| | ᠡᠳᠦᠭᠡ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠦ᠂ ᠰᠢᠩ ᠾᠧ | ᠰᠢᠶᠠᠨ ᠤ ᠬᠥᠳᠡᠭᠡ ᠲᠣᠰᠬᠤᠨ ᠳᠤ᠂ ᠲᠠᠷᠢᠶᠠᠴᠢᠳ ᠲᠠᠷᠢᠶᠠᠨ ᠭᠠᠵᠠᠷ ᠤᠨ ᠲᠠᠷᠢᠮᠠᠯ ᠢᠶᠠᠨ ᠴᠠᠭ ᠲᠣᠬᠠᠢ ᠳᠤᠨᠢ | ᠬᠤᠷᠢᠶᠠᠵᠤ᠂ 1.1 ᠲᠦᠮᠡ ᠭᠠᠷᠤᠶ ᠰᠠᠭᠤᠷᠢ ᠲᠠᠷᠢᠶᠠᠯᠠᠩ ᠤᠨ ᠮᠠᠰᠢᠨ ᠠᠵᠢᠯ ᠢᠶᠠᠨ ᠡᠬᠢᠯᠡᠭᠦᠯᠪᠡ᠃ | ᠣᠶᠢᠷ᠎ᠠ ᠶᠢᠨ ᠡᠳᠦᠷ᠂ ᠰᠠᠶᠢᠨ ᠤᠰᠤ ᠪᠠᠯᠭᠠᠰᠣ ᠶᠢᠨ ᠰᠠᠶᠢᠨ ᠤᠰᠤ ᠲᠣᠰᠬᠤᠨ ᠤ ᠲᠥᠮᠥᠰᠥ ᠬᠤᠷᠢᠶᠠᠬᠤ | ᠠᠬᠤᠶ ᠲᠠᠯᠠᠪᠠᠢ ᠳᠤ᠂ ᠨᠢᠭᠡ ᠪᠦᠯᠦᠭ ᠲᠥᠮᠥᠰᠥ ᠬᠤᠷᠢᠶᠠᠬᠤ ᠮᠠᠰᠢᠨ ᠲᠠᠷᠢᠶᠠᠨ ᠳᠣᠲᠣᠷ᠎ᠠ ᠨᠠᠰᠢ ᠴᠠᠰᠢ | ᠰᠦᠯᠵᠢᠯᠳᠦᠵᠦ᠂ ᠲᠥᠮᠥᠰᠥ ᠶᠢᠨ ᠲᠠᠷᠢᠶᠠᠨ ᠳᠤ ᠭᠠᠵᠠᠷ ᠰᠠᠢ ᠦᠭᠡᠢ ᠠᠯᠲᠠᠨ ᠰᠢᠷᠭᠠᠯ ᠲᠥᠮᠥᠰᠥ ᠪᠠᠶᠢᠵᠤ᠂ | ᠨᠠᠮᠤᠷ ᠤᠨ ᠬᠤᠷᠢᠶᠠᠯᠲᠠ ᠶᠢᠨ ᠭᠤᠶᠤ ᠦᠵᠡᠮᠵᠢ ᠶᠢ ᠵᠢᠷᠤᠭᠯᠠᠵᠤ ᠪᠠᠶᠢᠪᠠ᠃ | ᠲᠠᠷᠢᠶᠠᠴᠢᠳ ᠤᠨ ᠲᠠᠷᠢᠮᠠᠯ ᠬᠤᠷᠢᠶᠠᠬᠤ ᠠᠬᠢᠴᠠ ᠶᠢ ᠲᠦᠷᠭᠡᠳᠬᠡᠬᠦ ᠲᠥᠯᠥᠭᠡ᠂ ᠰᠢᠩ ᠾᠧ ᠰᠢᠶᠠᠨ ᠤ | ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠲᠥᠮᠥᠰᠥ᠂ ᠡᠷᠳᠡᠨᠢ ᠰᠢᠰᠢ ᠶᠢ ᠮᠠᠰᠢᠨ ᠢᠶᠠᠷ ᠬᠤᠷᠢᠶᠠᠬᠤ ᠶᠢᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ 1000 | ᠭᠠᠷᠤᠶ ᠲᠠᠷᠢᠮᠠᠯ ᠬᠤᠷᠢᠶᠠᠬᠤ ᠮᠠᠰᠢᠨ ᠢ ᠣᠷᠣᠭᠤᠯᠵᠤ ᠲᠠᠷᠢᠶᠠᠴᠢᠳ ᠢ ᠬᠠᠪᠰᠤᠷᠤᠨ ᠲᠠᠷᠢᠮᠠᠯ ᠬᠤᠷᠢᠶᠠᠬᠤ ᠠᠵᠢᠯ ᠢ | ᠬᠢᠵᠡᠶ᠃ ᠮᠧᠬᠠᠨᠢᠭᠵᠢᠭᠤᠯᠤᠨ ᠠᠵᠢᠯᠯᠠᠬᠤ ᠨᠢ ᠲᠠᠷᠢᠮᠠᠯ ᠤᠨ ᠵᠦᠢᠯ ᠤᠨ ᠬᠠᠳᠤᠵᠤ ᠬᠤᠷᠢᠶᠠᠬᠤ ᠴᠠᠭ ᠢ ᠶᠡᠭᠡ ᠪᠠᠷ | ᠪᠣᠭᠤᠨᠢᠰᠬᠠᠭᠰᠠᠨ ᠢᠶᠠᠷ ᠪᠠᠷᠠᠬᠤ ᠦᠭᠡᠢ᠂ ᠲᠠᠷᠢᠶᠠᠴᠢᠳ ᠤᠨ ᠳᠠᠷᠤᠭᠠᠰᠤ ᠶᠢ ᠴᠤ ᠬᠥᠩᠭᠡᠷᠡᠭᠦᠯᠵᠦ᠂ ᠴᠠᠭ ᠢ ᠴᠤ | ᠠᠷᠪᠢᠯᠡᠪᠠ᠃ ᠣᠳᠣᠬᠠᠨ ᠳᠤ᠂ ᠪᠠᠷᠤᠭ 45 ᠲᠦᠮᠡᠨ ᠮᠤ᠋ ᠲᠥᠮᠥᠰᠥ ᠶᠢᠨ ᠬᠤᠷᠢᠶᠠᠯᠲᠠ ᠶᠢ ᠪᠡᠶᠡᠯᠡᠭᠦᠯᠵᠦ᠂ | ᠵᠢᠱᠢᠯᠲᠡ ᠪᠠᠷ ᠪᠦᠬᠦ᠋ᠢᠯᠡ ᠨᠠᠮᠤᠷ ᠤᠨ ᠬᠤᠷᠢᠶᠠᠯᠲᠠ ᠶᠢᠨ ᠠᠵᠢᠯ 10 ᠰᠠᠷ᠎ᠠ ᠶᠢᠨ ᠳᠤᠮᠳᠠᠴᠢ ᠪᠠᠷ ᠪᠦᠬᠦᠨ ᠢᠶᠠᠷ ᠢᠶᠠᠨ | ᠳᠠᠭᠤᠰᠬᠤ ᠪᠣᠯᠤᠨ᠎ᠠ᠃ | | | ᠵᠣᠬᠢᠶᠠᠭᠴᠢ᠄ ᠬᠤᠣ ᠳ᠋ᠸᠡᠩ ᠬᠠᠢ | ᠣᠷᠴᠢᠭᠤᠯᠣᠭᠴᠢ᠄ ᠰᠣᠷᠭᠤᠭ |