| | | | | ᠰᠤᠷᠪᠤᠯᠵᠢᠯᠠᠭᠰᠠᠨ ᠴᠠᠭ᠄ | 2018 ᠣᠨ ᠤ 12 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ | | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ | | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ | ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ | ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ | ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠵᠤ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ | ᠪᠣᠯᠣᠯ᠎ᠠ᠃ | | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ | ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ | ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠠᠨᠠᠯ | ᠰᠣᠯᠢᠯᠴᠠᠭᠤᠯᠬᠤ ᠪᠠᠷ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠨ | ᠠᠪᠴᠢᠷᠠᠪᠠ᠃ ᠴᠢ ᠡᠷᠬᠢᠯᠡᠭᠴᠢ ᠰᠠᠶᠢᠨ ᠪᠠᠶᠢᠨ᠎ᠠ ᠦᠦ︖ | | ᠴᠢ ᠶᠢᠨ ᠢᠦᠢ᠄ | ᠬᠥᠲᠥᠯᠥᠭᠴᠢ ᠰᠠᠶᠢᠨ ᠪᠠᠶᠢᠨ᠎ᠠ ᠦᠦ︖ | | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠳᠤ᠂ ᠦᠨᠳᠦᠰᠦᠨ ᠵᠦᠢᠯ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠳᠦᠷᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ ᠳᠤ ᠪᠠᠶᠢᠳᠠᠭ ᠭᠡᠵᠦ ᠴᠢᠬᠤᠯᠠᠴᠢᠯᠠᠪᠠ᠃ ᠲᠡᠭᠡᠪᠡᠯ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ ᠠᠵᠢᠯ ᠳᠤ ᠪᠠᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠡᠷᠬᠢᠨ ᠪᠠᠷᠢᠮᠲᠠᠯᠠᠬᠤ ᠪᠠ ᠲᠡᠭᠦᠯᠳᠡᠷᠵᠢᠭᠦᠯᠬᠦ ᠪᠣᠢ︖ | | | ᠴᠢ ᠶᠢᠨ ᠢᠦᠢ᠄ | ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠣᠶᠢᠯᠠᠭᠠᠨ᠂ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠬᠤᠶᠠᠷ ᠲᠤ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠪᠠ ᠰᠠᠶᠢᠲᠤᠷ ᠬᠡᠷᠡᠭᠵᠢᠭᠦᠯᠦᠨ᠎ᠡ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠵᠢᠯᠴᠠᠵᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠴᠢᠳᠠᠪᠤᠷᠢᠲᠠᠨ ᠪᠠ | ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠬᠢᠨ᠎ᠡ᠃ | ᠳᠥᠷᠪᠡ ᠳᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ | ᠭᠠᠳᠠᠭᠤᠷᠴᠢᠯᠠᠯ ᠤᠨ ᠴᠢᠨᠠᠷᠲᠠᠢ ᠦᠭᠡ ᠶᠠᠷᠢᠶ᠎ᠠ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠰᠠᠨ | ᠵᠠᠯᠠᠷᠠᠭᠤᠯᠤᠨ᠎ᠠ᠃ | | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠦᠨᠳᠦᠰᠦᠲᠡᠨ ᠤ ᠬᠡᠷᠡᠭ | ᠶᠠᠪᠤᠳᠠᠯ ᠳᠤ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠶᠢᠨ ᠪᠠᠶᠢᠭᠤᠯᠤᠯᠲᠠ ᠪᠠᠨ ᠬᠡᠷᠬᠢᠨ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠣᠢ︖ | | ᠴᠢ ᠶᠢᠨ ᠢᠦᠢ᠄ | ᠨᠢᠭᠡ ᠳᠤ᠂ ᠦᠨᠳᠦᠰᠦᠨ ᠬᠠᠤᠯᠢ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ | ᠰᠤᠷᠤᠯᠴᠠᠯᠭ᠎ᠠ ᠶᠢ ᠴᠢᠩᠭᠠᠳᠬᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠵᠦ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠰᠠᠨᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ ᠲᠤ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠪᠦᠷᠢᠨᠰᠢᠭᠦᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠠᠯᠤ ᠶᠢᠨ ᠢᠳᠡᠭᠡᠨ ᠤ ᠳᠦᠷᠢᠮ︾ ᠵᠡᠷᠭᠡ ᠣᠷᠣᠨ ᠨᠤᠲᠤᠭ ᠤᠨ | ᠬᠠᠤᠯᠢ ᠲᠣᠭᠲᠠᠭᠠᠯ ᠢ ᠲᠣᠭᠲᠠᠭᠠᠬᠤ ᠶᠢ ᠢᠳᠡᠪᠬᠢᠲᠡᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠣᠩᠭᠤᠯ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠤᠨ ᠲᠥᠬᠦᠷ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠲᠣᠭᠲᠠᠭᠠᠨ ᠨᠡᠶᠢᠲᠡᠯᠡᠬᠦ ᠶᠢ ᠢᠳᠡᠪᠬᠢᠲᠡᠢ ᠠᠬᠢᠭᠤᠯᠵᠤ᠂ ᠡᠯ᠎ᠡ ᠭᠠᠵᠠᠷ ᠤᠨ ᠬᠢᠨ ᠤ ᠦᠨᠳᠦᠰᠦᠲᠡᠨ ᠤ | ᠪᠦᠯᠬᠦᠮᠳᠡᠯ ᠢ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠳᠦᠷᠢᠮ᠂ ᠣᠷᠣᠨ ᠨᠤᠲᠤᠭ ᠤᠨ ᠲᠣᠭᠲᠠᠭᠠᠯ ᠳᠦᠷᠢᠮ ᠳᠤ ᠪᠠᠨ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ | ᠭᠤᠷᠪᠠ ᠳᠤ᠂ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ | ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠠᠰᠢᠭ ᠲᠤᠰᠠ ᠶᠢᠨ ᠭᠤᠮᠣᠳᠠᠯ ᠲᠣᠭᠠᠴᠢᠯᠲᠠ ᠪᠠᠨ ᠬᠠᠤᠯᠢ | ᠶᠣᠰᠣᠭᠠᠷ ᠢᠯᠡᠳᠬᠡᠬᠦ ᠠᠷᠭ᠎ᠠ ᠵᠠᠮ ᠢ ᠰᠢᠯᠤᠭᠤᠬᠠᠨ ᠨᠡᠪᠲᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ | ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠳᠥᠷᠪᠡ ᠳᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠮᠥᠷᠭᠦᠯᠳᠦᠭᠡᠨ ᠢ | ᠵᠢᠭᠰᠠᠭᠠᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠨ᠂ ᠦᠨᠳᠦᠰᠦᠲᠡᠨ ᠤ ᠬᠠᠷᠢᠴᠠᠭ᠎ᠠ ᠶᠢ ᠬᠢᠨᠠᠨ ᠰᠢᠨᠵᠢᠵᠦ | ᠦᠨᠡᠯᠡᠨ ᠵᠢᠱᠢᠬᠦ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ | ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠨ᠎ᠡ᠃ | | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ ᠶᠢᠨ ᠰᠠᠭᠤᠷᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠰᠠᠶᠢᠲᠤᠷ ᠬᠢᠵᠦ᠂ | ᠦᠨᠳᠦᠰᠦᠲᠡᠨ ᠨᠦᠭᠦᠳ ᠤᠨ ᠣᠶᠣᠨ ᠰᠠᠨᠠᠭᠠᠨ ᠤ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠬᠤ ᠳᠤ ᠪᠠᠶᠢᠳᠠᠭ | ᠭᠡᠵᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ | ᠠᠵᠢᠯ ᠳᠤ ᠪᠠᠨ ᠡᠨᠡ ᠬᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠢ︖ | | ᠴᠢ ᠶᠢᠨ ᠢᠦᠢ᠄ | ᠨᠢᠭᠡ ᠳᠤ᠂ ᠣᠯᠠᠨ ᠵᠦᠢᠯ ᠤᠨ ᠬᠡᠯᠪᠡᠷᠢ ᠪᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ | ᠬᠥᠮᠥᠵᠢᠯ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ᠂ ᠪᠠᠶᠠᠷ | ᠳᠤᠷᠠᠰᠬᠠᠯ ᠤᠨ ᠡᠳᠦᠷ ᠤᠨ ᠠᠵᠢᠯᠯᠠᠭᠠᠨ ᠵᠡᠷᠭᠡ ᠠᠴᠢᠶᠠᠯᠠᠭᠴᠢ ᠶᠢᠨ ᠲᠠᠪᠴᠠᠩ ᠢᠶᠠᠷ ᠳᠠᠮᠵᠢᠭᠤᠯᠤᠨ᠂ ᠨᠠᠮ ᠤᠨ | ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠬᠥᠮᠥᠵᠢᠯ ᠢ ᠭᠦᠨᠵᠡᠭᠡᠢ ᠥᠷᠨᠢᠭᠦᠯᠵᠦ᠂ ᠤᠬᠠᠭᠤᠯᠭ᠎ᠠ ᠬᠥᠮᠥᠵᠢᠯ ᠤᠨ ᠴᠢᠭᠯᠡᠯᠲᠦ | ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠤᠨ᠎ᠠ᠃ ᠵᠠᠭᠤᠴᠢᠯᠠᠭᠤᠷ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠠᠮᠵᠢᠯᠠᠯᠲᠤ ᠵᠠᠭᠤᠴᠢᠯᠠᠭᠤᠷ ᠤᠨ ᠦᠢᠯᠡᠳᠦᠯ ᠢ ᠦᠷᠭᠦᠯᠵᠢᠯᠡᠨ ᠰᠠᠶᠢᠲᠤᠷ | ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ ᠵᠠᠭᠤᠴᠢᠯᠠᠭᠤᠷ ᠢ ᠢᠳᠡᠪᠬᠢᠲᠡᠢ ᠳᠡᠯᠭᠡᠷᠡᠭᠦᠯᠬᠦ ᠪᠠ ᠠᠰᠢᠭᠯᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠂ ︽ | ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠤᠨ᠎ᠠ᠃ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠨᠥᠬᠦᠷᠰᠡᠭ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ | ᠤᠯᠤᠰ ᠤᠨ ᠬᠦᠰᠡᠯ ᠵᠡᠭᠦᠳᠦ ᠶᠢ ᠬᠠᠮᠲᠤ ᠪᠠᠷ ᠴᠣᠭᠴᠠᠯᠠᠶ᠎ᠠ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ | ᠪᠦᠯᠬᠦᠮᠳᠡᠨ ᠨᠢᠭᠡᠳᠴᠦ ᠴᠢᠷᠮᠠᠶᠢᠨ ᠲᠡᠮᠡᠴᠡᠶ᠎ᠡ︾ ︽ᠭᠠᠷ ᠭᠠᠷ ᠢᠶᠠᠨ ᠬᠤᠯᠪᠣᠯᠴᠠᠨ︾ ︽ᠰᠡᠳᠬᠢᠯ ᠢᠶᠠᠨ ᠨᠢᠭᠡᠳᠬᠡᠶ᠎ᠡ | ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠭᠤᠣᠯ ᠰᠡᠳᠦᠪᠲᠦ ᠬᠥᠮᠥᠵᠢᠯ ᠢ ᠥᠷᠭᠡᠨ | ᠳᠡᠯᠭᠡᠷ ᠥᠷᠨᠢᠭᠦᠯᠦᠨ᠎ᠡ᠃ | ᠬᠤᠶᠠᠷ ᠲᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠦᠨ | ᠦᠢᠯᠡᠳᠦᠯᠭᠡᠵᠢᠭᠦᠯᠬᠦ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠷᠭᠠᠨᠢᠭ ᠢᠶᠠᠷ | ᠨᠢᠭᠡᠳᠦᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠯᠠᠨ ᠲᠦᠮᠡᠨᠴᠢ ᠴᠢᠨᠠᠷᠲᠠᠢ | ᠣᠶᠣᠨ ᠤ ᠪᠣᠯᠪᠠᠰᠤᠨ ᠤ ᠡᠭᠦᠳᠦᠨ ᠪᠠᠶᠢᠭᠤᠯᠬᠤ ᠠᠵᠢᠯᠯᠠᠭᠠᠨ ᠳᠤ ᠠᠭᠤᠰᠤᠯᠴᠠᠭᠤᠯᠤᠨ᠎ᠠ᠃ ᠡᠨᠡ ᠵᠢᠯ ᠤᠨ | ᠠᠵᠢᠯᠯᠠᠭᠠᠨ ᠤ ᠰᠠᠷ᠎ᠠ ᠶᠢᠨ ᠬᠤᠭᠤᠴᠠᠭᠠᠨ ᠳᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ | ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ | ᠯᠠᠪᠳᠠᠭᠤᠨ ᠪᠠᠲᠤᠲᠠᠢ ᠠᠬᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠬᠤᠶᠢᠰᠢᠳᠠ ᠶᠢᠨ ᠵᠢᠯ ᠪᠦᠷᠢ ᠶᠢᠨ ᠠᠵᠢᠯᠯᠠᠭᠠᠨ ᠤ ᠰᠠᠷ᠎ᠠ ᠳᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ | ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ | ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠥᠯᠢᠭᠡᠷ ᠵᠢᠱᠢᠶ᠎ᠡ ᠶᠢ ᠰᠠᠶᠢᠲᠤᠷ ᠶᠠᠷᠢᠭᠤᠯᠤᠨ᠂ ᠲᠣᠭᠤᠷᠢᠨ ᠦᠵᠡᠭᠴᠢ ᠨᠢᠭᠡᠪᠦᠷᠢ ᠳᠤ | ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨᠵᠡᠭᠡᠢ ᠬᠥᠮᠥᠵᠢᠯ ᠢ ᠬᠦᠷᠲᠡᠭᠡᠨ᠎ᠡ᠃ | | ᠬᠥᠲᠥᠯᠥᠭᠴᠢ᠄ | ᠨᠢᠳᠤᠨᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠤᠨ ᠬᠤᠷᠠᠯ ᠢ ᠥᠪᠥᠷ ᠮᠣᠩᠭᠤᠯ ᠳᠤ ᠬᠤᠷᠠᠯᠳᠤᠭᠤᠯᠪᠠ | ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠬᠠᠢ ᠶᠢᠨ ᠲᠠᠯᠠᠪᠤᠷ ᠤᠨ | ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠬᠢᠯᠡᠯᠲᠡ ᠶᠢᠨ | ᠴᠡᠭ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ | ᠦᠷᠭᠦᠯᠵᠢᠯᠡᠨ ᠠᠬᠢᠭᠤᠯᠬᠤ ᠪᠣᠢ︖ | | ᠴᠢ ᠶᠢᠨ ᠢᠦᠢ᠄ | ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠂ ᠡᠯ᠎ᠡ ᠱᠠᠲᠤᠨ ᠤ ᠬᠢᠨ ᠤ ᠨᠠᠮ ᠤᠨ ᠬᠤᠷᠢᠶ᠎ᠠ ᠠᠴᠠ ᠤᠳᠤᠷᠢᠳᠤᠭᠰᠠᠨ᠂ | ᠵᠠᠰᠠᠭ ᠤᠨ ᠣᠷᠳᠣᠨ ᠠᠴᠠ ᠬᠠᠷᠢᠭᠤᠴᠠᠭᠰᠠᠨ᠂ ᠨᠡᠶᠢᠭᠡᠮ ᠠᠴᠠ ᠬᠠᠮᠵᠢᠯᠴᠠᠭᠰᠠᠨ᠂ ᠣᠯᠠᠨ ᠲᠦᠮᠡᠨ ᠢᠶᠠᠷ ᠢᠶᠠᠨ | ᠣᠷᠣᠯᠴᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠮᠠᠨ ᠤ ᠣᠷᠣᠨ ᠤ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠦᠨᠡᠯᠡᠵᠦ ᠰᠢᠯᠭᠠᠨ ᠬᠢᠨᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠰᠢᠯᠭᠠᠷᠠᠭᠤᠯᠤᠨ ᠬᠥᠬᠢᠭᠦᠯᠵᠦ ᠰᠢᠯᠭᠠᠨ ᠬᠤᠷᠢᠶᠠᠵᠤ ᠠᠪᠬᠤ ᠵᠡᠷᠭᠡ ᠠᠵᠢᠯ ᠤᠨ ᠴᠤᠪᠤᠷᠠᠯ ᠢ | ᠵᠢᠷᠤᠮᠵᠢᠭᠤᠯᠤᠨ᠎ᠠ᠃ | ᠬᠤᠶᠠᠷ ᠲᠤ᠂ ᠭᠤᠣᠯᠳᠠᠯᠭ᠎ᠠ ᠶᠢ ᠲᠣᠪᠤᠶᠢᠯᠭᠠᠵᠤ᠂ ᠦᠨᠳᠦᠰᠦᠨ ᠱᠠᠲᠤ ᠶᠢ ᠠᠳᠬᠤᠨ᠂ ᠰᠠᠭᠤᠷᠢ ᠶᠢ | ᠪᠠᠲᠤᠳᠬᠠᠬᠤ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠬᠤ ᠠᠵᠢᠯ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠢᠶᠠᠩ ᠪᠠᠯᠭᠠᠰᠤ ᠳᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ ᠲᠤ ᠣᠷᠣᠭᠤᠯᠬᠤ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠭᠦᠳᠦᠨ | ᠪᠠᠶᠢᠭᠤᠯᠬᠤ ᠠᠵᠢᠯ ᠤᠨ ᠨᠥᠯᠥᠭᠡ ᠦᠢᠯᠡᠳᠦᠯ ᠢ ᠥᠷᠭᠡᠳᠬᠡᠨ᠂ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ | ᠬᠥᠭᠵᠢᠭᠦᠯᠵᠦ᠂ ᠰᠢᠨ᠎ᠡ ᠶᠢ ᠡᠭᠦᠳᠦᠨ ᠬᠥᠭᠵᠢᠭᠦᠯᠬᠦ ᠲᠡᠶᠢᠰᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ | ᠲᠣᠰᠬᠤᠨ ᠤ ᠪᠠᠭ᠂ ᠠᠩᠭᠢ ᠶᠢᠨ ᠪᠠᠭ᠂ ᠣᠨ ᠠᠩᠭᠢ ᠵᠡᠷᠭᠡ ᠦᠨᠳᠦᠰᠦᠨ ᠱᠠᠲᠤᠨ ᠳᠤ ᠬᠦᠷᠲᠡᠯ᠎ᠡ | ᠳᠣᠷᠣᠭᠰᠢᠯᠠᠭᠤᠯᠵᠤ᠂ ᠨᠡᠶᠢᠭᠡᠮ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ ᠳᠤ ᠬᠦᠷᠲᠡᠯ᠎ᠡ ᠥᠷᠭᠡᠳᠬᠡᠬᠦ | ᠬᠡᠷᠡᠭᠲᠡᠢ᠃ ᠦᠨᠳᠦᠰᠦᠨ ᠱᠠᠲᠤᠨ ᠳᠤ ᠨᠡᠶᠢᠲᠡᠯᠢᠭ ᠥᠯᠢᠭᠡᠷ ᠵᠢᠱᠢᠶ᠎ᠡ ᠶᠢ ᠬᠥᠮᠥᠵᠢᠭᠦᠯᠦᠨ ᠪᠤᠶᠢᠵᠢᠭᠤᠯᠬᠤ ᠪᠠ | ᠰᠣᠩᠭᠤᠨ ᠪᠣᠢ ᠪᠣᠯᠭᠠᠬᠤ ᠶᠢ ᠴᠢᠬᠤᠯᠠᠴᠢᠯᠠᠨ᠎ᠠ᠃ | ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠭᠤᠯᠤᠯ ᠢ | ᠴᠢᠩᠭᠠᠳᠬᠠᠨ᠂ ᠬᠠᠷᠢᠯᠴᠠᠨ ᠲᠣᠭᠤᠷᠢᠨ ᠦᠵᠡᠵᠦ ᠬᠠᠷᠢᠯᠴᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ | ᠂ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠭᠠᠵᠠᠷ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ | ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠬᠤ ᠪᠠ | ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ | | ᠬᠥᠲᠥᠯᠥᠭᠴᠢ᠄ | ︽ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠬᠦ︾ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠡᠨᠡ ᠬᠦ ᠠᠵᠢᠯ ᠢ ᠬᠡᠷᠬᠢᠨ | ᠰᠠᠶᠢᠲᠤᠷ ᠬᠢᠬᠦ ᠪᠣᠢ︖ | ᠴᠢ ᠶᠢᠨ ᠢᠦᠢ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠤᠲᠠ ᠶᠢᠨ ᠪᠦᠯᠦᠭᠯᠡᠯ ᠢᠶᠠᠷ ᠭᠤᠣᠯ ᠴᠣᠭᠴᠠ ᠪᠣᠯᠭᠠᠵᠤ ᠲᠣᠮᠣ | ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ ᠬᠥᠭᠵᠢᠭᠦᠯᠬᠦ ᠬᠤᠲᠠ ᠬᠥᠳᠡᠭᠡ ᠶᠢᠨ | ᠪᠠᠶᠢᠷᠢᠯᠠᠭᠤᠯᠤᠯᠲᠠ ᠶᠢ ᠪᠠᠶᠢᠭᠤᠯᠵᠤ᠂ ᠲᠠᠷᠢᠶᠠᠯᠠᠩ ᠤᠨ ᠨᠡᠭᠦᠳᠡᠯ ᠬᠥᠮᠥᠨ ᠠᠮᠠ ᠶᠢᠨ ᠬᠤᠲᠠᠴᠢᠯᠠᠯᠲᠠ ᠶᠢ | ᠲᠦᠷᠭᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠨᠡ ᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠶᠢ ᠬᠤᠲᠠ᠂ ᠬᠤᠲᠠ | ᠪᠠᠯᠭᠠᠰᠤ ᠲᠡᠶᠢᠰᠢ ᠵᠦᠢ ᠵᠣᠬᠢᠰᠲᠠᠢ ᠪᠠᠷ ᠨᠡᠭᠦᠯᠭᠡᠨ ᠰᠢᠯᠵᠢᠭᠦᠯᠬᠦ ᠠᠯᠬᠤᠴᠠ ᠶᠢ ᠤᠯᠠᠮ ᠨᠢᠭᠡ ᠠᠯᠬᠤᠮ | ᠲᠦᠷᠭᠡᠳᠬᠡᠬᠦ ᠨᠢ ᠵᠠᠶᠢᠯᠠᠰᠢ ᠦᠭᠡᠢ᠃ ᠡᠭᠦᠨ ᠳᠤ᠂ ᠪᠢᠳᠡ ᠡᠷᠬᠡᠪᠰᠢ ᠬᠤᠲᠠ ᠶᠢᠨ ᠦᠨᠳᠦᠰᠦᠲᠡᠨ ᠤ ᠠᠵᠢᠯ ᠢ | ᠴᠢᠩᠭᠠᠳᠬᠠᠨ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ | ᠨᠢᠭᠡ ᠳᠤ᠂ ᠨᠢᠭᠡᠳᠦᠯᠲᠡᠢ ᠲᠥᠯᠥᠪᠵᠢᠭᠦᠯᠵᠦ ᠤᠬᠠᠭᠠᠯᠠᠨ ᠲᠥᠯᠥᠪᠯᠡᠬᠦ ᠶᠢ ᠴᠢᠬᠤᠯᠠᠴᠢᠯᠠᠵᠤ᠂ ᠬᠤᠲᠠ ᠶᠢᠨ | ᠦᠨᠳᠦᠰᠦᠲᠡᠨ ᠤ ᠠᠵᠢᠯ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ | ᠣᠷᠭᠠᠨᠢᠭ ᠢᠶᠠᠷ ᠤᠶᠠᠯᠳᠤᠭᠤᠯᠤᠨ᠂ ᠬᠤᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ | ᠤᠶᠠᠯᠳᠤᠭᠤᠯᠵᠤ᠂ ᠬᠤᠲᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠠᠬᠢᠴᠠ ᠶᠢ ᠠᠬᠢᠭᠤᠯᠬᠤ | ᠶᠠᠪᠤᠴᠠ ᠳᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠤᠭᠰᠠᠨ᠂ ᠣᠯᠠᠨ ᠰᠠᠯᠠᠭ᠎ᠠ ᠮᠥᠴᠢᠷ ᠤᠳ | ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ᠂ ᠬᠠᠮᠲᠤ ᠪᠠᠷ ᠣᠷᠣᠯᠴᠠᠨ᠂ ᠬᠠᠮᠲᠤ ᠪᠠᠷ ᠠᠬᠢᠭᠤᠯᠤᠭᠰᠠᠨ | ᠬᠤᠲᠠ ᠶᠢᠨ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠶᠠᠷ ᠲᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠬᠤᠲᠠ ᠶᠢᠨ ᠦᠨᠳᠦᠰᠦᠲᠡᠨ ᠤ ᠠᠵᠢᠯ ᠢ | ᠥᠷᠨᠢᠭᠦᠯᠬᠦ ᠶᠢ ᠭᠦᠨᠵᠡᠭᠡᠢ ᠠᠬᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠤᠨ ᠲᠤᠷᠰᠢᠯᠲᠠ ᠶᠢᠨ ᠴᠡᠭ ᠤᠨ | ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠬᠥᠮᠥᠵᠢᠭᠦᠯᠬᠦ ᠶᠢ ᠴᠢᠬᠤᠯᠠᠴᠢᠯᠠᠨ | ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠂ ᠬᠤᠲᠠ ᠬᠥᠳᠡᠭᠡ ᠶᠢᠨ | ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠳᠤ ᠣᠷᠣᠯᠴᠠᠬᠤ ᠶᠢ ᠳᠡᠮᠵᠢᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ | ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠦᠢᠯᠡᠴᠢᠯᠡᠨ ᠬᠠᠮᠢᠶᠠᠷᠬᠤ | ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠯᠠᠨ | ᠨᠡᠶᠢᠲᠡ ᠶᠢᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡ ᠶᠢ ᠴᠥᠭᠡᠨ ᠲᠣᠭᠠᠲᠤ ᠦᠨᠳᠦᠰᠦᠲᠡᠨ ᠤ ᠨᠡᠭᠦᠳᠡᠯ | ᠬᠥᠮᠥᠨ ᠠᠮᠠ ᠳᠤ ᠪᠦᠬᠦ ᠲᠠᠯ᠎ᠠ ᠪᠠᠷ ᠬᠠᠮᠤᠷᠤᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠴᠥᠭᠡᠨ | ᠲᠣᠭᠠᠲᠤ ᠦᠨᠳᠦᠰᠦᠲᠡᠨ ᠤ ᠣᠨᠴᠠ ᠬᠦᠴᠢᠷᠲᠡᠢ ᠣᠯᠠᠨ ᠲᠦᠮᠡᠨ ᠳᠤ ᠵᠦᠢ ᠵᠣᠬᠢᠰᠲᠠᠢ ᠬᠡᠯᠪᠠᠶᠢᠯᠲᠡ ᠬᠠᠷᠠᠭᠠᠯᠵᠠᠯ | ᠣᠯᠭᠤᠵᠤ᠂ ᠨᠡᠭᠦᠯᠭᠡᠨ ᠰᠢᠯᠵᠢᠭᠦᠯᠵᠦ ᠬᠤᠲᠠ ᠳᠤ ᠣᠷᠣᠭᠤᠯᠤᠭᠰᠠᠨ ᠪᠠ ᠴᠥᠭᠡᠨ ᠲᠣᠭᠠᠲᠤ ᠦᠨᠳᠦᠰᠦᠲᠡᠨ ᠤ | ᠨᠡᠭᠦᠳᠡᠯ ᠣᠯᠠᠨ ᠲᠦᠮᠡᠨ ᠤ ᠠᠵᠢᠯ ᠣᠯᠬᠤ᠂ ᠠᠳᠠᠯ ᠦᠢᠯᠡᠰ ᠴᠣᠭᠴᠠᠯᠠᠬᠤ᠂ ᠭᠡᠷ ᠣᠷᠣᠨ ᠢᠶᠠᠨ ᠲᠥᠪᠬᠢᠨᠡᠭᠦᠯᠬᠦ᠂ | ᠦᠷ᠎ᠡ ᠬᠡᠦᠬᠡᠳ ᠢᠶᠠᠨ ᠪᠢᠴᠢᠭ ᠦᠵᠡᠭᠦᠯᠬᠦ᠂ ᠡᠪᠡᠳᠴᠢᠨ ᠢᠶᠠᠨ ᠦᠵᠡᠭᠦᠯᠵᠦ ᠡᠮᠴᠢᠯᠡᠭᠡ ᠬᠢᠬᠦ ᠵᠡᠷᠭᠡ ᠪᠣᠳᠠᠲᠠᠢ | ᠠᠰᠠᠭᠤᠳᠠᠯ ᠤᠨ ᠲᠠᠯ᠎ᠠ ᠪᠠᠷ ᠨᠡᠩ ᠣᠯᠠᠨ ᠬᠠᠯᠠᠮᠵᠢᠯᠠᠯ ᠪᠠ ᠬᠠᠷᠠᠭᠠᠯᠵᠠᠯ ᠦᠵᠡᠭᠦᠯᠦᠨ᠎ᠡ᠃ ᠬᠠᠤᠯᠢ ᠪᠠᠷ ᠵᠠᠰᠠᠬᠤ | ᠰᠡᠳᠬᠢᠬᠦᠢ ᠶᠢ ᠪᠠᠷᠢᠮᠲᠠᠯᠠᠨ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠥᠮᠥᠵᠢᠭᠦᠯᠬᠦ ᠪᠠ ᠬᠥᠲᠥᠯᠥᠨ | ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢ ᠰᠤᠷᠴᠤ᠂ ᠬᠠᠤᠯᠢ ᠴᠠᠭᠠᠵᠠ ᠶᠢ ᠬᠦᠨᠳᠦᠳᠬᠡᠨ᠂ ᠬᠠᠤᠯᠢ | ᠴᠠᠭᠠᠵᠠ ᠶᠢ ᠰᠠᠬᠢᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠨ᠂ ᠦᠵᠡᠰᠬᠦᠯᠡᠩᠲᠦ ᠰᠠᠶᠢᠬᠠᠨ ᠭᠡᠷ | ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ︽ᠬᠠᠮᠲᠤ ᠪᠠᠷ ᠣᠷᠣᠰᠢᠨ ᠬᠠᠮᠲᠤ ᠪᠠᠷ ᠬᠥᠭᠵᠢᠵᠦ᠂ ᠬᠠᠮᠲᠤ ᠪᠠᠷ | ᠪᠠᠶᠢᠭᠤᠯᠤᠨ ᠬᠠᠮᠲᠤ ᠳᠤ ᠪᠠᠨ ᠬᠦᠷᠲᠡᠬᠦ︾ ᠶᠢ ᠪᠡᠶᠡᠯᠡᠭᠦᠯᠦᠨ᠎ᠡ᠃ | | | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠨᠢᠭᠡ | ᠦᠨᠳᠦᠰᠦᠲᠡᠨ ᠢ ᠴᠤ ᠬᠤᠴᠣᠷᠤᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠮᠠᠨ ᠤ ᠣᠷᠣᠨ ᠤ ᠬᠡᠰᠡᠭ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠣᠷᠣᠨ ᠪᠠᠶᠢᠷᠢ ᠨᠢ | ᠠᠯᠤᠰ ᠪᠤᠶᠢᠳᠠ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠨᠡᠯᠢᠶᠡᠳ ᠮᠠᠭᠤ᠂ ᠠᠵᠤ ᠠᠬᠤᠢ ᠨᠡᠶᠢᠭᠡᠮ ᠤᠨ | ᠬᠥᠭᠵᠢᠯᠲᠡ ᠨᠢ ᠬᠠᠷᠢᠴᠠᠩᠭᠤᠢ ᠬᠤᠴᠣᠷᠴᠤ ᠪᠠᠶᠢᠬᠤ ᠠᠴᠠ ᠪᠣᠯᠵᠤ᠂ ᠵᠠᠷᠢᠮ ᠣᠯᠠᠨ ᠲᠦᠮᠡᠨ ᠶᠠᠳᠠᠭᠤ ᠬᠦᠴᠢᠷᠲᠡᠢ | ᠪᠠᠶᠢᠳᠠᠯ ᠠᠴᠠ ᠠᠩᠭᠢᠵᠢᠷᠠᠵᠤ ᠴᠢᠳᠠᠭ᠎ᠠ ᠦᠭᠡᠢ ᠪᠠᠶᠢᠨ᠎ᠠ᠃ ᠡᠨᠡ ᠪᠣᠯ ᠮᠥᠨ ᠴᠤ ᠮᠠᠨ ᠤ ᠣᠷᠣᠨ ᠤ ᠶᠠᠳᠠᠭᠤ ᠠᠴᠠ | ᠠᠩᠭᠢᠵᠢᠷᠠᠭᠤᠯᠵᠤ ᠰᠢᠪᠲᠤᠯᠤᠯᠲᠠ ᠬᠢᠬᠦ ᠶᠢᠨ ᠭᠤᠣᠯᠳᠠᠯᠭ᠎ᠠ ᠪᠠ ᠬᠦᠴᠢᠷᠳᠡᠯ ᠪᠣᠯᠣᠨ᠎ᠠ᠃ ᠲᠡᠭᠡᠪᠡᠯ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ᠂ ᠬᠡᠷᠬᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠨ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠪᠦᠬᠦᠢ ᠳᠡᠮᠵᠢᠯᠭᠡ ᠬᠠᠩᠭᠠᠬᠤ ᠪᠣᠢ︖ | | ᠴᠢ ᠶᠢᠨ ᠢᠦᠢ᠄ | ᠨᠢᠭᠡ ᠳᠤ᠂ ᠪᠠᠶᠢᠴᠠᠭᠠᠨ ᠰᠤᠳᠤᠯᠬᠤ ᠶᠢ ᠭᠦᠨᠵᠡᠭᠡᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ ᠪᠠ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠶᠠᠳᠠᠭᠤ | ᠬᠤᠴᠣᠷᠤᠩᠭᠤᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠲᠦᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠨ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ | ᠦᠨᠳᠦᠰᠦᠯᠡᠯ ᠬᠠᠩᠭᠠᠬᠤ ᠬᠡᠷᠡᠭᠲᠡᠢ᠃ | ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠠᠵᠢᠯᠯᠠᠭ᠎ᠠ ᠶᠢᠨ ᠭᠤᠷᠪᠠᠨ | ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠳᠠᠩᠰᠠ ᠺᠠᠷᠲ ᠲᠠᠢ ᠶᠠᠳᠠᠭᠤ | ᠬᠦᠴᠢᠷᠲᠡᠢ ᠬᠥᠮᠥᠨ ᠠᠮᠠ ᠳᠤ ᠠᠩᠬᠠᠷᠤᠭᠤᠯᠤᠨ ᠲᠥᠪᠯᠡᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠵᠤ ᠪᠠᠶᠢᠭ᠎ᠠ ᠶᠠᠳᠠᠭᠤ ᠬᠦᠴᠢᠷᠲᠡᠢ ᠭᠠᠵᠠᠷ ᠣᠷᠣᠨ ᠳᠠᠬᠢ ᠪᠡᠯᠡ ᠮᠥᠩᠭᠦ ᠶᠢᠨ ᠳᠡᠮᠵᠢᠯᠭᠡ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠶᠢ ᠪᠦᠬᠦ | ᠬᠦᠴᠦᠨ ᠢᠶᠠᠷ ᠳᠡᠮᠵᠢᠬᠦ ᠬᠡᠷᠡᠭᠲᠡᠢ᠃ | ᠭᠤᠷᠪᠠ ᠳᠤ᠂ ᠤᠯᠤᠰ ᠤᠨ ︽︿13 · 5﹀ ᠶᠢᠨ ᠦᠨᠳᠦᠰᠦᠲᠡᠨ ᠤ ᠣᠷᠣᠨ ᠪᠠ ᠬᠥᠮᠥᠨ ᠠᠮᠠ ᠨᠢ | ᠬᠠᠷᠢᠴᠠᠩᠭᠤᠢ ᠴᠥᠭᠡᠨ ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ︾ ᠪᠠ ︽ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠭᠦᠯᠬᠦ ᠠᠵᠢᠯᠯᠠᠭ᠎ᠠ ᠶᠢᠨ ︿13 · 5﹀ ᠶᠢᠨ ᠲᠥᠯᠥᠪᠵᠢᠭᠦᠯᠭᠡ︾ | ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠵᠥᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠯᠢ ᠬᠢᠵᠠᠭᠠᠷ ᠣᠷᠣᠨ᠂ ᠬᠥᠮᠥᠨ ᠠᠮᠠ ᠨᠢ ᠬᠠᠷᠢᠴᠠᠩᠭᠤᠢ ᠴᠥᠭᠡᠨ | ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠢ ᠭᠤᠣᠯᠳᠠᠯᠭ᠎ᠠ ᠲᠠᠢ ᠪᠠᠷ ᠳᠡᠮᠵᠢᠨ ᠰᠠᠭᠤᠷᠢ | ᠪᠡᠯᠡᠳᠬᠡᠵᠡᠢ ᠶᠢᠨ ᠪᠠᠶᠢᠭᠤᠯᠤᠯᠲᠠ ᠶᠢ ᠨᠢ ᠴᠢᠩᠭᠠᠳᠬᠠᠵᠤ᠂ ᠳᠠᠪᠠᠭᠤᠯᠢᠭ ᠥᠪᠡᠷᠮᠢᠴᠡ ᠠᠵᠤ ᠦᠢᠯᠡᠰ ᠢ | ᠬᠥᠮᠥᠵᠢᠭᠦᠯᠦᠨ ᠪᠤᠶᠢᠵᠢᠭᠤᠯᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠢ᠃ | ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠲᠠᠢ ᠤᠶᠠᠯᠳᠤᠭᠤᠯᠤᠨ᠂ ᠨᠥᠬᠦᠴᠡᠯ ᠲᠠᠢ ᠭᠠᠵᠠᠷ ᠣᠷᠣᠨ ᠤ ᠬᠢᠨ ᠤ ᠴᠥᠭᠡᠨ ᠲᠣᠭᠠᠲᠤ | ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠶᠢ ᠳᠡᠮᠵᠢᠬᠦ ᠬᠡᠷᠡᠭᠲᠡᠢ᠃ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ | ᠠᠵᠢᠯ ᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠠᠷᠠᠳ ᠤᠨ ᠠᠷᠠᠯᠵᠢᠶ᠎ᠠ ᠠᠷᠠᠳ ᠤᠨ | ᠪᠦᠲᠦᠭᠡᠭᠳᠡᠬᠦᠨ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ | ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠭᠠᠢ | ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ | | ᠬᠥᠲᠥᠯᠥᠭᠴᠢ᠄ | ᠴᠢ ᠡᠷᠬᠢᠯᠡᠭᠴᠢ ᠶᠢᠨ ᠮᠠᠨ ᠤ ᠪᠤᠯᠤᠩ ᠳᠤ ᠮᠣᠷᠢᠯᠠᠨ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ | ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠮᠠᠨ ᠤ | ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ | ᠳᠠᠬᠢᠨ ᠵᠣᠯᠭᠠᠶ᠎ᠠ᠂ ᠪᠠᠶᠠᠷᠲᠠᠢ︕ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠪᠡᠯᠡᠳᠬᠡᠭᠰᠡᠨ ᠨᠢ᠄ ᠰᠣᠷᠭᠤᠭ | | | | | | |