ᠰᠢᠩ ᠾᠧ ᠰᠢᠶᠠᠨ ᠤ ᠰᠣᠮᠣᠨ ᠠᠭᠤᠯᠠ ᠣᠢ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠣᠷᠣᠨ ᠤ ᠶᠡᠭᠡ ᠡᠭᠦᠳᠡ ᠶᠢ ᠭᠠᠳᠠᠭᠰᠢ ᠰᠢᠯᠵᠢᠭᠦᠯᠬᠦ ᠠᠵᠢᠯ ᠡᠬᠢᠯᠡᠭᠦᠯᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-08-15
     8 ᠰᠠᠷ᠎ᠠ ᠶᠢᠨ 9᠎ ᠤ ᠡᠳᠦᠷ᠂ ᠰᠢᠩ ᠾᠧ ᠰᠢᠶᠠᠨ ᠤ ᠰᠣᠮᠣᠨ ᠠᠭᠤᠯᠠ ᠣᠢ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠣᠷᠣᠨ ᠤ ᠶᠡᠭᠡ ᠡᠭᠦᠳᠡ ᠶᠢ ᠭᠠᠳᠠᠭᠰᠢ ᠰᠢᠯᠵᠢᠭᠦᠯᠬᠦ ᠠᠵᠢᠯ ᠡᠬᠢᠯᠡᠭᠦᠯᠬᠦ ᠶᠣᠰᠣᠯᠠᠯ ᠶᠠᠪᠤᠭᠤᠯᠵᠤ᠂ ᠦᠵᠡᠮᠵᠢ ᠶᠢᠨ ᠣᠷᠣᠨ ᠤ ᠶᠡᠭᠡ ᠡᠭᠦᠳᠡ ᠶᠢ ᠯᠦ ᠵᠢᠶᠠ ᠶᠢᠩ ᠲᠣᠰᠬᠤᠨ ᠤ ᠪᠠᠷᠠᠭᠤᠨ ᠬᠡᠰᠡᠭ ᠲᠤ ᠰᠢᠯᠵᠢᠭᠦᠯᠵᠦ᠂ ᠰᠢᠩ ᠾᠧ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠣᠮᠣᠨ ᠠᠭᠤᠯᠠ ᠶᠢᠨ ᠦᠵᠡᠮᠵᠢ ᠶᠢᠨ ᠣᠷᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃      ᠡᠨᠡ ᠵᠢᠯ ᠠᠴᠠ ᠨᠠᠰᠢ᠂ ᠰᠢᠩ ᠾᠧ ᠰᠢᠶᠠᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠪᠠᠷ ᠶᠡᠷᠦᠩᠬᠡᠢ ᠵᠢᠯᠣᠭᠤᠳᠣᠯᠭ᠎ᠠ ᠪᠣᠯᠭᠠᠨ᠂ ᠰᠤᠮᠤᠨ ᠠᠭᠤᠯᠠ ᠶᠢᠨ 4A ᠲᠡᠰ ᠤᠨ ᠵᠢᠭᠤᠯᠴᠢᠯᠠᠯ ᠢ ᠭᠦᠢᠴᠡᠳ ᠠᠰᠢᠭᠯᠠ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠠᠮᠢ ᠠᠬᠤᠶ᠂ ᠵᠤᠭᠠᠴᠠᠯ᠂ ᠶᠠᠳᠠᠭᠤ ᠶᠢ ᠲᠡᠳᠬᠦᠬᠦ ᠶᠢ ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠰᠢᠭᠤᠯᠤᠨ᠂ ᠡᠷᠭᠢᠨ ᠲᠣᠭᠤᠷᠢᠨ ᠤ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ᠂ ᠵᠤᠭᠠᠴᠠᠯ ᠤᠨ ᠬᠠᠮᠢᠶ᠎ᠠ ᠪᠦᠬᠦᠢ ᠠᠵᠤ ᠦᠢᠯᠡᠰ ᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠵᠣᠷᠢᠪᠠ᠃      ᠰᠣᠮᠣᠨ ᠠᠭᠤᠯᠠ ᠶᠢᠨ ᠦᠵᠡᠮᠵᠢ ᠶᠢᠨ ᠣᠷᠣᠨ ᠤ ᠲᠣᠮᠣ ᠡᠭᠦᠳᠡ ᠶᠢ ᠭᠠᠳᠠᠭᠰᠢ ᠰᠢᠯᠵᠢᠬᠦ ᠪᠣᠯ ︽ᠦᠵᠡᠮᠵᠢ ᠶᠢᠨ ᠣᠷᠣᠨ ᠢᠶᠠᠷ ᠲᠣᠰᠬᠤᠨ ᠢ ᠳᠠᠭᠠᠭᠤᠯᠬᠤ᠂ ᠴᠢᠳᠠᠯᠲᠠᠨ ᠢᠶᠠᠷ ᠡᠷᠦᠬᠡ ᠶᠢ ᠳᠠᠭᠠᠭᠤᠯᠬᠤ︾ ᠭᠡᠬᠦ ᠵᠤᠭᠠᠴᠠᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯ ᠤᠳᠤᠷᠢᠳᠤᠮᠵᠢ ᠪᠣᠯᠭᠠᠵᠤ᠂ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠣᠯᠲᠠ ᠶᠢᠨ ᠡᠵᠡᠩᠨᠡᠯᠲᠡ ᠳᠤ ᠲᠦᠰᠢᠭᠯᠡᠨ᠂ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠲᠣᠰᠬᠤᠨ ᠤ ᠠᠷᠠᠳ ᠤᠨ ᠠᠵᠢᠯ ᠦᠢᠯᠡᠰ ᠪᠣᠰᠬᠠᠬᠤ ᠶᠢ ᠳᠠᠶᠢᠴᠢᠯᠠᠵᠤ᠂ ᠠᠵᠢᠯ ᠦᠢᠯᠡᠰ ᠪᠣᠰᠬᠠᠬᠤ ᠬᠡᠪᠴᠢᠶ᠎ᠡ ᠶᠢ ᠦᠷᠭᠡᠳᠬᠡᠪᠡ᠃ ᠢᠳᠡᠭᠡᠨ ᠤᠮᠳᠠᠭᠠᠨ᠂ ᠠᠷᠠᠳ ᠤᠨ ᠪᠠᠭᠤᠳᠠᠯ᠂ ᠪᠠᠷᠠᠭ᠎ᠠ ᠬᠤᠳᠠᠯᠳᠤᠭ᠎ᠠ ᠵᠡᠷᠭᠡ ᠬᠠᠮᠢᠶ᠎ᠠ ᠪᠦᠬᠦᠢ ᠠᠵᠤ ᠠᠬᠤᠶᠢᠯᠠᠯ ᠤᠨ ᠬᠥᠭᠵᠢᠯᠲᠡ ᠢ ᠠᠬᠢᠭᠤᠯᠵᠦ᠂ ᠲᠣᠰᠬᠤᠨ ᠤ ᠠᠷᠠᠳ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃                                              ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3