ᠨᠠᠷᠠᠨ ᠬᠤᠸᠠᠷ ᠲᠤ ᠪᠤᠷᠳᠤᠭᠤᠷ ᠤᠷᠤᠭᠤᠯᠬᠤ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2019-09-19
     ᠣᠳᠣᠬᠠᠨ ᠳᠤ ᠶᠠᠭ ᠨᠡᠷᠡᠨ ᠬᠤᠸᠠᠷ ᠴᠡᠴᠡᠭ ᠳᠡᠯᠭᠡᠷᠡᠬᠦ ᠬᠤᠭᠤᠴᠠᠭᠠᠨ ᠳᠠᠭᠠᠨ ᠣᠷᠣᠪᠠ᠂ ᠦᠷᠡᠯᠡᠬᠦ ᠬᠤᠭᠤᠴᠠᠭᠠᠨ ᠳᠠᠭᠠᠨ ᠣᠷᠣᠭᠰᠠᠨ ᠤ ᠰᠡᠭᠦᠯᠡᠷ ᠠᠮᠠᠷᠬᠠᠨ ᠨᠠᠯᠠᠨ ᠤᠨᠠᠳᠠᠭ᠂ ᠨᠡᠷᠡᠨ ᠬᠤᠸᠠᠷ ᠤᠨ ᠴᠡᠴᠡᠭ ᠳᠡᠯᠭᠡᠷᠡᠬᠦ ᠬᠤᠭᠤᠴᠠᠭ᠎ᠠ ᠪᠣᠯ ᠤᠰᠤ ᠪᠣᠷᠳᠣᠭᠤᠷ ᠬᠡᠷᠡᠭᠰᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠨᠡ ᠦᠶ᠎ᠡ ᠳᠤ ᠪᠣᠷᠳᠣᠭᠤᠷ ᠨᠡᠮᠡᠵᠦ ᠣᠰᠣᠯᠠᠪᠠᠯ ᠵᠣᠬᠢᠨ᠎ᠠ᠂ ᠶᠡᠷᠦ ᠳᠡᠭᠡᠨ ᠨᠡᠷᠡᠨ ᠬᠤᠸᠠᠷ ᠤᠨ ᠤᠨᠠᠯᠲᠠ ᠨᠢ 400 - 500 ᠵᠢᠩ ᠬᠦᠷᠳᠡᠭ ᠭᠠᠵᠠᠷ ᠲᠤ᠂ ᠰᠢᠭᠡᠰᠦᠯᠢᠭ ᠡᠳ᠋ ᠶᠢ ᠮᠦ ᠪᠥᠷᠢ ᠳᠤ 15 - 20 ᠺᠢᠯᠣᠭ᠍ᠷᠠᠮ ᠬᠡᠷᠡᠭᠰᠡᠨ᠎ᠡ᠂ ᠲᠤᠰ ᠤᠳᠠᠭ᠎ᠠ ᠪᠤᠷᠳᠤᠭᠤᠷ ᠤᠷᠤᠭᠤᠯᠬᠤ ᠳᠠᠭᠠᠨ ᠵᠣᠬᠢᠬᠤ ᠬᠡᠮᠵᠢᠶᠡᠨ ᠤ ᠺᠠᠯᠢ ᠪᠣᠷᠳᠣᠭᠤᠷ ᠨᠡᠮᠡᠵᠦ᠂ ᠰᠡᠭᠦᠯ ᠤᠨ ᠬᠤᠭᠤᠴᠠᠭᠠᠨ ᠤ ᠨᠠᠪᠴᠢᠨ ᠤ ᠴᠢᠳᠠᠮᠵᠢ ᠶᠢ ᠨᠡᠮᠡᠭᠳᠡᠭᠦᠯᠦᠨ᠂ ᠡᠪᠡᠳᠴᠢᠨ ᠡᠰᠡᠷᠭᠦᠴᠡᠬᠦ ᠴᠢᠳᠠᠪᠬᠢ ᠶᠢ ᠳᠡᠭᠡᠭᠰᠢᠯᠡᠭᠦᠯᠵᠦ᠂ ᠨᠠᠯᠠᠨ ᠤᠨᠠᠬᠤ ᠠᠴᠠ ᠰᠡᠷᠭᠡᠶᠢᠯᠡᠨ᠎ᠡ᠃      ᠨᠡᠷᠡᠨ ᠬᠤᠸᠠᠷ ᠤᠨ ᠠᠵᠤ ᠦᠢᠯᠡᠰ ᠤᠨ ᠬᠥᠭᠵᠢᠯᠲᠡ ᠳᠤᠮᠳᠠ᠂ ᠣᠳᠣᠬᠠᠨ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠪᠣᠯ ᠳᠠᠷᠤᠶ ᠨᠠᠷᠠᠨ ᠬᠤᠸᠠᠷ ᠤᠨ ᠮᠥᠬᠦᠯᠢᠭ ᠤᠨ ᠭᠠᠳᠠᠷ ᠬᠠᠯᠢᠰᠣᠨ ᠤ ᠥᠩᠭᠡ ᠣᠨᠠᠬᠤ ᠠᠰᠠᠭᠤᠳᠠᠯ ᠬᠦᠨᠳᠦ ᠨᠣᠴᠢᠲᠠᠶ ᠪᠠᠶᠢᠭ᠎ᠠ ᠶᠠᠪᠤᠳᠠᠯ ᠪᠣᠯᠤᠨ᠎ᠠ᠂ ᠵᠣᠬᠢᠬᠤ ᠬᠡᠮᠵᠢᠶᠡᠨ ᠤ ᠺᠠᠯᠢ ᠪᠣᠷᠳᠣᠭᠤᠷ ᠨᠥᠬᠦᠪᠥᠷᠢᠯᠡᠪᠡᠯ ᠲᠠᠷᠢᠮᠠᠯ ᠤᠨ ᠤᠶᠠᠨ ᠵᠥᠭᠡᠯᠡᠨ ᠴᠢᠨᠠᠷ ᠢ ᠨᠡᠮᠡᠭᠳᠡᠭᠦᠯᠵᠦ᠂ ᠦᠷᠡᠯᠡᠬᠦ ᠨᠣᠷᠮ᠎ᠠ ᠶᠢ ᠳᠡᠭᠡᠭᠰᠢᠯᠡᠭᠦᠯᠵᠦ᠂ ᠪᠠᠰᠠ ᠮᠥᠬᠦᠯᠢᠭ ᠤᠨ ᠦᠩᠭᠡᠴᠡ ᠶᠢ ᠳᠡᠭᠡᠭᠰᠢᠯᠡᠭᠦᠯᠵᠦ ᠴᠢᠳᠠᠨ᠎ᠠ᠂ ᠳᠠᠷᠤᠢ ᠬᠤᠳᠠᠯᠳᠤᠬᠤ ᠳᠤ ᠳᠥᠭᠦᠮ ᠪᠥᠭᠡᠳ ᠬᠠᠩᠰᠢ ᠨᠢ ᠥᠨᠳᠦᠷ ᠪᠤᠯᠪᠠᠯ᠂ ᠲᠠᠷᠢᠶᠠᠴᠢᠨ ᠤ ᠠᠰᠢᠭ ᠤᠷᠤᠯᠭ᠎ᠠ ᠨᠢ ᠴᠦ ᠢᠯᠡᠭᠦᠦ ᠪᠤᠯᠤᠨ᠎ᠠ᠃      ᠲᠡᠷᠡᠴᠢᠯᠡᠨ ᠨᠡᠷᠡᠨ ᠬᠤᠸᠠᠷ ᠢ ᠣᠯᠠᠩᠬᠢ ᠳᠠᠭᠠᠨ ᠬᠤᠵᠢᠷᠯᠢᠭ ᠭᠠᠵᠠᠷ ᠪᠠ ᠭᠤᠤᠯ ᠤᠨ ᠳᠠᠩ ᠭᠠᠵᠠᠷ ᠲᠤ ᠲᠠᠷᠢᠵᠤ᠂ ᠡᠭᠡᠯᠵᠢᠯᠡᠨ ᠲᠠᠷᠢᠬᠤ ᠳᠤ ᠨᠡᠯᠢᠶᠡᠳ ᠬᠦᠴᠢᠷᠲᠡᠶ ᠤᠴᠢᠷ ᠠᠴᠠ ᠵᠠᠯᠭᠠᠯᠳᠤᠭᠰᠠᠨ ᠬᠠᠷᠰᠢ ᠰᠠᠭᠠᠳ ᠬᠥᠨᠳᠦ ᠨᠣᠴᠢᠲᠠᠢ ᠪᠠᠶᠢᠳᠠᠭ᠂ ᠡᠶᠢᠮᠦ ᠠᠴᠠ ᠡᠷᠬᠡᠪᠰᠢ ᠠᠽᠣᠲ ᠹᠣᠰᠹᠣᠷ ᠺᠠᠯᠢ ᠪᠤᠷᠳᠤᠭᠤᠷ ᠢ ᠬᠠᠪᠰᠤᠷᠭᠠᠨ ᠬᠡᠷᠡᠭᠯᠡᠵᠦ᠂ ᠳᠤᠮᠳᠠ ᠵᠡᠷᠭᠡ ᠶᠢᠨ ᠪᠢᠴᠢᠯ ᠡᠯᠧᠮᠧᠨ᠋ᠲ ᠢ ᠬᠡᠷᠡᠭᠯᠡᠨ᠎ᠡ᠃      ᠦᠢᠯᠡᠳᠪᠦᠷᠢᠯᠡᠯ ᠤᠨ ᠳᠤᠮᠳᠠ ᠵᠠᠷᠢᠮ ᠳᠠᠭᠠᠨ ᠨᠠᠷᠠᠨ ᠬᠤᠸᠠᠷ ᠤᠨ ᠲᠣᠯᠣᠭᠠᠶ ᠳᠠᠰᠤᠷᠠᠨ ᠤᠨᠠᠬᠤ ᠦᠵᠡᠭᠳᠡᠯ ᠭᠠᠷᠳᠠᠭ᠂ ᠲᠠᠷᠢᠶᠠᠴᠢᠳ ᠡᠭᠦᠨ ᠢ ᠶᠠᠭ ᠬᠠᠳᠤᠭᠤᠷ ᠢᠶᠠᠷ ᠣᠭᠲᠣᠯᠣᠭᠰᠠᠨ ᠮᠡᠲᠦ ᠭᠡᠵᠦ ᠶᠠᠷᠢᠳᠠᠭ ᠪᠣᠯᠪᠠᠴᠤ ᠦᠨᠡᠨ ᠳᠡᠭᠡᠨ ᠡᠨᠡ ᠨᠢ ᠪᠤᠷ ᠡᠯᠧᠮᠧᠨ᠋ᠲ ᠳᠤᠲᠠᠭᠳᠠᠭᠰᠠᠨ ᠠᠴᠠ ᠪᠣᠯᠤᠭᠰᠠᠨ ᠶᠤᠮ᠃ ᠡᠶᠢᠮᠦᠷᠬᠦᠦ ᠦᠵᠡᠭᠳᠡᠯ ᠤᠨ ᠪᠤᠢ ᠪᠤᠯᠤᠭᠰᠠᠨ ᠰᠢᠯᠲᠠᠭᠠᠨ ᠨᠢ ᠨᠢᠭᠡ ᠳᠤ ᠡᠭᠦᠯᠳᠡᠷ ᠲᠠᠢ ᠬᠤᠯᠪᠣᠭ᠎ᠠ ᠲᠠᠢ᠂ ᠵᠠᠷᠢᠮ ᠡᠭᠦᠯᠳᠡᠷ ᠨᠢ ᠪᠤᠷ ᠪᠣᠷᠳᠣᠭᠤᠷ ᠲᠤ ᠨᠡᠯᠢᠶᠡᠳ ᠰᠡᠷᠭᠡᠭ ᠪᠠᠶᠢᠳᠠᠭ᠂ ᠭᠡᠪᠡᠴᠦ ᠣᠯᠠᠩᠬᠢ ᠨᠢ ᠬᠠᠰᠢ ᠯᠠ ᠲᠠᠷᠢᠶᠠᠨ ᠭᠠᠵᠠᠷ ᠲᠤ ᠥᠷᠭᠦᠯᠵᠢᠯᠡᠭᠰᠡᠨ ᠴᠢᠨᠠᠷᠲᠠᠢ ᠲᠠᠷᠢᠶᠠᠯᠠᠭ᠎ᠠ ᠠᠴᠠ ᠪᠣᠯᠵᠤ ᠪᠤᠷ ᠳᠤᠲᠠᠭᠳᠠᠳᠠᠭ᠃ ᠪᠤᠷ ᠪᠣᠷᠳᠣᠭᠤᠷ ᠨᠥᠬᠦᠪᠥᠷᠢᠯᠡᠬᠦ ᠳᠤ ᠦᠷ᠎ᠡ ᠶᠢᠨ ᠪᠤᠷᠳᠤᠭᠤᠷ ᠲᠠᠢ ᠬᠠᠮᠲᠤ ᠲᠠᠷᠢᠬᠤ ᠦᠶᠡᠰ ᠨᠥᠬᠦᠵᠦ ᠤᠷᠤᠭᠤᠯᠵᠤ ᠪᠤᠯᠤᠨ᠎ᠠ᠂ ᠪᠠᠰᠠ ᠨᠠᠪᠴᠢᠨ ᠳᠤᠨᠢ ᠰᠦᠷᠴᠢᠨ ᠨᠥᠬᠦᠪᠥᠷᠢᠯᠡᠵᠦ ᠪᠣᠯᠤᠨ᠎ᠠ᠃                              ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ                                         ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                              ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3