ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2019-08-13
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠡᠨ ᠬᠦ ᠠᠬᠢᠭᠤᠯᠵᠤ᠂ ᠥᠷᠭᠡᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 8 ᠰᠠᠷ᠎ᠠ ᠶᠢᠨ 8 ᠤ ᠡᠳᠦᠷ᠂ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠦ᠂ ᠱᠢ ᠶᠣᠣ ᠭᠸᠤ᠂ ᠪᠠᠶ ᠵᠢᠶᠠ ᠶᠢᠩ ᠬᠤᠶᠠᠷ ᠲᠣᠰᠬᠤᠨ ᠳᠤ ᠭᠦᠨᠵᠡᠭᠡᠶᠢᠷᠡᠨ ︽ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠲᠦᠮᠡᠨ ᠡᠷᠦᠬᠡ ᠳᠤ ᠬᠦᠷᠭᠡᠬᠦ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃
     ᠲᠣᠰ ᠤᠳᠠᠭᠠᠨ ᠤ ᠬᠦᠳᠡᠯᠭᠡᠭᠡᠨ ᠳᠤ᠂ ᠲᠣᠭᠯᠠᠯᠲᠠ ᠨᠢ ᠡᠯᠪᠡᠭ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠦ᠂ ᠤᠷᠠᠨ ᠰᠠᠶᠢᠬᠠᠨ ᠤ ᠲᠣᠭᠯᠠᠯᠲᠠ᠂ ᠱᠠᠩᠨᠠᠯ ᠲᠠᠢ ᠠᠰᠠᠭᠤᠯᠲᠠ ᠬᠠᠷᠢᠭᠤᠯᠬᠤ ᠬᠡᠯᠪᠡᠷᠢ ᠪᠠᠷ ᠨᠠᠮ ᠤᠨ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠠᠷᠠᠳ ᠣᠯᠠᠨ ᠤ ᠰᠡᠳᠬᠢᠯ ᠳᠤ ᠳᠠᠮᠵᠢᠭᠤᠯᠪᠠ᠃ ᠢᠷᠠᠭᠤ ᠰᠠᠶᠢᠬᠠᠨ ᠳᠠᠭᠤᠣ ᠬᠦᠭᠵᠢᠮ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠰᠦᠷ ᠵᠢᠪᠬᠤᠭ᠎ᠠ ᠶᠢ ᠬᠠᠩᠭᠢᠨᠠᠭᠤᠯᠵᠣ᠂ ᠪᠠᠶᠠᠷ ᠪᠠᠶᠠᠰᠬᠤᠯᠠᠩᠲᠤ ᠪᠥᠵᠢᠭ ᠨᠢ ᠠᠷᠠᠳ ᠣᠯᠠᠨ ᠤ ᠶᠠᠳᠠᠭᠤ ᠠᠴᠠ ᠠᠩᠭᠢᠵᠢᠷᠠᠬᠤ ᠵᠠᠮ ᠳᠠᠬᠢ ᠰᠦᠷ ᠰᠦᠯᠳᠡ ᠪᠠᠳᠠᠷᠠᠨ ᠴᠢᠨᠡᠭᠡᠯᠢᠭᠵᠢᠬᠦ ᠴᠤᠭ ᠵᠢᠪᠬᠤᠭ᠎ᠠ ᠶᠢ ᠢᠯᠡᠷᠡᠭᠦᠯᠵᠡᠶ᠃
     ᠲᠣᠭᠯᠠᠯᠲᠠ ᠶᠢᠨ ᠲᠣᠮᠲᠡ᠂ ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠱᠠᠩᠨᠠᠯ ᠲᠠᠢ ᠠᠰᠠᠭᠤᠯᠲᠠ ᠬᠠᠷᠢᠭᠤᠯᠬᠤ ᠬᠦᠳᠡᠯᠭᠡᠭᠡᠨ ᠦᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠤᠷᠤᠯᠴᠠᠬᠤ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠪᠡ᠃ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠬᠠᠷᠢᠭᠤᠴᠠᠯᠭᠠᠲᠠᠨ ᠪᠠ ᠱᠢ ᠶᠣᠣ ᠭᠸᠦ᠂ ᠪᠠᠶ ᠵᠢᠶᠠ ᠶᠢᠩ ᠤᠨ ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ ᠲᠤᠬᠠᠶ ᠶᠢᠨ ᠲᠠᠯᠠᠪᠠᠢ ᠳᠤ 40 ᠬᠤᠪᠢ ᠴᠠᠬᠢᠯᠭᠠᠨ ᠤᠰᠤ ᠬᠠᠯᠠᠭᠤᠯᠬᠤ ᠳᠡᠪᠦᠷ᠎ᠡ ᠲᠠᠷᠬᠠᠭᠠᠪᠠ᠃ ᠱᠠᠩᠨᠠᠯ ᠣᠯᠤᠭᠰᠠᠨ ᠨᠤᠲᠤᠭ ᠤᠨ ᠠᠭ᠎ᠠ ᠳᠡᠭᠦᠤ ᠨᠡᠷ ᠶᠡᠬᠡᠲᠡ ᠲᠠᠯᠠᠷᠬᠠᠵᠤ᠂ ᠨᠠᠮ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢᠨ ᠳᠣᠷᠣᠨ᠎ᠠ ᠶᠢᠨ ᠰᠠᠯᠬᠢᠨ ᠢ ᠠᠰᠢᠭᠯᠠᠵᠤ᠂ ᠦᠢᠯᠡᠳᠪᠦᠷᠢᠯᠡᠯ ᠢᠶᠠᠨ ᠴᠢᠷᠮᠠᠶᠢᠨ ᠬᠥᠭᠵᠢᠭᠦᠯᠵᠦ᠂ ᠳᠦᠷᠰᠦ ᠪᠠᠶᠢᠳᠠᠯ ᠢᠶᠠᠨ ᠬᠤᠪᠢᠷᠠᠭᠤᠯᠵᠤ᠂ ᠪᠦᠬᠦ ᠤᠯᠤᠰ ᠤᠨ ᠠᠷᠠᠳ ᠲᠦᠮᠡᠨ ᠲᠠᠢ ᠬᠠᠮᠲᠤᠪᠠᠷ ᠴᠢᠨᠡᠭᠡᠯᠢᠭ ᠨᠡᠶᠢᠭᠡᠮ ᠢ ᠴᠣᠭᠴᠠᠯᠠᠨ᠎ᠠ ᠭᠡᠵᠦ ᠢᠯᠡᠳᠬᠡᠪᠡ᠃      ᠲᠣᠰ ᠣᠳᠠᠭᠠᠨ ᠤ ᠬᠦᠳᠡᠯᠭᠡᠭᠡᠨ ᠨᠢ ᠶᠠᠳᠠᠭᠤ ᠶᠢ ᠲᠡᠳᠬᠦᠬᠦ ᠤᠯᠤᠰ ᠲᠥᠷᠦ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠥᠷᠭᠡᠳᠬᠡᠵᠦ᠂ ᠱᠢ ᠶᠣᠣ ᠭᠸᠦ᠂ ᠪᠠᠶ ᠵᠢᠶᠠ ᠶᠢᠩ ᠲᠣᠰᠬᠤᠨ ᠤ ᠣᠯᠠᠨ ᠲᠦᠮᠡᠨ ᠤ ᠠᠵᠢᠯ ᠶᠢᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠪᠣᠯᠣᠨ ᠲᠣᠰᠬᠤᠨ ᠤ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠪᠠ᠃                                                        ᠵᠣᠬᠢᠶᠠᠭᠴᠢ᠄ ᠶᠠᠨ ᠬᠤᠣ                                                      ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3