ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠳᠤ᠂ ᠶᠠᠮᠠᠷ ᠶᠠᠮᠠᠷ ᠭᠠᠷᠳᠠᠮ ᠭᠦᠢᠴᠡᠳᠬᠡᠬᠦ ᠴᠢᠬᠤᠯᠠᠲᠠᠢ ᠪᠣᠢ︖
ᠨᠡᠶᠢᠲᠡᠯᠡᠭᠰᠡᠨ ᠴᠠᠭ᠄
2019-07-27
     ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠳᠤ ᠭᠦᠢᠴᠡᠳᠬᠡᠬᠦ ᠴᠢᠬᠤᠯᠠᠲᠠᠢ ᠭᠠᠷᠳᠠᠮ ᠨᠢ ᠭᠤᠣᠯᠳᠠᠭᠤ ᠳᠣᠣᠷᠠᠬᠢ ᠬᠡᠳᠦᠨ ᠠᠯᠬᠤᠮ ᠪᠣᠯᠤᠨ᠎ᠠ᠄      ᠨᠢᠭᠡ᠂ ᠲᠧᠯᠸᠢᠰ ᠵᠦᠴᠦᠭᠡ ᠦᠢᠯᠡᠳᠬᠦ ᠬᠢᠷᠢ ᠴᠢᠳᠠᠮᠵᠢ ᠣᠯᠣᠭᠰᠠᠨ ᠪᠠᠶᠢᠬᠤ︔      ᠬᠤᠶᠠᠷ᠂ ︽ᠲᠧᠯᠸᠢᠰ ᠵᠦᠴᠦᠭᠡ ᠶᠢᠨ ᠡᠯᠧᠺᠳ᠋ᠷᠤᠨ ᠵᠠᠰᠠᠭ ᠤᠨ ᠶᠠᠪᠤᠳᠠᠯ ᠤᠨ ᠲᠠᠪᠴᠠᠩ︾᠎ ᠳᠤ ᠳᠠᠩᠰᠠᠯᠠᠭᠤᠯᠤᠨ ᠳᠠᠩᠰᠠ ᠪᠠᠶᠢᠭᠤᠯᠤᠭᠰᠠᠨ ᠪᠠᠶᠢᠬᠤ︔      ᠭᠤᠷᠪᠠ᠂ ᠰᠡᠭᠦᠳᠡᠷᠯᠡᠬᠦ ᠲᠧᠯᠸᠢᠰ ᠵᠦᠴᠦᠭᠡ ᠶᠢᠨ ᠰᠡᠳᠦᠪ ᠢᠶᠠᠨ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠪᠠᠷ ᠨᠢᠭᠡᠳᠦᠯᠲᠡᠢ ᠢᠯᠡ ᠨᠡᠶᠢᠲᠡᠯᠡᠭᠦᠯᠥᠨ᠎ᠡ︔      ᠳᠥᠷᠪᠡ᠂ ᠰᠡᠭᠦᠳᠡᠷᠯᠡᠬᠦ ᠵᠥᠪᠰᠢᠶᠡᠷᠡᠯ ᠤᠨ ᠦᠨᠡᠮᠯᠡᠯ ︵ᠨᠢᠭᠡᠳᠦᠭᠡᠷ ᠲᠦᠷᠦᠯ ᠤᠨ ᠦᠨᠡᠮᠯᠡᠯ ᠪᠤᠶᠤ ᠬᠤᠶᠠᠳᠤᠭᠠᠷ ᠲᠦᠷᠦᠯ ᠤᠨ ᠦᠨᠡᠮᠯᠡᠯ︶ ᠣᠯᠣᠭᠰᠠᠨ ᠤ ᠳᠠᠷᠠᠭ᠎ᠠ ᠰᠡᠭᠦᠳᠡᠷᠯᠡᠵᠦ ᠪᠣᠯᠣᠨ᠎ᠠ︔      ᠲᠠᠪᠤ᠂ ᠵᠦᠴᠦᠭᠡ ᠳᠤ ᠬᠡᠷᠪᠡ ᠭᠠᠳᠠᠭᠠᠳᠤ ᠶᠢᠨ ᠭᠤᠣᠯ ᠵᠣᠬᠢᠶᠠᠨ ᠪᠦᠲᠥᠭᠡᠭᠰᠡᠨ ᠠᠵᠢᠯᠲᠠᠨ ᠪᠠ ᠲᠣᠭᠯᠠᠭᠴᠢ ᠪᠠᠶᠢᠪᠠᠯ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠣᠯᠠᠨ ᠤᠯᠤᠰ ᠬᠤᠷᠰᠢᠯᠴᠠᠭᠠᠨ ᠤ ᠵᠤᠷᠭᠠᠨ ᠳᠤ ᠭᠤᠶᠤᠴᠢᠯᠠᠨ ᠴᠣᠬᠤᠯᠠᠪᠤᠷᠢᠯᠠᠭᠤᠯᠤᠨ᠎ᠠ ︵ᠯᠠᠪᠯᠠᠯᠭ᠎ᠠ ᠠᠪᠬᠤ ᠳ᠋ᠢᠶᠠᠩᠬᠤᠸᠠ᠄ ᠭᠤᠣᠯ ᠮᠠᠰᠢᠨ 86093114᠎ ᠪᠠᠷ ᠣᠯᠠᠨ ᠤᠯᠤᠰ ᠤᠨ ᠬᠤᠷᠰᠢᠯᠴᠠᠭᠠᠨ ᠤ ᠵᠤᠷᠭᠠᠨ ᠢ ᠵᠠᠯᠭᠠᠭᠤᠯᠤᠨ᠎ᠠ︶︔      ᠵᠢᠷᠭᠤᠭ᠎ᠠ᠂ ᠨᠢᠭᠡᠨᠲᠡ ᠳᠠᠩᠰᠠᠯᠠᠭᠤᠯᠤᠭᠠᠳ ᠨᠡᠶᠢᠲᠡ ᠳᠤ ᠵᠠᠷᠯᠠᠭᠰᠠᠨ ᠰᠡᠳᠦᠪ ᠲᠤ ᠵᠦᠴᠦᠭᠡ ᠶᠢᠨ ᠭᠠᠷᠴᠠᠭ᠂ ᠪᠦᠯᠦᠭ ᠤᠨ ᠲᠤᠭ᠎ᠠ᠂ ᠦᠢᠯᠡᠳᠬᠦ ᠪᠠᠶᠢᠭᠤᠯᠤᠮᠵᠢ ᠶᠢ ᠬᠤᠪᠢᠷᠠᠭᠠᠬᠤ ᠴᠢᠬᠤᠯᠠᠲᠠᠢ ᠪᠣᠯᠤᠭᠰᠠᠨ ᠪᠣᠯ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠤᠪᠢᠷᠠᠭᠠᠬᠤ ᠭᠤᠶᠤᠴᠢᠯᠠᠯ ᠢᠶᠠᠨ ᠳᠡᠪᠰᠢᠭᠦᠯᠬᠦ ᠬᠡᠷᠡᠭᠲᠡᠢ︔      ᠳᠣᠯᠤᠭ᠎ᠠ᠂ ᠵᠦᠴᠦᠭᠡ ᠶᠢ ᠰᠡᠭᠦᠳᠡᠷᠯᠡᠨ ᠦᠢᠯᠡᠳᠴᠦ ᠳᠠᠭᠤᠰᠬᠠᠭᠰᠠᠨ ᠤ ᠳᠠᠷᠠᠭ᠎ᠠ᠂ ᠵᠦᠴᠦᠭᠡ ᠳᠠᠭᠤᠰᠬᠠᠭᠰᠠᠨ ᠤ ᠬᠢᠨᠠᠨ ᠪᠠᠶᠢᠴᠠᠭᠠᠯᠲᠠ ᠬᠢᠬᠦ ᠳᠤ ᠲᠤᠰᠢᠶᠠᠵᠤ ᠪᠣᠯᠣᠨ᠎ᠠ᠃ ᠬᠢᠨᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠰ ᠵᠦᠴᠦᠭᠡ ᠳᠤ ︽ᠤᠯᠤᠰ ᠲᠠᠭᠠᠨ ᠦᠢᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭᠠᠬᠤ ᠵᠥᠪᠰᠢᠶᠡᠷᠡᠯ ᠤᠨ ᠦᠨᠡᠮᠯᠡᠯ︾ ᠬᠠᠷᠭᠤᠭᠤᠯᠤᠨ ᠣᠯᠭᠤᠪᠠᠯ᠂ ᠲᠠᠷᠬᠠᠭᠠᠨ ᠨᠡᠪᠲᠡᠷᠡᠭᠦᠯᠵᠦ ᠪᠣᠯᠣᠨ᠎ᠠ᠃                                    ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ                                    ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3