠵᠢ ᠳᠤ ᠷᠢᠳᠢ ᠰᠢᠳᠢ ᠨᠡᠮᠡᠨ᠎ᠡ᠃                                                           ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3