ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠪᠠᠷ ᠥᠷᠨᠢᠭᠦᠯᠵᠦ ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2019-09-28
ᠰᠤᠷᠪᠤᠯᠵᠢᠯᠠᠭᠰᠠᠨ ᠴᠠᠭ᠄      2019 ᠣᠨ ᠤ 07 ᠳ᠋ᠤᠭᠠᠷ ᠰᠠᠷ᠎ᠠ ᠶᠢᠨ 29᠎ ᠤ ᠡᠳᠦᠷ ᠤᠨ 15 ᠴᠠᠭ ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃                      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ ᠯᠢ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ ᠯᠢ ᠳ᠋ᠦᠩ ᠱᠧᠩ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠠᠭᠤᠨ ᠳᠤ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠲᠤᠬᠠᠢ ᠲᠠᠨᠢᠯᠴᠠᠭᠤᠯᠤᠭᠠᠳ ᠥᠭᠭᠦᠨ᠎ᠡ ᠦᠦ︖ ᠯᠢ ᠳ᠋ᠦᠩ ᠱᠧᠩ᠄      ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠮᠥᠨ ᠴᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠨ ᠪᠡᠶᠡᠯᠡᠭᠦᠯᠦᠨ᠂ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ ᠰᠢᠨ᠎ᠡ ᠬᠥᠭᠵᠢᠯᠲᠡ ᠶᠢ ᠪᠡᠶᠡᠯᠡᠭᠦᠯᠦᠭᠰᠡᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠮᠥᠨ︾ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ ᠪᠠᠰᠠ ︽ᠪᠢᠳᠡ ᠠᠵᠤ ᠠᠬᠤᠢ ᠶᠢ ᠬᠥᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠵᠠᠷᠢᠮ ᠭᠤᠣᠯᠳᠠᠯᠭ᠎ᠠ ᠲᠠᠢ᠂ ᠬᠦᠴᠢᠷᠳᠡᠯ ᠲᠠᠢ ᠠᠰᠠᠭᠤᠳᠠᠯ ᠢ ᠠᠳᠬᠤᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠠᠷᠠᠳ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠲᠠᠯ᠎ᠠ ᠪᠠᠷ ᠮᠥᠨ ᠬᠦ ᠮᠠᠰᠢ ᠣᠯᠠᠨ ᠠᠰᠠᠭᠤᠳᠠᠯ ᠣᠷᠣᠰᠢᠵᠤ ᠪᠠᠶᠢᠨ᠎ᠠ᠃ ᠡᠨᠡ ᠬᠦ ᠪᠠᠶᠢᠳᠠᠯ ᠳᠣᠣᠷ᠎ᠠ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠬᠤ ᠲᠠᠯ᠎ᠠ ᠪᠠᠷ ᠠᠩᠬᠠᠷᠤᠭᠤᠯᠤᠨ ᠲᠥᠪᠯᠡᠷᠡᠭᠦᠯᠵᠦ᠂ ᠠᠮᠤᠷ ᠲᠦᠪᠰᠢᠨ ᠮᠥᠷᠲᠡᠭᠡᠨ ᠬᠠᠨᠤᠮᠵᠢᠲᠠᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠠᠷᠠᠳ ᠲᠦᠮᠡᠨ ᠤ ︽ᠢᠳᠡᠬᠦ︾᠎ ᠳᠤ ᠰᠠᠨᠠᠭ᠎ᠠ ᠠᠮᠤᠷ᠂ ︽ᠡᠮᠦᠰᠬᠦ︾᠎ ᠳᠤ ᠲᠣᠬᠢᠲᠠᠢ᠂ ︽ᠰᠠᠭᠤᠬᠤ︾᠎ ᠳᠤ ᠲᠠᠭᠠᠯᠠᠮᠵᠢᠲᠠᠢ᠂ ︽ᠶᠠᠪᠤᠬᠤ︾᠎ ᠳᠤ ᠰᠡᠳᠬᠢᠯ ᠲᠡᠨᠢᠭᠦᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠮᠠᠨ ᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ 4 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠬᠢᠯᠡᠨ 12 ᠳ᠋ᠤᠭᠠᠷ ᠰᠠᠷ᠎ᠠ ᠶᠢᠨ 1᠎ ᠤ ᠡᠳᠦᠷ ᠪᠣᠯᠲᠠᠯ᠎ᠠ᠂ 7 ᠰᠠᠷ᠎ᠠ ᠶᠢᠨ ᠬᠤᠭᠤᠴᠠᠭ᠎ᠠ ᠬᠡᠷᠡᠭᠰᠡᠵᠦ᠂ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠪᠣᠢ᠃ ᠬᠥᠲᠥᠯᠥᠭᠴᠢ᠄      ᠲᠤᠰ ᠤᠳᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠭᠤᠣᠯᠳᠠᠯᠭ᠎ᠠ ᠲᠠᠢ ᠠᠭᠤᠯᠭ᠎ᠠ ᠨᠢ ᠶᠠᠭᠤ ᠪᠣᠢ︖ ᠯᠢ ᠳ᠋ᠦᠩ ᠱᠧᠩ᠄      ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭ᠎ᠠ ᠶᠢᠨ ᠬᠤᠯᠪᠣᠭᠳᠠᠬᠤ ᠬᠡᠪᠴᠢᠶ᠎ᠡ ᠨᠢ ᠮᠠᠰᠢ ᠥᠷᠭᠡᠨ ᠪᠠᠶᠢᠵᠤ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠬᠤ ᠶᠢ ᠪᠠᠷᠢᠮᠲᠠᠯᠠᠨ᠂ ᠬᠤᠯᠪᠣᠭᠳᠠᠬᠤ ᠪᠦᠲᠦᠭᠡᠭᠳᠡᠬᠦᠨ ᠤ ᠶᠠᠰᠤ ᠴᠢᠨᠠᠷ᠂ ᠬᠡᠮ ᠬᠡᠮᠵᠢᠶ᠎ᠡ᠂ ᠦᠨ᠎ᠡ ᠬᠠᠩᠰᠢ᠂ ᠵᠠᠷ ᠮᠡᠳᠡᠭᠡ᠂ ᠲᠠᠸᠠᠷ ᠤᠨ ᠲᠡᠮᠳᠡᠭ ᠵᠡᠷᠭᠡ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠶᠠᠪᠤᠴᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠨᠡᠶᠢᠳᠡᠮ ᠳᠤ ᠨᠢ ᠲᠤᠭᠤᠰᠢᠯᠠᠭᠤᠯᠵᠤ᠂ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠨᠣᠷᠮ᠎ᠠ ᠨᠢ ᠥᠨᠳᠥᠷ᠂ ᠵᠠᠭᠤᠴᠢᠯᠠᠭᠤᠷ ᠤᠨ ᠢᠯᠡᠴᠢᠯᠡᠨ ᠮᠡᠳᠡᠭᠡᠯᠡᠭᠰᠡᠨ ᠨᠢ ᠣᠯᠠᠨ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠢᠶᠠᠷ ᠣᠯᠠᠨ᠂ ᠠᠷᠠᠳ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠲᠣᠪᠤᠶᠢᠯᠭᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠥᠭᠡᠳ ᠴᠢᠩᠭ᠎ᠠ ᠪᠠᠶᠢᠴᠠᠭᠠᠨ ᠰᠢᠢᠳᠬᠡᠨ᠎ᠡ᠃ ᠪᠣᠳᠠᠲᠠᠢ ᠪᠠᠷ ᠳᠣᠣᠷᠠᠬᠢ ᠳᠥᠷᠪᠡᠨ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠄      ︵ᠨᠢᠭᠡ︶ ᠰᠦ ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠤᠲᠠ ᠬᠥᠳᠡᠭᠡ ᠶᠢᠨ ᠠᠭᠤᠯᠵᠠᠷ ᠤᠨ ᠬᠡᠰᠡᠭ᠂ ᠰᠤᠮᠤ ᠰᠢᠶᠠᠩ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠵᠤ᠂ ᠰᠦ ᠮᠢᠬᠠᠨ ᠤ ᠪᠦᠲᠦᠭᠡᠭᠳᠡᠬᠦᠨ ᠤ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠤᠭᠰᠠᠨ ᠢ ᠰᠢᠯᠭᠠᠨ ᠨᠤᠲᠠᠯᠠᠬᠤ᠂ ᠭᠡᠷᠡᠴᠢ ᠪᠠᠷᠢᠮᠲᠠ ᠠᠪᠤᠭᠰᠠᠨ ᠪᠠ ᠦᠢᠯᠡᠳᠪᠦᠷᠢ ᠶᠢᠨ ᠲᠠᠰᠤᠭ ᠠᠴᠠ ᠭᠠᠷᠭᠠᠭᠰᠠᠨ ᠢ ᠰᠢᠯᠭᠠᠨ ᠪᠠᠶᠢᠴᠠᠭᠠᠵᠤ ᠡᠵᠡᠮᠳᠡᠭᠰᠡᠨ ᠢᠶᠠᠷ ᠴᠢᠩᠭ᠎ᠠ ᠪᠤᠰᠤ᠂ ᠮᠠᠯ ᠤᠨ ᠡᠮ ᠤᠨ ᠦᠯᠡᠳᠡᠭᠳᠡᠯ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ᠂ ᠮᠠᠭᠤ ᠪᠦᠲᠦᠭᠡᠭᠳᠡᠬᠦᠨ ᠢᠶᠠᠷ ᠰᠠᠶᠢᠨ ᠪᠦᠲᠦᠭᠡᠭᠳᠡᠬᠦᠨ ᠢ ᠣᠷᠣᠯᠠᠭᠤᠯᠤᠭᠰᠠᠨ ᠵᠡᠷᠭᠡ ᠲᠣᠪᠤᠶᠢᠮ᠎ᠠ ᠠᠰᠠᠭᠤᠳᠠᠯ ᠢ ᠲᠣᠪᠤᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠦ ᠮᠢᠬᠠᠨ ᠤ ᠪᠦᠲᠦᠭᠡᠭᠳᠡᠬᠦᠨ᠂ ᠤᠷᠭᠤᠮᠠᠯ ᠤᠨ ᠲᠣᠰᠣ ᠶᠢ ᠢᠳᠡᠵᠦ ᠬᠡᠷᠡᠭᠯᠡᠭᠰᠡᠨ᠂ ᠤᠮᠳᠠᠭᠠᠨ᠂ ᠬᠠᠷ᠎ᠠ ᠠᠷᠢᠬᠢ᠂ ᠪᠣᠭᠤᠷᠰᠤᠭ᠂ ᠳᠥᠭᠦᠮ ᠢᠳᠡᠭᠡᠨ ᠵᠡᠷᠭᠡ ᠬᠠᠭᠤᠷᠮᠠᠭ ᠮᠠᠭᠤ ᠢᠳᠡᠭᠡᠨ ᠢ ᠦᠢᠯᠡᠳᠦᠨ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ      ︵ᠬᠤᠶᠠᠷ︶ ᠬᠡᠦᠬᠡᠳ ᠤᠨ ᠬᠤᠪᠴᠠᠰᠤ᠂ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠵᠢᠴᠢ ᠡᠷᠭᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠬᠤᠲᠠ ᠬᠥᠳᠡᠭᠡ ᠶᠢᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠲᠤᠰᠬᠠᠢ ᠬᠤᠳᠠᠯᠳᠤᠭᠠᠨ ᠤ ᠳᠡᠯᠭᠡᠭᠦᠷ ᠪᠠ ᠬᠡᠳᠦ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠨ᠂ ᠰᠤᠷᠭᠠᠭᠤᠯᠢ ᠶᠢᠨ ᠬᠤᠪᠴᠠᠰᠤ᠂ ᠬᠡᠦᠬᠡᠳ ᠤᠨ ᠬᠤᠪᠴᠠᠰᠤ ᠪᠠ ᠰᠤᠷᠤᠭᠴᠢᠳ ᠤᠨ ᠬᠥᠪᠥᠩ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠱᠣᠰᠢᠭ᠎ᠠ ᠲᠡᠮᠳᠡᠭ ᠨᠢ ᠵᠢᠷᠤᠮᠵᠢᠯ ᠦᠭᠡᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠦᠨᠡᠮᠯᠡᠯ ᠦᠭᠡᠢ ᠪᠠᠷ ᠡᠵᠡᠩᠨᠡᠭᠰᠡᠨ᠂ ᠬᠤᠳᠠᠯᠳᠤᠭᠠᠨ ᠤ ᠲᠡᠮᠳᠡᠭ ᠨᠢ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠷ ᠮᠡᠳᠡᠭᠡ ᠪᠠ ᠭᠤᠣᠯᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠬᠦᠷᠢᠶ᠎ᠡ ᠴᠠᠷᠠᠭᠠᠨ ᠳᠤ ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ᠂ ᠡᠷᠬᠡ ᠲᠡᠭᠰᠢ ᠪᠤᠰᠤ ᠬᠡᠪ ᠬᠡᠯᠪᠡᠷᠢ ᠶᠢᠨ ᠭᠡᠷ᠎ᠡ ᠶᠢ ᠲᠣᠭᠲᠠᠭᠠᠬᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠬᠤ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ︔ ᠪᠠᠷᠢᠯᠭ᠎ᠠ ᠳᠤ ᠬᠡᠷᠡᠭᠯᠡᠬᠦ ᠰᠢᠷᠪᠦᠰᠦ ᠪᠣᠯᠣᠳ᠂ ᠱᠦᠢᠨᠢ᠂ ᠴᠠᠬᠢᠯᠭᠠᠨ ᠤᠲᠠᠰᠤ᠂ ᠤᠰᠤ ᠶᠢ ᠰᠡᠷᠭᠡᠶᠢᠯᠡᠬᠦ ᠣᠷᠢᠶᠠᠮᠠᠭ ᠮᠠᠲ᠋ᠧᠷᠢᠶᠠᠯ᠂ ᠱᠦᠢᠨᠢ ᠪᠠᠷ ᠪᠠᠷᠢᠭᠰᠠᠨ ᠤᠰᠤ ᠳᠠᠮᠵᠢᠭᠤᠯᠬᠤ ᠬᠤᠭᠤᠯᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠵᠢᠴᠢ ᠭᠡᠷ ᠤᠨ ᠬᠡᠷᠡᠭᠰᠡᠯ᠂ ᠵᠠᠰᠠᠨ ᠴᠢᠮᠡᠭᠯᠡᠬᠦ ᠮᠠᠲ᠋ᠧᠷᠢᠶᠠᠯ᠂ ᠰᠢᠷ ᠪᠣᠳᠤᠭ ᠤᠨ ᠮᠠᠲ᠋ᠧᠷᠢᠶᠠᠯ ᠤᠨ ᠦᠢᠯᠡᠳᠪᠦᠷᠢᠯᠡᠯ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠬᠦ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ ᠭᠡᠷᠡᠴᠢ ᠦᠭᠡᠢ ᠪᠠᠷ ᠦᠢᠯᠡᠳᠪᠦᠷᠢᠯᠡᠭᠰᠡᠨ᠂ ᠦᠨᠡᠮᠯᠡᠯ ᠦᠭᠡᠢ ᠪᠠᠷ ᠡᠵᠡᠩᠨᠡᠭᠰᠡᠨ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ︵ᠳᠥᠷᠪᠡ︶ ᠮᠠᠰᠢᠨ ᠲᠡᠷᠭᠡᠨ ᠤ ᠪᠣᠷᠣᠯᠠᠭᠤᠯᠵᠤ ᠰᠡᠯᠪᠢᠨ ᠵᠠᠰᠠᠬᠤ ᠵᠠᠬ᠎ᠠ ᠳᠡᠯᠭᠡᠭᠦᠷ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠮᠠᠰᠢᠨ ᠲᠡᠷᠭᠡᠨ ᠤ 4S