| | ᠣᠶᠢᠷ᠎ᠠ ᠶᠢᠨ ᠵᠢᠯ ᠤᠨ ᠲᠤᠷᠰᠢ᠂ ᠰᠢᠩ ᠾᠧ ᠰᠢᠶᠠᠨ ᠨᠢ ᠲᠥᠮᠥᠰᠥ᠂ ᠬᠦᠢᠲᠡᠨ ᠰᠡᠷᠢᠭᠦᠨ ᠢᠳᠡᠰᠢᠨ | ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠲᠠᠷᠢᠬᠤ ᠪᠠ ᠦᠬᠡᠷ ᠡᠯᠵᠢᠭᠡ ᠲᠡᠵᠢᠭᠡᠨ ᠦᠷᠡᠵᠢᠭᠦᠯᠬᠦ ᠶᠢᠨ | ᠲᠣᠭᠤᠷᠢᠨ ᠳᠤ᠂ ︽ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ + ᠲᠣᠯᠣᠭᠠᠶᠢᠯᠠᠭᠴᠢ ᠠᠵᠤ ᠠᠬᠤᠶᠢᠯᠠᠯ + | ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠬᠡᠯᠪᠡᠷᠢ ᠪᠠᠷ᠂ ᠣᠳᠣ ᠦᠶ᠎ᠡ ᠶᠢᠨ ᠮᠠᠯ ᠠᠵᠤ | ᠠᠬᠤᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠲᠠᠢ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠣ᠂ ᠨᠡᠶᠢᠰᠯᠡᠯ | ᠬᠤᠲᠠ ᠶᠢᠨ ᠠᠷᠠᠳ ᠲᠤ ᠦᠢᠯᠡᠴᠢᠯᠡᠬᠦ ︽ᠲᠥᠪ ᠤᠨ ᠲᠣᠭᠤᠭᠠᠨ ᠭᠡᠷ︾ ᠪᠠ ︽ᠮᠢᠬ᠎ᠠ ᠨᠣᠭᠤᠭᠠᠨ ᠤ | ᠬᠠᠩᠭᠠᠯᠭ᠎ᠠ ᠶᠢᠨ ᠢᠨᠵᠧᠨᠧᠷᠢᠩ︾ ᠪᠣᠯᠭᠠᠨ ᠪᠦᠲᠦᠭᠡᠨ ᠪᠠᠶᠢᠭᠤᠯᠪᠠ᠃ ᠤᠯᠠᠮᠵᠢᠯᠠᠯᠲᠤ ᠲᠠᠷᠢᠶᠠᠯᠠᠩ ᠤᠨ ᠲᠠᠷᠢᠮᠠᠯ ᠤᠨ | ᠳᠠᠩ ᠴᠤᠯᠭᠤᠶ᠂ ᠵᠢᠵᠢᠭ ᠬᠡᠰᠡᠭ ᠢᠶᠠᠷ ᠡᠵᠡᠩᠨᠡᠬᠦ᠂ ᠲᠩᠷᠢ ᠶᠢᠨ ᠴᠢᠷᠠᠶ ᠶᠢ ᠬᠠᠷᠠᠵᠤ ᠪᠤᠳᠠᠭ᠎ᠠ ᠢᠳᠡᠬᠦ ᠪᠠᠶᠢᠳᠠᠯ | ᠠᠭᠠᠵᠢᠮ ᠢᠶᠠᠷ ᠬᠤᠪᠢᠷᠠᠵᠤ ᠪᠠᠶᠢᠨ᠎ᠠ᠃ ᠲᠠᠷᠢᠶᠠᠯᠠᠩ ᠤᠨ ᠪᠣᠬᠢᠷᠲᠤᠯ ᠦᠭᠡᠢ᠂ ᠴᠢᠨᠠᠷᠵᠢᠭᠤᠯᠬᠤ᠂ | ᠣᠨᠴᠠᠯᠢᠭᠵᠢᠭᠤᠯᠬᠤ᠂ ᠨᠡᠷᠡᠲᠦ ᠲᠡᠮᠳᠡᠭᠵᠢᠭᠦᠯᠬᠦ ᠬᠢᠷᠢ ᠬᠡᠮᠵᠢᠶ᠎ᠡ ᠨᠢ ᠴᠦ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ | ᠃ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠣᠯᠣᠭᠠᠶᠢᠯᠠᠭᠴᠢ ᠠᠵᠤ ᠠᠬᠤᠶᠢᠯᠠᠯ | ᠵᠡᠷᠭᠡ ᠶᠢᠨ ᠲᠤᠭ᠎ᠠ ᠬᠡᠮᠵᠢᠶ᠎ᠡ ᠨᠢ ᠲᠠᠰᠤᠷᠠᠯᠲᠠ ᠦᠭᠡᠢ ᠨᠡᠮᠡᠭᠳᠡᠵᠦ᠂ ᠬᠡᠪᠴᠢᠶ᠎ᠡ ᠨᠢ ᠡᠳᠦᠷ ᠢᠷᠡᠬᠦᠶ᠎ᠡ ᠥᠷᠭᠡᠵᠢᠪᠡ᠃ | ᠲᠥᠬᠦᠭᠡᠷᠦᠮᠵᠢ ᠶᠢᠨ ᠲᠠᠷᠢᠶᠠᠯᠠᠩ᠂ ᠵᠤᠭᠠᠴᠠᠨ ᠰᠡᠯᠡᠭᠦᠴᠡᠬᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠤ | ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠬᠡᠪ ᠵᠠᠭᠪᠤᠷ ᠡᠬᠢᠯᠡᠨ ᠢᠯᠡᠷᠡᠵᠦ ᠪᠠᠶᠢᠨ᠎ᠠ᠃ | 9 ᠰᠠᠷ᠎ᠠ ᠪᠣᠯᠲᠠᠯ᠎ᠠ᠂ ᠪᠦᠬᠦ ᠰᠢᠶᠠᠨ ᠤ ᠲᠥᠬᠦᠭᠡᠷᠦᠮᠵᠢ ᠶᠢᠨ ᠲᠠᠷᠢᠶᠠᠯᠠᠩ ᠤᠨ ᠲᠠᠷᠢᠮᠠᠯ ᠤᠨ ᠲᠠᠯᠠᠪᠠᠢ ᠨᠢ 36. | 1 ᠲᠦᠮᠡᠨ ᠮᠦ ᠳᠤ ᠬᠦᠷᠴᠦ᠂ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠡᠯᠳᠡᠪ ᠠᠮᠤ ᠡᠯᠳᠡᠪ | ᠪᠤᠷᠴᠠᠭ ᠤᠨ ᠲᠠᠷᠢᠮᠡᠯ ᠤᠨ ᠲᠠᠯᠠᠪᠠᠢ ᠨᠢ ᠲᠣᠰ ᠲᠣᠰ 32 ᠲᠦᠮᠡᠨ ᠮᠦ᠂ 9 ᠲᠦᠮᠡᠨ ᠮᠦ ᠪᠠ 15 ᠲᠦᠮᠡᠨ | ᠮᠦ ᠳᠤ ᠬᠦᠷᠴᠡᠶ᠃ ᠮᠢᠬᠠᠨ ᠤ ᠦᠬᠡᠷ᠂ ᠭᠠᠭ᠋ᠠᠶ᠂ ᠮᠢᠬᠠᠨ ᠤ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠣᠷ ᠤᠨ ᠲᠤᠭ᠎ᠠ ᠨᠢ 190 ᠬᠦᠷᠪᠡ᠃ | | | ᠤᠷᠴᠢᠭᠤᠯᠤᠭᠴᠢ᠄ ᠰᠣᠷᠭᠤᠭ |