ᠮᠠᠨ ᠤ ᠰᠢᠶᠠᠨ ᠨᠢ ᠠᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾᠎ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019-09-18
     ᠨᠡᠶᠢᠭᠡᠮ ᠨᠡᠶᠢᠲᠡ ᠳᠤ ᠲᠤᠭ᠎ᠠ ᠪᠦᠷᠢᠳᠬᠡᠯ ᠤᠨ ᠠᠵᠢᠯ ᠤᠨ ᠲᠣᠬᠠᠢ ᠤᠯᠠᠮ ᠨᠢᠭᠡ ᠠᠯᠬᠤᠮ ᠤᠬᠠᠭᠤᠯᠭ᠎ᠠ ᠬᠢᠵᠦ᠂ ᠰᠠᠶᠢᠨ ᠰᠠᠶᠢᠬᠠᠨ ᠲᠤᠭ᠎ᠠ ᠪᠦᠷᠢᠳᠬᠡᠯ ᠤᠨ ᠠᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠰᠢᠩ ᠾᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠩ ᠾᠧ ᠰᠢᠶᠠᠨ ᠤ ᠪᠠᠶᠢᠴᠠᠭᠠᠬᠤ ᠠᠩᠭᠢ ᠨᠢ ᠬᠠᠮᠲᠣᠷᠠᠨ᠂ 9 ᠰᠠᠷ᠎ᠠ ᠶᠢᠨ 17᠎ ᠤ ᠡᠳᠦᠷ ᠰᠢᠩ ᠾᠧ ᠰᠢᠶᠠᠨ ᠤ ᠵᠠᠰᠠᠭ ᠤᠨ ᠣᠷᠳᠣᠨ ᠤ ᠲᠥᠪ ᠲᠠᠯᠠᠪᠠᠢ ᠳᠤ ᠠᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾᠎ ᠤᠨ ᠠᠵᠢᠯᠯᠠᠭ᠎ᠠ ᠶᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠲᠤᠭ᠎ᠠ ᠪᠦᠷᠢᠳᠬᠡᠯ ᠤᠨ ᠠᠵᠢᠯ ᠤᠨ ᠤᠭ ᠰᠠᠨᠠᠭ᠎ᠠ ᠶᠢ ᠪᠠᠲᠤ ᠰᠠᠬᠢᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾᠎ ᠪᠠᠷ ᠭᠤᠤᠯ ᠰᠡᠳᠦᠪ ᠪᠣᠯᠭᠠᠵᠤ᠂ ᠰᠢᠨ᠎ᠡ ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ 70 ᠵᠢᠯ ᠤᠨ ᠲᠤᠷᠰᠢᠬᠢ ᠡᠷᠡᠮᠡᠬᠡᠶᠢᠯᠡᠨ ᠳᠠᠪᠰᠢᠵᠤ ᠰᠢᠨ᠎ᠡ ᠶᠢ ᠡᠭᠦᠳᠦᠭᠰᠡᠨ ᠵᠣᠷᠢᠭ ᠰᠠᠨᠠᠭ᠎ᠠ ᠶᠢ ᠢᠯᠡᠷᠡᠭᠦᠯᠪᠡ᠃      ᠣᠶᠢᠷ᠎ᠠ ᠶᠢᠨ ᠵᠢᠯ ᠤᠨ ᠲᠤᠷᠰᠢ᠂ ᠰᠢᠩ ᠾᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠰᠢᠩ ᠾᠧ ᠰᠢᠶᠠᠨ ᠤ ᠪᠠᠶᠢᠴᠠᠭᠠᠬᠤ ᠠᠩᠭᠢ ᠨᠢ ᠰᠢᠩ ᠾᠧ ᠰᠢᠶᠠᠨ ᠤ ᠦᠢᠯᠡᠴᠢᠯᠡᠭᠡᠨ ᠤ ᠬᠡᠯᠪᠡᠷᠢ ᠶᠢᠨ ᠲᠤᠭ᠎ᠠ ᠪᠦᠷᠢᠳᠬᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠣᠭᠲᠠᠯᠴᠠᠭ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠪᠠᠷ ᠠᠵᠠ ᠲᠣᠬᠢᠶᠠᠯ ᠪᠣᠯᠭᠠᠵᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠠᠵᠢᠯᠲᠠᠨ ᠤ ᠰᠢᠯᠢᠳᠡᠭᠵᠢᠭᠦᠯᠦᠯᠲᠡ ᠂ ᠠᠵᠢᠯ ᠶᠢᠨ ᠵᠢᠷᠤᠮᠵᠢᠯ ᠪᠣᠯᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠬᠡᠷᠡᠭᠯᠡᠯᠲᠡ ᠵᠡᠷᠭᠡ ᠠᠭᠤᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠭᠠᠵᠠᠷ ᠣᠷᠣᠨ ᠳᠤ ᠨᠢ ᠲᠣᠬᠢᠷᠠᠯᠴᠠᠭᠰᠠᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠲᠤᠭ᠎ᠠ ᠪᠠᠷᠢᠮᠲᠠ ᠳᠤ ᠪᠠᠲᠤ ᠪᠠᠬᠢ ᠲᠣᠯᠭᠠᠭᠤᠷᠢ ᠬᠦᠴᠦᠨ ᠬᠠᠩᠭᠠᠪᠠ᠃
     ᠲᠤᠬᠠᠶ ᠶᠢᠨ ᠲᠠᠯᠠᠪᠠᠢ ᠳᠤ᠂ ᠦᠵᠡᠭᠦᠯᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ᠂ ᠲᠠᠶᠢᠯᠪᠤᠷᠢᠯᠠᠨ ᠶᠠᠷᠢᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ᠰᠠᠭᠤᠭᠠᠯᠢ ᠡᠷᠦᠬᠡ ᠶᠢᠨ ᠪᠠᠶᠢᠴᠠᠭᠠᠯᠲᠠ᠂ ᠠᠵᠤ ᠠᠬᠤᠶᠢᠯᠠᠯ ᠤᠨ ᠪᠠᠶᠢᠴᠠᠭᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠯᠲᠠ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠶᠢ ᠲᠦᠭᠦᠭᠡᠮᠵᠢᠭᠦᠯᠪᠡ᠃ ᠡᠭᠦᠨ ᠤ ᠬᠠᠮᠲᠤ᠂ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠤ ᠠᠰᠠᠭᠤᠨ ᠯᠠᠪᠯᠠᠬᠤ ᠪᠠ ᠠᠰᠠᠭᠤᠯᠲᠠ ᠳᠤ ᠬᠦᠯᠢᠴᠡᠩᠭᠦᠢ ᠬᠠᠷᠢᠭᠤ ᠦᠭᠴᠦ᠂ ᠨᠡᠶᠢᠭᠡᠮ ᠨᠡᠶᠢᠲᠡ ᠶᠢᠨ ᠣᠨᠴᠠ ᠵᠠᠷᠢᠮ ᠲᠤᠭ᠎ᠠ ᠪᠦᠷᠢᠳᠬᠡᠯ ᠤᠨ ᠲᠤᠬᠠᠢ ᠰᠡᠵᠢᠭᠯᠡᠯ ᠢ ᠤᠯᠠᠮ ᠨᠢᠭᠡ ᠠᠯᠬᠤᠮ ᠠᠷᠢᠯᠭᠠᠵᠤ᠂ ᠣᠯᠠᠨ ᠲᠦᠮᠡᠨ ᠢ ᠦᠨᠡᠨ ᠬᠦ ᠲᠤᠭ᠎ᠠ ᠪᠦᠷᠢᠳᠬᠡᠯ ᠤᠨ ᠠᠵᠢᠯ ᠢ ᠲᠠᠨᠢᠵᠤ᠂ ᠲᠤᠭ᠎ᠠ ᠪᠦᠷᠢᠳᠬᠡᠯ ᠤᠨ ᠠᠵᠢᠯ ᠢ ᠣᠶᠢᠯᠠᠭᠠᠬᠤ ᠵᠣᠷᠢᠯᠲᠠ ᠳᠤ ᠬᠦᠷᠭᠡᠪᠡ᠃      ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠨᠡᠶᠢᠭᠡᠮ ᠤᠨ ᠡᠯ᠎ᠡ ᠡᠲᠡᠭᠡᠳ ᠳᠤ ᠲᠤᠭ᠎ᠠ ᠪᠦᠷᠢᠳᠬᠡᠯ ᠤᠨ ᠠᠵᠢᠯ ᠤᠨ ᠲᠣᠬᠠᠢ ᠨᠠᠩ ᠭᠦᠨᠵᠡᠭᠡᠶ ᠲᠥᠷᠥᠭᠳᠡᠯ ᠪᠠ ᠣᠶᠢᠯᠠᠭᠠᠯᠲᠠ ᠶᠢ ᠬᠠᠩᠭᠠᠪᠠ᠃                                                  ᠵᠣᠬᠢᠶᠠᠭᠴᠢ᠄ ᠭᠥᠸᠧ ᠸᠧᠢ᠂ ᠰᠢᠨ ᠺᠧ                                                  ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3