ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠡ
ᠨᠡᠶᠢᠲᠡᠯᠡᠭᠰᠡᠨ ᠴᠠᠭ᠄
2019-07-04
ᠭᠤᠣᠯ ᠡᠭᠦᠷᠭᠡ ᠪᠠ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠲᠥᠯᠥᠪᠵᠢᠭᠦᠯᠭᠡ ᠶᠢ ᠲᠣᠣᠱᠯᠠᠭᠤᠯᠣᠨ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠠᠵᠢᠯ ᠲᠥᠷᠥᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠣᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠠᠭᠠᠨ ᠤ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠠᠵᠢᠯ ᠲᠥᠷᠥᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃      ︵ᠬᠤᠶᠠᠷ︶ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠳᠤ ᠬᠤᠯᠪᠣᠭᠳᠠᠬᠤ ᠲᠥᠯᠥᠪᠵᠢᠭᠦᠯᠭᠡ ᠶᠢ ᠵᠣᠬᠢᠴᠠᠭᠤᠯᠬᠤ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ᠂ ᠵᠠᠮ ᠲᠡᠭᠡᠭᠡᠪᠦᠷᠢ ᠶᠢᠨ ᠵᠠᠩᠭᠢᠯᠠᠭ᠎ᠠ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃      ︵ᠭᠤᠷᠪᠠ︶ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠤᠯ ᠪᠣᠯᠬᠤ ᠡᠳ᠋ ᠪᠠᠷᠠᠭ᠎ᠠ ᠶᠢᠨ ᠲᠡᠭᠡᠭᠡᠪᠦᠷᠢ ᠪᠣᠯᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠪᠠᠴᠢᠮ ᠠᠵᠢᠯ ᠲᠥᠷᠥᠯ ᠤᠨ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ᠃      ︵ᠳᠦᠷᠪᠡ︶ ᠭᠤᠣᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ᠂ ᠵᠠᠮ ᠤᠨ ᠶᠠᠪᠤᠳᠠᠯ ᠤᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ᠂ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠪᠡᠯᠡ ᠮᠥᠩᠭᠦ ᠶᠢᠨ ᠬᠢᠨᠠᠨ ᠬᠠᠮᠢᠶᠠᠷᠤᠯᠲᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠮ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠵᠠᠰᠠᠮᠠᠯ ᠵᠠᠮ ᠬᠢᠭᠡᠳ ᠲᠡᠭᠦᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ᠎ᠠ᠃      ︵ᠲᠠᠪᠤ︶ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠣᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠣᠷᠣᠯᠴᠠᠨ᠎ᠠ᠃      ︵ᠵᠢᠷᠭᠤᠭ᠎ᠠ︶ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠲᠡᠭᠡᠭᠡᠪᠦᠷᠢ ᠶᠢᠨ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ ᠵᠡᠷᠭᠡ ᠳᠤ ᠳᠣᠮᠲᠠ ᠤᠷᠳᠤ ᠬᠤᠭᠤᠴᠠᠭᠠᠨ ᠤ ᠲᠥᠯᠥᠪᠯᠡᠭᠡ ᠵᠢᠴᠢ ᠲᠣᠬᠢᠷᠠᠭᠤᠯᠤᠯᠲᠠ ᠶᠢᠨ ᠣᠨ ᠤ ᠲᠥᠯᠥᠪᠯᠡᠭᠡ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃      ︵ᠳᠣᠯᠤᠭ᠎ᠠ︶ ᠵᠠᠮ ᠬᠠᠷᠢᠯᠴᠠᠭ᠎ᠠ ᠶᠢᠨ ᠠᠯᠪᠠᠨ ᠭᠡᠷ ᠤᠨ ᠡᠳᠦᠷ ᠳᠣᠳᠥᠮ ᠤᠨ ᠠᠵᠢᠯ ᠢ ᠡᠭᠦᠷᠭᠡᠯᠡᠨ᠎ᠡ᠃᡾      ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠨ ᠵᠠᠳᠠᠯᠤᠨ ᠰᠢᠨᠵᠢᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠣᠷᠴᠢᠨ ᠠᠬᠤᠢ ᠶᠢᠨ ᠬᠠᠮᠠᠭᠠᠯᠠᠯᠲᠠ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃      ︵ᠶᠢᠰᠦ︶ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢᠨ ᠲᠥᠯᠥᠪᠵᠢᠭᠦᠯᠭᠡ ᠶᠢ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠵᠣᠯᠭᠠᠭᠤᠯᠬᠤ ᠶᠢ ᠠᠬᠢᠭᠤᠯᠵᠤ᠂ ᠳᠥᠭᠦᠮ ᠳᠥᠲᠡ᠂ ᠰᠠᠭᠠᠳ ᠥᠬᠡᠶ᠂ ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢ ᠲᠦᠷᠭᠡᠳᠬᠡᠨ ᠪᠤᠢ ᠪᠣᠯᠭᠠᠵᠤ᠂ ᠪᠠᠷᠠᠭᠠᠨ ᠤ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      ︵ᠠᠷᠪᠠ︶ ᠪᠦᠬᠦ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᡾      ︵ᠠᠷᠪᠠᠨ ᠨᠢᠭᠡ︶ ᠣᠷᠣᠨ ᠪᠦᠰᠡ ᠪᠣᠯᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠵᠣᠬᠢᠴᠠᠩᠭᠤᠶ ᠪᠠᠷ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠵᠦ᠂ ᠣᠷᠣᠨ ᠪᠦᠰᠡ ᠪᠣᠯᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠨ ᠠᠬᠢᠭᠤᠯᠣᠨ᠎ᠠ᠃      ︵ᠠᠷᠪᠠᠨ ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠪᠣᠯᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠶᠣᠯᠭᠦᠢ ᠦᠢᠯᠡᠳᠪᠦᠷᠢᠯᠡᠯ ᠵᠢᠴᠢ ᠵᠠᠮ ᠬᠠᠷᠢᠯᠴᠠᠭᠠᠨ ᠤ ᠠᠵᠢᠯ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠬᠤᠯᠪᠣᠭᠳᠠᠬᠤ ᠬᠠᠮᠢᠶᠠᠷᠤᠯᠲᠠ ᠶᠢ ᠵᠢᠯᠣᠭᠤᠳᠤᠨ᠎ᠠ᠃      ︵ᠠᠷᠪᠠᠨ ᠭᠤᠷᠪᠠ︶ ᠵᠠᠮ ᠬᠠᠷᠢᠯᠴᠠᠭᠠᠨ ᠤ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃      ︵ᠠᠷᠪᠠᠨ ᠳᠦᠷᠪᠡ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠠᠪᠴᠤ ᠭᠦᠢᠴᠡᠳᠬᠡᠨ᠎ᠡ᠃ ᠬᠠᠷᠢᠯᠴᠠᠬᠤ ᠤᠲᠠᠰᠤ᠄ 0474 — 7212044                                                  ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3