ᠮᠠᠨ ᠤ ᠰᠢᠶᠠᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠢᠯᠡᠷᠬᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2019-09-12
     ᠣᠶᠢᠷ᠎ᠠ ᠶᠢᠨ ᠵᠢᠯ ᠤᠨ ᠲᠤᠷᠰᠢ᠂ ᠰᠢᠩ ᠾᠧ ᠰᠢᠶᠠᠨ ᠨᠢ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠲᠠᠷᠢᠬᠤ ᠪᠠ ᠦᠬᠡᠷ ᠡᠯᠵᠢᠭᠡ ᠲᠡᠵᠢᠭᠡᠨ ᠦᠷᠡᠵᠢᠭᠦᠯᠬᠦ ᠶᠢᠨ ᠲᠣᠭᠤᠷᠢᠨ ᠳᠤ᠂ ︽ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ + ᠲᠣᠯᠣᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠬᠡᠯᠪᠡᠷᠢ ᠪᠠᠷ᠂ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠲᠠᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠣ᠂ ᠨᠡᠶᠢᠰᠯᠡᠯ ᠬᠤᠲᠠ ᠶᠢᠨ ᠠᠷᠠᠳ ᠲᠤ ᠦᠢᠯᠡᠴᠢᠯᠡᠬᠦ ︽ᠲᠥᠪ ᠤᠨ ᠲᠣᠭᠤᠭᠠᠨ ᠭᠡᠷ︾ ᠪᠠ ︽ᠮᠢᠬ᠎ᠠ ᠨᠣᠭᠤᠭᠠᠨ ᠤ ᠬᠠᠩᠭᠠᠯᠭ᠎ᠠ ᠶᠢᠨ ᠢᠨᠵᠧᠨᠧᠷᠢᠩ︾ ᠪᠣᠯᠭᠠᠨ ᠪᠦᠲᠦᠭᠡᠨ ᠪᠠᠶᠢᠭᠤᠯᠪᠠ᠃ ᠤᠯᠠᠮᠵᠢᠯᠠᠯᠲᠤ ᠲᠠᠷᠢᠶᠠᠯᠠᠩ ᠤᠨ ᠲᠠᠷᠢᠮᠠᠯ ᠤᠨ ᠳᠠᠩ ᠴᠤᠯᠭᠤᠶ᠂ ᠵᠢᠵᠢᠭ ᠬᠡᠰᠡᠭ ᠢᠶᠠᠷ ᠡᠵᠡᠩᠨᠡᠬᠦ᠂ ᠲᠩᠷᠢ ᠶᠢᠨ ᠴᠢᠷᠠᠶ ᠶᠢ ᠬᠠᠷᠠᠵᠤ ᠪᠤᠳᠠᠭ᠎ᠠ ᠢᠳᠡᠬᠦ ᠪᠠᠶᠢᠳᠠᠯ ᠠᠭᠠᠵᠢᠮ ᠢᠶᠠᠷ ᠬᠤᠪᠢᠷᠠᠵᠤ ᠪᠠᠶᠢᠨ᠎ᠠ᠃ ᠲᠠᠷᠢᠶᠠᠯᠠᠩ ᠤᠨ ᠪᠣᠬᠢᠷᠲᠤᠯ ᠦᠭᠡᠢ᠂ ᠴᠢᠨᠠᠷᠵᠢᠭᠤᠯᠬᠤ᠂ ᠣᠨᠴᠠᠯᠢᠭᠵᠢᠭᠤᠯᠬᠤ᠂ ᠨᠡᠷᠡᠲᠦ ᠲᠡᠮᠳᠡᠭᠵᠢᠭᠦᠯᠬᠦ ᠬᠢᠷᠢ ᠬᠡᠮᠵᠢᠶ᠎ᠡ ᠨᠢ ᠴᠦ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ ᠃ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠣᠯᠣᠭᠠᠶᠢᠯᠠᠭᠴᠢ ᠠᠵᠤ ᠠᠬᠤᠶᠢᠯᠠᠯ ᠵᠡᠷᠭᠡ ᠶᠢᠨ ᠲᠤᠭ᠎ᠠ ᠬᠡᠮᠵᠢᠶ᠎ᠡ ᠨᠢ ᠲᠠᠰᠤᠷᠠᠯᠲᠠ ᠦᠭᠡᠢ ᠨᠡᠮᠡᠭᠳᠡᠵᠦ᠂ ᠬᠡᠪᠴᠢᠶ᠎ᠡ ᠨᠢ ᠡᠳᠦᠷ ᠢᠷᠡᠬᠦᠶ᠎ᠡ ᠥᠷᠭᠡᠵᠢᠪᠡ᠃ ᠲᠥᠬᠦᠭᠡᠷᠦᠮᠵᠢ ᠶᠢᠨ ᠲᠠᠷᠢᠶᠠᠯᠠᠩ᠂ ᠵᠤᠭᠠᠴᠠᠨ ᠰᠡᠯᠡᠭᠦᠴᠡᠬᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠬᠡᠪ ᠵᠠᠭᠪᠤᠷ ᠡᠬᠢᠯᠡᠨ ᠢᠯᠡᠷᠡᠵᠦ ᠪᠠᠶᠢᠨ᠎ᠠ᠃      9 ᠰᠠᠷ᠎ᠠ ᠪᠣᠯᠲᠠᠯ᠎ᠠ᠂ ᠪᠦᠬᠦ ᠰᠢᠶᠠᠨ ᠤ ᠲᠥᠬᠦᠭᠡᠷᠦᠮᠵᠢ ᠶᠢᠨ ᠲᠠᠷᠢᠶᠠᠯᠠᠩ ᠤᠨ ᠲᠠᠷᠢᠮᠠᠯ ᠤᠨ ᠲᠠᠯᠠᠪᠠᠢ ᠨᠢ 36.1 ᠲᠦᠮᠡᠨ ᠮᠦ ᠳᠤ ᠬᠦᠷᠴᠦ᠂ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠤᠨ ᠲᠠᠷᠢᠮᠡᠯ ᠤᠨ ᠲᠠᠯᠠᠪᠠᠢ ᠨᠢ ᠲᠣᠰ ᠲᠣᠰ 32 ᠲᠦᠮᠡᠨ ᠮᠦ᠂ 9 ᠲᠦᠮᠡᠨ ᠮᠦ ᠪᠠ 15 ᠲᠦᠮᠡᠨ ᠮᠦ ᠳᠤ ᠬᠦᠷᠴᠡᠶ᠃ ᠮᠢᠬᠠᠨ ᠤ ᠦᠬᠡᠷ᠂ ᠭᠠᠭ᠋ᠠᠶ᠂ ᠮᠢᠬᠠᠨ ᠤ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠣᠷ ᠤᠨ ᠲᠤᠭ᠎ᠠ ᠨᠢ 190 ᠬᠦᠷᠪᠡ᠃                                                     ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3