ᠮᠠᠨ ᠤ ᠰᠢᠶᠠᠨ ᠨᠢ ᠣᠷᠴᠢᠨ ᠲᠣᠭᠤᠷᠢᠨ ᠢ ᠬᠠᠮᠠᠭᠠᠯᠠᠬᠤ ᠬᠥᠳᠡᠯᠭᠡᠭᠡᠨ ᠢ ᠦᠷᠨᠢᠭᠦᠯᠪᠡ
ᠨᠡᠶᠢᠲᠡᠯᠡᠭᠰᠡᠨ ᠴᠠᠭ᠄
2019-08-30
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠭᠦᠨᠵᠡᠭᠡᠶ ᠲᠣᠣᠱᠯᠠᠭᠤᠯᠣᠨ᠂ ᠬᠡᠳᠦᠨ ᠤᠳᠠᠭᠠᠨ ᠤ ᠴᠢᠬᠤᠯᠠ ᠶᠡᠭᠡ ᠳᠠᠶᠢᠯᠠᠯᠳᠤᠭᠠᠨ ᠢ ᠡᠷᠡᠰ ᠲᠡᠮᠡᠴᠡᠨ᠂ ᠮᠠᠨ ᠤ ᠣᠷᠣᠰᠢᠨ ᠠᠮᠢᠳᠤᠷᠠᠵᠤ ᠪᠠᠶᠢᠭ᠎ᠠ ᠣᠷᠣᠨ ᠨᠤᠲᠤᠭ ᠤᠨ ᠲᠩᠷᠢ ᠨᠢ ᠨᠠᠩ ᠴᠡᠯᠮᠡᠭ ᠪᠠᠶᠢᠵᠦ᠂ ᠤᠰᠤ ᠨᠢ ᠨᠠᠩ ᠲᠤᠩᠭᠠᠯᠠᠭ ᠪᠠᠶᠢᠵᠦ᠂ ᠠᠭᠤᠯᠠ ᠨᠢ ᠨᠠᠩ ᠨᠣᠭᠤᠭᠠᠨ ᠪᠠᠶᠢᠵᠦ᠂ ᠳᠡᠯᠡᠬᠡᠶ ᠶᠢᠨ ᠪᠥᠮᠪᠥᠷᠴᠡᠭ ᠢ ᠠᠮᠢᠵᠢᠷᠠᠯ ᠤᠨ ᠬᠦᠴᠦᠨ ᠲᠠᠢ ᠪᠣᠯᠭᠠᠵᠤ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃
     8 ᠰᠠᠷ᠎ᠠ ᠶᠢᠨ 29 ᠤ ᠡᠳᠦᠷ ᠤᠨ ᠦᠳᠡ ᠡᠮᠦᠨ᠎ᠡ᠂ ᠮᠠᠨ ᠤ ᠰᠢᠶᠠᠨ ︽ᠪᠣᠬᠢᠷᠲᠤᠯ ᠦᠭᠡᠢ ᠠᠮᠢᠳᠤᠷᠠᠯ ᠤᠨ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠵᠦ᠂ ᠣᠷᠴᠢᠨ ᠠᠬᠤᠶ ᠶᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠦᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ︽ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠪᠣᠯᠪᠠᠰᠤᠨ᠂ ᠡᠶ᠎ᠡ ᠵᠣᠬᠢᠴᠠᠯ᠂ ᠵᠣᠯ ᠵᠢᠷᠭᠠᠯᠲᠤ ᠰᠢᠩ ᠾᠧ ᠰᠢᠶᠠᠨ ᠤ ᠬᠤᠲᠠ ᠶᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ︾ ᠪᠠᠷ ᠵᠣᠷᠢᠯᠭ᠎ᠠ ᠪᠣᠯᠭᠠᠨ ᠲᠣᠰ ᠤᠳᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠳᠡᠯᠭᠡᠭᠡᠨ ᠢ ᠥᠷᠨᠢᠭᠦᠯᠪᠡ᠃ ᠲᠣᠰ ᠤᠳᠠᠭᠠᠨ ᠤ ᠬᠦᠳᠡᠯᠭᠡᠭᠡᠨ ᠳᠤ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠠᠵᠢᠯᠴᠢᠨ᠂ ᠰᠠᠶᠢᠨ ᠳᠤᠷ᠎ᠠ ᠶᠢᠨ ᠠᠵᠢᠯᠯᠠᠭᠴᠢ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯᠴᠢᠨ ᠨᠤᠭᠤᠳ ᠣᠷᠣᠯᠴᠠᠪᠠ᠃      ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠎ᠠ᠃ ᠬᠦᠳᠡᠯᠭᠡᠭᠡᠨ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠳᠤ ᠣᠷᠣᠵᠦ᠂ ᠪᠢᠳᠡ ᠲᠠᠨᠢᠯᠲᠠ ᠪᠠᠨ ᠳᠡᠭᠡᠭᠰᠢᠯᠡᠭᠦᠯᠵᠦ᠂ ᠬᠦᠴᠦ ᠪᠠᠨ ᠡᠷᠭᠦᠵᠦ᠂ ᠣᠶᠤᠨ ᠤᠬᠠᠭᠠᠨ ᠢᠶᠠᠨ ᠲᠥᠪᠯᠡᠷᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃      ᠬᠦᠳᠡᠯᠭᠡᠭᠡᠨ ᠤ ᠵᠣᠷᠢᠯᠭ᠎ᠠ ᠨᠢ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠶᠠᠪᠤᠳᠠᠯ ᠢ ᠣᠯᠠᠨ ᠲᠦᠮᠡᠨ ᠳᠤ ᠰᠠᠨᠠᠭᠤᠯᠵᠣ᠂ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠶᠢᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠴᠢᠨ ᠲᠣᠭᠤᠷᠢᠨ ᠢ ᠬᠠᠮᠠᠭᠠᠯᠠᠬᠤ ᠵᠣᠷᠢᠭ ᠰᠠᠨᠠᠭ᠎ᠠ ᠨᠢ ᠮᠠᠨ ᠤ ᠨᠤᠲᠤᠭ ᠤᠰᠤᠨ ᠳᠤ ᠪᠣᠬᠢᠷᠳᠣᠯ ᠦᠭᠡᠢ ᠭᠡᠷ ᠣᠷᠣᠨ ᠢ ᠪᠦᠲᠦᠭᠡᠨ ᠪᠠᠶᠢᠭᠤᠯᠬᠤ ᠳᠤ ᠥᠴᠦᠬᠡᠨ ᠴᠦ ᠭᠡᠰᠡᠨ ᠦᠪᠡᠷ ᠤᠨ ᠬᠤᠪᠢ ᠨᠡᠮᠡᠷᠢ ᠪᠠᠨ ᠦᠵᠡᠭᠦᠯᠵᠦ ᠪᠠᠶᠢᠬᠤ ᠶᠢ ᠬᠠᠷᠠᠭᠤᠯᠪᠠ᠃
     ᠬᠠᠮᠤᠭ ᠰᠡᠭᠦᠯ ᠳᠤ᠂ 40 ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠣᠯᠠᠨ ᠳᠤ ᠤᠬᠠᠭᠤᠯᠵᠤ᠂ ᠵᠡᠭᠡᠯᠢ ᠭᠤᠳᠤᠮᠵᠢ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠬᠤᠭ ᠨᠣᠪᠰᠢ ᠶᠢ ᠴᠡᠪᠡᠷᠯᠡᠬᠦ᠂ ᠵᠠᠮ ᠤᠨ ᠬᠠᠯᠬᠠᠪᠴᠢ ᠬᠡᠷᠡᠰᠬᠡ ᠶᠢ ᠴᠡᠪᠡᠷᠯᠡᠬᠦ᠂ ᠢᠳᠡᠭᠡᠨ ᠤ ᠬᠠᠯᠢᠰᠦ᠂ ᠤᠮᠳᠠᠭᠠᠨ ᠤ ᠯᠣᠩᠬᠤ ᠶᠢ ᠴᠡᠪᠡᠷᠯᠡᠬᠦ ᠪᠠᠷ ᠳᠠᠮᠵᠢᠨ᠂ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠪᠣᠯᠪᠠᠰᠤᠨ ᠪᠤᠰᠤ ᠠᠵᠢᠯᠯᠠᠭ᠎ᠠ ᠶᠢ ᠢᠳᠬᠠᠨ  ᠬᠤᠷᠢᠭᠯᠠᠵᠣ᠂ ᠥᠷᠭᠡᠨ ᠣᠯᠠᠨ ᠬᠤᠲᠠ ᠶᠢᠨ ᠠᠷᠠᠳ ᠤᠨ ᠣᠷᠴᠢᠨ ᠲᠣᠭᠤᠷᠢᠨ ᠢ  ᠬᠠᠶᠢᠷᠠᠯᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃                                                      ᠵᠣᠬᠢᠶᠠᠭᠴᠢ᠄ ᠯᠢᠶᠠᠩ ᠶᠠᠨ ᠨᠢᠩ                                                    ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3