ᠮᠠᠨ ᠤ ᠰᠢᠶᠠᠨ ᠤ ᠲᠦᠮᠡ ᠭᠠᠷᠤᠶ ᠲᠠᠷᠢᠶᠠᠯᠠᠩ ᠤᠨ ᠮᠠᠰᠢᠨ ᠨᠠᠮᠤᠷ ᠤᠨ ᠬᠤᠷᠢᠶᠠᠯᠲᠠ ᠳᠤ ︽ᠶᠠᠭᠠᠷᠠᠵᠤ︾ ᠪᠠᠶᠢᠨ᠎ᠠ
ᠨᠡᠶᠢᠲᠡᠯᠡᠭᠰᠡᠨ ᠴᠠᠭ᠄
2019-09-23
     ᠡᠳᠦᠭᠡ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠦ᠂ ᠰᠢᠩ ᠾᠧ ᠰᠢᠶᠠᠨ ᠤ ᠬᠥᠳᠡᠭᠡ ᠲᠣᠰᠬᠤᠨ ᠳᠤ᠂ ᠲᠠᠷᠢᠶᠠᠴᠢᠳ  ᠲᠠᠷᠢᠶᠠᠨ ᠭᠠᠵᠠᠷ ᠤᠨ ᠲᠠᠷᠢᠮᠠᠯ ᠢᠶᠠᠨ ᠴᠠᠭ ᠲᠣᠬᠠᠢ ᠳᠤᠨᠢ ᠬᠤᠷᠢᠶᠠᠵᠤ᠂ 1.1 ᠲᠦᠮᠡ ᠭᠠᠷᠤᠶ ᠰᠠᠭᠤᠷᠢ ᠲᠠᠷᠢᠶᠠᠯᠠᠩ ᠤᠨ ᠮᠠᠰᠢᠨ ᠠᠵᠢᠯ ᠢᠶᠠᠨ ᠡᠬᠢᠯᠡᠭᠦᠯᠪᠡ᠃      ᠣᠶᠢᠷ᠎ᠠ ᠶᠢᠨ ᠡᠳᠦᠷ᠂ ᠰᠠᠶᠢᠨ ᠤᠰᠤ ᠪᠠᠯᠭᠠᠰᠣ ᠶᠢᠨ ᠰᠠᠶᠢᠨ ᠤᠰᠤ ᠲᠣᠰᠬᠤᠨ ᠤ ᠲᠥᠮᠥᠰᠥ ᠬᠤᠷᠢᠶᠠᠬᠤ ᠠᠬᠤᠶ ᠲᠠᠯᠠᠪᠠᠢ ᠳᠤ᠂ ᠨᠢᠭᠡ ᠪᠦᠯᠦᠭ ᠲᠥᠮᠥᠰᠥ ᠬᠤᠷᠢᠶᠠᠬᠤ ᠮᠠᠰᠢᠨ ᠲᠠᠷᠢᠶᠠᠨ ᠳᠣᠲᠣᠷ᠎ᠠ ᠨᠠᠰᠢ ᠴᠠᠰᠢ ᠰᠦᠯᠵᠢᠯᠳᠦᠵᠦ᠂ ᠲᠥᠮᠥᠰᠥ ᠶᠢᠨ ᠲᠠᠷᠢᠶᠠᠨ ᠳᠤ ᠭᠠᠵᠠᠷ ᠰᠠᠢ ᠦᠭᠡᠢ ᠠᠯᠲᠠᠨ ᠰᠢᠷᠭᠠᠯ ᠲᠥᠮᠥᠰᠥ ᠪᠠᠶᠢᠵᠤ᠂ ᠨᠠᠮᠤᠷ ᠤᠨ ᠬᠤᠷᠢᠶᠠᠯᠲᠠ ᠶᠢᠨ ᠭᠤᠶᠤ ᠦᠵᠡᠮᠵᠢ ᠶᠢ ᠵᠢᠷᠤᠭᠯᠠᠵᠤ ᠪᠠᠶᠢᠪᠠ᠃      ᠲᠠᠷᠢᠶᠠᠴᠢᠳ ᠤᠨ ᠲᠠᠷᠢᠮᠠᠯ ᠬᠤᠷᠢᠶᠠᠬᠤ ᠠᠬᠢᠴᠠ ᠶᠢ ᠲᠦᠷᠭᠡᠳᠬᠡᠬᠦ ᠲᠥᠯᠥᠭᠡ᠂ ᠰᠢᠩ ᠾᠧ ᠰᠢᠶᠠᠨ ᠤ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠥᠮᠥᠰᠥ᠂ ᠡᠷᠳᠡᠨᠢ ᠰᠢᠰᠢ ᠶᠢ ᠮᠠᠰᠢᠨ ᠢᠶᠠᠷ ᠬᠤᠷᠢᠶᠠᠬᠤ ᠶᠢᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ 1000 ᠭᠠᠷᠤᠶ ᠲᠠᠷᠢᠮᠠᠯ ᠬᠤᠷᠢᠶᠠᠬᠤ ᠮᠠᠰᠢᠨ ᠢ ᠣᠷᠣᠭᠤᠯᠵᠤ ᠲᠠᠷᠢᠶᠠᠴᠢᠳ ᠢ ᠬᠠᠪᠰᠤᠷᠤᠨ ᠲᠠᠷᠢᠮᠠᠯ ᠬᠤᠷᠢᠶᠠᠬᠤ ᠠᠵᠢᠯ ᠢ ᠬᠢᠵᠡᠶ᠃ ᠮᠧᠬᠠᠨᠢᠭᠵᠢᠭᠤᠯᠤᠨ ᠠᠵᠢᠯᠯᠠᠬᠤ ᠨᠢ ᠲᠠᠷᠢᠮᠠᠯ ᠤᠨ ᠵᠦᠢᠯ ᠤᠨ ᠬᠠᠳᠤᠵᠤ ᠬᠤᠷᠢᠶᠠᠬᠤ ᠴᠠᠭ ᠢ ᠶᠡᠭᠡ ᠪᠠᠷ ᠪᠣᠭᠤᠨᠢᠰᠬᠠᠭᠰᠠᠨ ᠢᠶᠠᠷ ᠪᠠᠷᠠᠬᠤ ᠦᠭᠡᠢ᠂ ᠲᠠᠷᠢᠶᠠᠴᠢᠳ ᠤᠨ ᠳᠠᠷᠤᠭᠠᠰᠤ ᠶᠢ ᠴᠤ ᠬᠥᠩᠭᠡᠷᠡᠭᠦᠯᠵᠦ᠂ ᠴᠠᠭ ᠢ ᠴᠤ ᠠᠷᠪᠢᠯᠡᠪᠠ᠃ ᠣᠳᠣᠬᠠᠨ ᠳᠤ᠂ ᠪᠠᠷᠤᠭ 45 ᠲᠦᠮᠡᠨ ᠮᠤ᠋ ᠲᠥᠮᠥᠰᠥ ᠶᠢᠨ ᠬᠤᠷᠢᠶᠠᠯᠲᠠ ᠶᠢ ᠪᠡᠶᠡᠯᠡᠭᠦᠯᠵᠦ᠂ ᠵᠢᠱᠢᠯᠲᠡ ᠪᠠᠷ ᠪᠦᠬᠦ᠋ᠢᠯᠡ ᠨᠠᠮᠤᠷ ᠤᠨ ᠬᠤᠷᠢᠶᠠᠯᠲᠠ ᠶᠢᠨ ᠠᠵᠢᠯ 10 ᠰᠠᠷ᠎ᠠ ᠶᠢᠨ ᠳᠤᠮᠳᠠᠴᠢ ᠪᠠᠷ ᠪᠦᠬᠦᠨ ᠢᠶᠠᠷ ᠢᠶᠠᠨ ᠳᠠᠭᠤᠰᠬᠤ ᠪᠣᠯᠤᠨ᠎ᠠ᠃                                                  ᠵᠣᠬᠢᠶᠠᠭᠴᠢ᠄ ᠬᠤᠣ ᠳ᠋ᠸᠡᠩ ᠬᠠᠢ                                                  ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3