ᠮᠠᠨ ᠤ ᠰᠢᠶᠠᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ ᠳᠠᠭᠤᠰᠬᠠᠭᠰᠠᠨ ᠨᠣᠷᠮ᠎ᠠ 100 % ᠳᠤ ᠬᠦᠷᠴᠡᠶ
ᠨᠡᠶᠢᠲᠡᠯᠡᠭᠰᠡᠨ ᠴᠠᠭ᠄
2019-07-29
     2019 ᠣᠨ ᠪᠣᠯ ᠰᠢᠩ ᠾᠧ ᠰᠢᠶᠠᠨ ᠤ ᠶᠠᠳᠠᠭᠤ ᠠᠴᠠ ᠠᠩᠭᠢᠵᠢᠷᠠᠬᠤ ᠵᠠᠩᠭᠢᠯᠠᠭ᠎ᠠ ᠶᠢᠨ ᠨᠢᠭᠡ ᠵᠢᠯ ᠮᠥᠨ ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷ ᠠᠵᠢᠯ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠶᠢ ᠯᠠᠪᠳᠠᠭᠤᠨ ᠪᠠᠲᠤᠲᠠᠶ ᠲᠦᠷᠭᠡᠳᠬᠡᠨ ᠠᠬᠢᠭᠤᠯᠪᠠ᠃      ᠪᠥᠬᠦ ᠵᠢᠯ ᠳᠤ᠂ 2213 ᠶᠠᠳᠠᠭᠤ ᠬᠦᠴᠢᠷᠳᠡᠯᠲᠡᠶ ᠡᠷᠦᠬᠡ ᠶᠢᠨ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ︵ᠳᠠᠩᠰᠠᠯᠠᠵᠤ ᠺᠠᠷᠲᠯᠠᠭᠰᠠᠨ 317 ᠡᠷᠦᠬᠡ︶ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ ᠪᠤᠢ᠃ ᠣᠳᠣᠬᠠᠨ ᠪᠣᠯᠲᠠᠯ᠎ᠠ᠂ ᠪᠦᠭᠦᠳᠡ ᠪᠠᠷᠢᠯᠭ᠎ᠠ ᠳᠠᠭᠤᠰᠴᠣ᠂ ᠪᠠᠷᠢᠯᠭ᠎ᠠ ᠳᠠᠭᠤᠰᠤᠭᠰᠠᠨ ᠨᠣᠷᠮ᠎ᠠ ᠨᠢ 100 % ᠳᠤ ᠬᠦᠷᠴᠦ᠂ 1556 ᠡᠷᠦᠬᠡ ᠶᠢᠨ ᠰᠦᠯᠵᠢᠶᠡᠨ  ᠳᠤ ᠣᠷᠣᠭᠤᠯᠬᠤ ᠶᠢ ᠪᠡᠶᠡᠯᠡᠭᠦᠯᠵᠦ᠂ ᠲᠦᠯᠦᠪᠯᠡᠭᠡ ᠪᠠᠷ 8 ᠰᠠᠷ᠎ᠠ ᠶᠢᠨ ᠰᠡᠭᠦᠯᠴᠢ ᠪᠠᠷ ᠪᠦᠬᠦᠨ ᠢ ᠰᠦᠯᠵᠢᠶᠡᠨ ᠳᠤ ᠣᠷᠣᠭᠤᠯᠵᠤ ᠳᠠᠭᠤᠰᠬᠠᠨ᠎ᠠ᠃                                                        ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3