| | ︽ᠬᠢᠯᠢ ᠪᠠᠷ ᠲᠦᠷ ᠣᠷᠣᠬᠤ ᠮᠠᠰᠢᠨᠲᠣ ᠲᠡᠷᠭᠡ ᠪᠠ ᠵᠢᠯᠣᠭᠤᠴᠢ ᠶᠢᠨ ᠬᠠᠮᠢᠶᠠᠷᠣᠯᠳᠠ ᠶᠢᠨ ᠲᠣᠭᠳᠠᠭᠠᠯ︾ ︵ | ᠳᠣᠳᠣᠭᠠᠳᠣ ᠶᠢ ᠬᠠᠮᠠᠭᠠᠯᠠᠬᠤ ᠶᠠᠮᠣᠨ ᠤ 90 ᠳ᠋ᠤᠭᠡᠷ ᠲᠣᠭᠠᠲᠤ ᠵᠠᠷᠯᠢᠭ︶ ᠤᠨ ᠬᠤᠶᠠᠳᠣᠭᠠᠷ ᠵᠦᠢᠯ ᠢ | ᠦᠨᠳᠦᠰᠦᠯᠡᠪᠡᠯ ᠲᠣᠰ ᠲᠣᠭᠳᠠᠭᠠᠯ ᠨᠢ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠳᠤ ᠲᠦᠷ | ᠴᠠᠭ ᠣᠷᠣᠵᠦ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ ᠵᠢᠯᠣᠭᠤᠴᠢ ᠳᠤ | ᠲᠣᠬᠢᠷᠠᠨ᠎ᠠ᠄ | ︵ᠨᠢᠭᠡ︶ ᠣᠯᠣᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠪᠦᠭᠡᠳ | ᠬᠢᠯᠢ ᠪᠠᠷ ᠲᠦᠷ ᠣᠷᠣᠵᠦ ᠵᠣᠬᠢᠶᠠᠨ ᠪᠠᠶᠢᠭᠤᠯᠣᠯᠲᠠ ᠲᠠᠢ ᠵᠢᠭᠤᠯᠴᠢᠯᠠᠯ᠂ ᠣᠷᠣᠯᠳᠣᠭᠠᠨ ᠵᠢᠴᠢ ᠪᠣᠰᠣᠳ | ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠣ ᠶᠢᠨ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ | ᠵᠢᠯᠣᠭᠤᠴᠢ᠃ | ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠦᠪᠬᠡᠨ ᠬᠢᠯᠢ ᠶᠢᠨ ᠣᠷᠣᠨ ᠤ ᠵᠣᠬᠢᠬᠤ ᠬᠡᠪᠴᠢᠶᠠᠨ | ᠳᠣᠲᠣᠷ᠎ᠠ ᠶᠠᠪᠤᠭᠤᠯᠬᠤ ᠭᠠᠳᠠᠭᠠᠳᠣ ᠶᠢᠨ ᠮᠠᠰᠢᠨᠲᠣ ᠲᠡᠷᠭᠡ ᠪᠠ ᠮᠠᠰᠢᠨᠲᠣ ᠲᠡᠷᠭᠡᠨ ᠤ ᠵᠢᠯᠣᠭᠤᠴᠢ᠃ | ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠣᠮᠳᠠᠳᠣ ᠣᠯᠣᠰ ᠤᠨ ᠮᠠᠰᠢᠨᠲᠣ ᠲᠡᠷᠭᠡ ᠶᠢ | ᠳᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠣ ᠶᠢᠨ ᠮᠠᠰᠢᠨᠲᠣ ᠲᠡᠷᠭᠡᠨ ᠤ ᠵᠢᠯᠣᠭᠤᠴᠢ᠂ ᠳᠣᠮᠳᠠᠳᠣ | ᠣᠯᠣᠰ ᠯᠤᠭ᠎ᠠ ᠬᠤᠶᠠᠷ ᠲᠠᠯ᠎ᠠ ᠪᠠᠷ ᠢᠶᠠᠨ ᠪᠣᠶᠣ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠤᠷᠢ ᠬᠢᠬᠦ | ᠵᠦᠪᠳᠡᠯᠴᠡᠭᠡᠷ ᠲᠣᠭᠳᠠᠭᠰᠠᠨ ᠪᠠᠶᠢᠪᠠᠯ᠂ ᠵᠦᠪᠳᠡᠯᠴᠡᠭᠡᠷ ᠤᠨ ᠶᠣᠰᠣᠭᠠᠷ ᠬᠦᠢᠴᠡᠳᠭᠡᠨ᠎ᠡ᠃ ᠣᠯᠣᠰ ᠪᠣᠶᠣ ᠵᠠᠰᠠᠭ ᠤᠨ | ᠣᠷᠳᠣᠨ ᠤ ᠬᠤᠭᠤᠷᠣᠨᠳᠤ ᠮᠠᠰᠢᠨᠲᠣ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠠᠯ ᠢ ᠬᠠᠷᠢᠯᠴᠠᠨ ᠵᠦᠪᠰᠢᠶᠡᠷᠡᠬᠦ | ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠣᠭᠠᠷ ᠬᠦᠢᠴᠡᠳᠭᠡᠨ᠎ᠡ᠃ | | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ | ᠪᠡᠯᠡᠳᠭᠡᠭᠰᠡᠨ ᠨᠢ᠄ ᠰᠣᠷᠭᠤᠭ | | | | | | |