ᠰᠢᠩ ᠾᠧ ᠰᠢᠶᠠᠨ ᠤ ᠬᠡᠤᠬᠡᠳ ᠤᠨ ᠴᠡᠴᠡᠷᠯᠢᠭ ᠨᠢ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠭᠠᠷᠠᠭ ᠤᠨ ᠬᠦᠳᠡᠯᠭᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2019-09-25
     ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮᠵᠢᠭᠦᠯᠦᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠪᠣᠯᠣᠨ ᠰᠣᠷᠣᠭᠴᠢᠳ ᠤᠨ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠶᠢᠨ ᠤᠬᠠᠮᠰᠠᠷ ᠢ ᠪᠤᠢ ᠪᠣᠯᠭᠠᠬᠤ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 16 ᠤ ᠡᠳᠦᠷ ᠠᠴᠠ 22 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠬᠡᠤᠬᠡᠳ ᠤᠨ ᠴᠡᠴᠡᠷᠯᠢᠭ ᠨᠢ ᠪᠦᠬᠦ ᠤᠯᠤᠰ ᠤᠨ 22 ᠳ᠋ᠤᠭᠠᠷ ᠤᠳᠠᠭᠠᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠲᠤ ᠡᠯᠪᠡᠭ ᠪᠠᠶᠠᠯᠢᠭ ᠠᠭᠤᠯᠭ᠎ᠠ ᠲᠠᠢ ᠲᠦᠭᠡᠮᠡᠯᠵᠢᠭᠦᠯᠬᠦ ᠬᠦᠳᠡᠯᠭᠡᠭᠡᠨ ᠶᠢ ᠥᠷᠨᠢᠭᠦᠯᠪᠡ᠃      ᠡᠯ᠎ᠡ ᠠᠩᠭᠢ ᠨᠢ ᠬᠡᠤᠬᠡᠳ ᠤᠨ ᠨᠠᠰᠤᠨ ᠤ ᠣᠨᠴᠠᠯᠢᠭ ᠢ ᠦᠨᠳᠦᠰᠦᠯᠡᠨ ᠬᠡᠤᠬᠡᠳ ᠤᠨ ᠳᠠᠭᠤᠤ ᠶᠠᠷᠢᠬᠤ᠂ ᠦᠯᠢᠭᠡᠷ ᠶᠠᠷᠢᠬᠤ ᠵᠡᠷᠭᠡ ᠬᠦᠳᠡᠯᠭᠡᠭᠡᠨ ᠶᠢ ᠦᠷᠨᠢᠭᠦᠯᠵᠦ᠂  ᠪᠠᠰᠠ ᠤᠬᠠᠭᠤᠯᠭ᠎ᠠ ᠶᠢᠨ ᠰᠠᠮᠪᠠᠷ᠎ᠠ ᠪᠠᠷ ᠳᠠᠮᠵᠢᠭᠤᠯᠤᠨ ᠭᠡᠷ ᠤᠨ ᠠᠬᠠᠮᠠᠳ ᠲᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠢ ᠤᠬᠠᠭᠤᠯᠵᠤ᠂ ᠭᠡᠷ ᠤᠨ ᠠᠬᠠᠮᠠᠳ ᠤᠨ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠵᠡᠶ᠃      ᠴᠡᠴᠡᠷᠯᠢᠭ ᠨᠢ ᠲᠣᠰ ᠤᠳᠠᠭᠠᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠭᠠᠷᠠᠭ ᠤᠨ ᠬᠦᠳᠡᠯᠭᠡᠭᠡᠨ ᠢᠶᠠᠷ ᠠᠵᠠ ᠲᠣᠬᠢᠶᠠᠯ ᠪᠣᠯᠭᠠᠵᠤ᠂ ᠪᠠᠭᠰᠢ ᠰᠣᠷᠣᠭᠴᠢᠳ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠲᠡᠭᠦᠨ ᠢ ᠬᠡᠤᠬᠡᠳ ᠤᠨ ᠴᠡᠴᠡᠷᠯᠢᠭ ᠤᠨ ᠡᠳᠦᠷ ᠲᠣᠲᠤᠮ ᠤᠨ ᠬᠠᠮᠢᠶᠠᠷᠤᠯᠲᠠ ᠳᠤ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠣᠶᠤᠨ ᠤ ᠪᠣᠯᠪᠠᠰᠤᠨ ᠤ ᠪᠠᠶᠢᠭᠤᠯᠣᠯᠲᠠ ᠪᠣᠯᠤᠨ ᠪᠠᠭᠰᠢ ᠰᠣᠷᠣᠭᠴᠢᠳ ᠤᠨ ᠦᠰᠦᠨ ᠪᠤᠶᠢᠵᠢᠬᠤ ᠳᠤ ᠬᠤᠪᠢ ᠨᠡᠮᠡᠷᠢ ᠦᠵᠡᠭᠦᠯᠪᠡ᠃                                                      ᠣᠷᠴᠢᠭᠤᠯᠣᠭᠴᠢ᠄ ᠰᠣᠷᠭᠤᠭ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3