ᠮᠠᠨ ᠤ ᠰᠢᠶᠠᠨ ᠨᠢ 2019 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019-09-18
     ᠬᠠᠤᠯᠢ ᠶᠣᠰᠣᠭᠠᠷ ᠢᠶᠠᠷ ᠰᠦᠯᠵᠢᠶᠡᠨ ᠳᠤ ᠭᠠᠷᠬᠤ ᠶᠢ ᠤᠬᠠᠭᠤᠯᠤᠨ ᠰᠠᠨᠠᠭᠠᠴᠢᠯᠠᠵᠤ᠂ ᠪᠦᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠪᠣᠯᠪᠠᠰᠤᠨ ᠰᠦᠯᠵᠢᠶᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ 9 ᠰᠠᠷ᠎ᠠ ᠶᠢᠨ 17 ᠤ ᠡᠳᠦᠷ᠂ ᠰᠢᠩ ᠾᠧ ᠰᠢᠶᠠᠨ ᠤ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ︽ᠰᠦᠯᠵᠢᠶᠡᠨ ᠤ ᠠᠮᠤᠷ ᠲᠦᠪᠰᠢᠨ ᠢᠶᠠᠷ ᠠᠷᠠᠳ ᠲᠦᠮᠡᠨ ᠢ ᠬᠠᠮᠠᠭᠠᠯᠠᠵᠣ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠭᠰᠠᠨ ᠰᠢᠩ ᠾᠧ ᠰᠢᠶᠠᠨ ᠤ 2019 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠢᠯᠴᠢᠨ ᠤ ᠡᠪᠯᠡᠯ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠵᠢᠴᠢ ᠰᠢᠩ ᠾᠧ ᠰᠢᠶᠠᠨ ᠤ ᠳᠦᠷᠪᠡᠳᠦᠭᠡᠷ ᠳᠣᠮᠳᠠᠳᠣ ᠰᠣᠷᠭᠠᠭᠤᠯᠢ ᠶᠢᠨ 400 ᠭᠠᠷᠤᠶ ᠪᠠᠭᠰᠢ ᠰᠣᠷᠣᠭᠴᠢᠳ ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠪᠠ᠃
     ᠠᠵᠢᠯᠯᠠᠭᠠᠨ ᠤ ᠳᠣᠮᠲᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠯᠵᠢᠶᠡᠨ ᠤ ᠠᠮᠤᠷ ᠲᠦᠪᠰᠢᠨ ᠤ ᠠᠵᠢᠯᠲᠠᠳ ᠣᠯᠠᠨ ᠳᠤ ︽ᠰᠦᠯᠵᠢᠶᠡᠨ ᠤ ᠠᠮᠤᠷ ᠲᠦᠪᠰᠢᠨ ᠤ ᠮᠡᠳᠡᠯᠭᠡ︾ ᠶᠢ ᠲᠠᠨᠢᠯᠴᠠᠭᠤᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠱᠠᠩᠨᠠᠯ ᠲᠠᠢ ᠰᠡᠳᠦᠪ ᠬᠠᠷᠢᠭᠤᠯᠬᠤ ᠬᠦᠳᠡᠯᠭᠡᠭᠡᠨ ᠦᠷᠨᠢᠭᠦᠯᠪᠡ᠃      ᠠᠵᠢᠯᠯᠠᠭᠠᠨ ᠤ ᠡᠴᠦᠰ ᠲᠤ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠳᠡᠭᠡᠷ᠎ᠡ ᠭᠠᠷ ᠤᠨ ᠦᠰᠦᠭ ᠢᠶᠠᠨ ᠵᠢᠷᠤᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠦᠪᠰᠢᠨ ᠡᠷᠡᠭᠦᠯ ᠪᠣᠯᠪᠠᠰᠤᠨ ᠰᠦᠯᠵᠢᠶᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠰᠦᠯᠵᠢᠶᠡᠨ ᠤ ᠪᠣᠯᠪᠠᠰᠤᠨ ᠢ ᠴᠣᠭᠴᠠᠯᠠᠬᠤ ᠪᠠᠷ ᠴᠢᠷᠮᠠᠶᠢᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠬᠦ ᠪᠠᠷ ᠪᠣᠯᠪᠠ᠃      ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠲᠦᠮᠡᠨ ᠢ ᠬᠤᠳᠠᠯ ᠬᠠᠭᠤᠷᠮᠠᠭ ᠬᠠᠯᠠᠭᠤᠨ ᠴᠡᠭ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ᠂ ᠵᠢᠭᠠᠰᠤ ᠭᠥᠬᠢᠳᠡᠬᠦ ᠰᠦᠯᠵᠢᠶ᠎ᠡ᠂ ᠮᠠᠭᠤ ᠰᠠᠨᠠᠭᠠᠲᠤ ᠬᠤᠶᠠᠷ ᠬᠡᠮᠵᠢᠯᠳᠦ ᠲᠡᠮᠳᠡᠭ᠂ ᠴᠠᠬᠢᠯᠭᠠᠨ ᠬᠤᠯᠪᠣᠭᠠᠨ ᠤ ᠮᠡᠬᠡᠯᠡᠯ᠂ ᠰᠤᠯᠠ ᠳᠣᠬᠢᠶ᠎ᠠ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠤᠯᠵᠤ᠂ ᠪᠥᠬᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃                                                         ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3