ᠲᠦᠷ ᠴᠠᠭ ᠤᠨ ᠵᠢᠯᠤᠭᠤᠴᠢ ᠶᠢᠨ ᠦᠨᠡᠮᠯᠠᠯ ᠭᠤᠶᠣᠴᠢᠯᠠᠨ ᠠᠪᠬᠤ
ᠨᠡᠶᠢᠲᠡᠯᠡᠭᠰᠡᠨ ᠴᠠᠭ᠄
2019-09-10
     ︽ᠬᠢᠯᠢ ᠪᠠᠷ ᠲᠦᠷ ᠣᠷᠣᠬᠤ ᠮᠠᠰᠢᠨᠲᠣ ᠲᠡᠷᠭᠡ ᠪᠠ ᠵᠢᠯᠣᠭᠤᠴᠢ ᠶᠢᠨ ᠬᠠᠮᠢᠶᠠᠷᠣᠯᠳᠠ ᠶᠢᠨ ᠲᠣᠭᠳᠠᠭᠠᠯ︾ ︵ᠳᠣᠳᠣᠭᠠᠳᠣ ᠶᠢ ᠬᠠᠮᠠᠭᠠᠯᠠᠬᠤ ᠶᠠᠮᠣᠨ ᠤ 90 ᠳ᠋ᠤᠭᠡᠷ ᠲᠣᠭᠠᠲᠤ ᠵᠠᠷᠯᠢᠭ︶᠎ ᠤᠨ ᠬᠤᠶᠠᠳᠣᠭᠠᠷ ᠵᠦᠢᠯ ᠢ ᠦᠨᠳᠦᠰᠦᠯᠡᠪᠡᠯ ᠲᠣᠰ ᠲᠣᠭᠳᠠᠭᠠᠯ ᠨᠢ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠳᠤ ᠲᠦᠷ ᠴᠠᠭ ᠣᠷᠣᠵᠦ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ ᠵᠢᠯᠣᠭᠤᠴᠢ ᠳᠤ ᠲᠣᠬᠢᠷᠠᠨ᠎ᠠ᠄      ︵ᠨᠢᠭᠡ︶ ᠣᠯᠣᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠪᠦᠭᠡᠳ ᠬᠢᠯᠢ ᠪᠠᠷ ᠲᠦᠷ ᠣᠷᠣᠵᠦ ᠵᠣᠬᠢᠶᠠᠨ ᠪᠠᠶᠢᠭᠤᠯᠣᠯᠲᠠ ᠲᠠᠢ ᠵᠢᠭᠤᠯᠴᠢᠯᠠᠯ᠂ ᠣᠷᠣᠯᠳᠣᠭᠠᠨ ᠵᠢᠴᠢ ᠪᠣᠰᠣᠳ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠣ ᠶᠢᠨ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ ᠵᠢᠯᠣᠭᠤᠴᠢ᠃      ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠦᠪᠬᠡᠨ ᠬᠢᠯᠢ ᠶᠢᠨ ᠣᠷᠣᠨ ᠤ ᠵᠣᠬᠢᠬᠤ ᠬᠡᠪᠴᠢᠶᠠᠨ ᠳᠣᠲᠣᠷ᠎ᠠ ᠶᠠᠪᠤᠭᠤᠯᠬᠤ ᠭᠠᠳᠠᠭᠠᠳᠣ ᠶᠢᠨ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ ᠵᠢᠯᠣᠭᠤᠴᠢ᠃      ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠣᠮᠳᠠᠳᠣ ᠣᠯᠣᠰ ᠤᠨ ᠮᠠᠰᠢᠨᠲᠣ ᠲᠡᠷᠭᠡ ᠶᠢ ᠳᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠣ ᠶᠢᠨ ᠮᠠᠰᠢᠨᠲᠣ ᠲᠡᠷᠭᠡᠨ ᠤ ᠵᠢᠯᠣᠭᠤᠴᠢ᠂ ᠳᠣᠮᠳᠠᠳᠣ ᠣᠯᠣᠰ ᠯᠤᠭ᠎ᠠ ᠬᠤᠶᠠᠷ ᠲᠠᠯ᠎ᠠ ᠪᠠᠷ ᠢᠶᠠᠨ ᠪᠣᠶᠣ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠤᠷᠢ ᠬᠢᠬᠦ ᠵᠦᠪᠳᠡᠯᠴᠡᠭᠡᠷ ᠲᠣᠭᠳᠠᠭᠰᠠᠨ ᠪᠠᠶᠢᠪᠠᠯ᠂ ᠵᠦᠪᠳᠡᠯᠴᠡᠭᠡᠷ ᠤᠨ ᠶᠣᠰᠣᠭᠠᠷ ᠬᠦᠢᠴᠡᠳᠭᠡᠨ᠎ᠡ᠃ ᠣᠯᠣᠰ ᠪᠣᠶᠣ ᠵᠠᠰᠠᠭ ᠤᠨ ᠣᠷᠳᠣᠨ ᠤ ᠬᠤᠭᠤᠷᠣᠨᠳᠤ ᠮᠠᠰᠢᠨᠲᠣ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠠᠯ ᠢ ᠬᠠᠷᠢᠯᠴᠠᠨ ᠵᠦᠪᠰᠢᠶᠡᠷᠡᠬᠦ ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠣᠭᠠᠷ ᠬᠦᠢᠴᠡᠳᠭᠡᠨ᠎ᠡ᠃                                   ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ                                   ᠪᠡᠯᠡᠳᠭᠡᠭᠰᠡᠨ ᠨᠢ᠄ ᠰᠣᠷᠭᠤᠭ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3