ᠳᠡᠯᠭᠡᠭᠦᠷ᠂ ᠮᠠᠰᠢᠨ ᠲᠡᠷᠭᠡᠨ ᠤ ᠰᠡᠯᠪᠢᠨ ᠵᠠᠰᠠᠬᠤ ᠳᠡᠯᠭᠡᠭᠦᠷ ᠪᠠ ᠵᠢᠵᠢᠭ ᠲᠣᠨᠤᠭ ᠤᠨ ᠪᠣᠷᠣᠯᠠᠭᠤᠯᠬᠤ ᠬᠤᠳᠠᠯᠳᠤᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠬᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠮᠠᠰᠢᠨ ᠲᠡᠷᠭᠡᠨ ᠤ ᠵᠢᠵᠢᠭ ᠲᠣᠨᠤᠭ ᠢ ᠪᠣᠷᠣᠯᠠᠭᠤᠯᠤᠭᠰᠠᠨ ᠪᠠ ᠬᠡᠷᠡᠭᠯᠡᠭᠰᠡᠨ᠂ ᠠᠯᠪᠠᠳᠠᠯᠭ᠎ᠠ ᠪᠠᠷ ᠦᠨ᠎ᠡ ᠨᠡᠮᠡᠵᠦ ᠳᠠᠭᠠᠯᠳᠤᠭᠤᠯᠤᠨ ᠬᠤᠳᠠᠯᠳᠤᠭᠰᠠᠨ᠂ ᠬᠡᠯᠪᠡᠷᠢᠵᠢᠭᠰᠡᠨ ᠭᠡᠷ᠎ᠡ ᠶᠢᠨ ︽ᠳᠡᠭᠡᠷᠡᠩᠭᠦᠢ ᠵᠤᠷᠪᠤᠰ︾᠂ ᠬᠡᠷᠡᠭᠯᠡᠭᠡ ᠶᠢᠨ ᠮᠡᠬᠡᠯᠡᠯ ᠳᠠᠷᠤᠯᠠᠯ᠂ ᠬᠤᠳᠠᠯᠳᠤᠭᠠᠨ ᠤ ᠬᠡᠭᠡᠯᠢ ᠬᠠᠭ᠋ᠤᠤᠯᠢ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯᠳᠤᠭᠠᠨ ᠤ ᠲᠡᠮᠳᠡᠭ ᠤᠨ ᠡᠷᠬᠡ ᠳᠤ ᠬᠠᠯᠳᠠᠭᠰᠠᠨ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠶᠢ ᠵᠣᠷᠢᠭᠤᠳᠠ ᠤᠳᠠᠭᠠᠰᠢᠷᠠᠭᠤᠯᠬᠤ ᠪᠤᠶᠤ ᠶᠣᠰᠣ ᠪᠤᠰᠤ ᠪᠠᠷ ᠲᠡᠪᠴᠢᠭᠰᠡᠨ᠂ ᠳᠠᠭᠠᠳᠬᠠᠯ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠮᠠᠰᠢᠨᠲᠤ ᠲᠡᠷᠭᠡ ᠰᠡᠯᠪᠢᠨ ᠵᠠᠰᠠᠬᠤ ᠲᠤᠰᠬᠠᠶᠢᠯᠠᠭᠰᠠᠨ ᠠᠵᠢᠯ ᠤᠨ ᠡᠵᠡᠩᠨᠡᠭᠴᠢᠳ ᠤᠨ ᠦᠢᠯᠡᠳᠬᠦᠨ ᠤ ᠬᠢᠷᠢ ᠭᠡᠮ ᠤᠨ ᠭᠡᠷᠡᠴᠢ ᠦᠭᠡᠢ᠂ ᠦᠢᠯᠡᠳᠪᠦᠷᠢ ᠶᠢᠨ ᠨᠡᠷ᠎ᠡ ᠦᠭᠡᠢ᠂ ᠦᠢᠯᠡᠳᠪᠦᠷᠢ ᠶᠢᠨ ᠬᠠᠶ᠋ᠢᠭ ᠦᠭᠡᠢ᠂ 3C ᠭᠠᠷᠴᠠᠭ ᠲᠤ ᠵᠢᠭᠰᠠᠭᠠᠭᠳᠠᠭᠰᠠᠨ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠨᠤᠲᠠᠯᠠᠯᠲᠠ ᠶᠢᠨ ᠭᠡᠷᠡᠴᠢ ᠦᠭᠡᠢ ᠵᠢᠵᠢᠭ ᠲᠣᠨᠤᠭ ᠪᠠ ᠬᠠᠭᠤᠷᠮᠠᠭ ᠮᠠᠭᠤ ᠲᠣᠨᠤᠭ ᠢ ᠬᠡᠷᠡᠭᠯᠡᠨ ᠮᠠᠰᠢᠨᠲᠤ ᠲᠡᠷᠭᠡ ᠶᠢ ᠰᠡᠯᠪᠢᠨ ᠵᠠᠰᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠥᠲᠥᠯᠥᠭᠴᠢ᠄      ᠣᠳᠣ ᠪᠣᠯᠲᠠᠯ᠎ᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠨᠢ ᠶᠠᠮᠠᠷ ᠪᠣᠢ︖ᠯᠢ ᠳ᠋ᠦᠩ ᠱᠧᠩ᠄      ᠣᠳᠣ ᠪᠣᠯᠲᠠᠯ᠎ᠠ᠂ 2 ᠰᠠᠷ᠎ᠠ ᠭᠠᠷᠤᠢ ᠶᠢᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠳᠤ᠂ ᠪᠦᠬᠦ ᠣᠷᠣᠨ ᠳᠤ ᠬᠠᠤᠯᠢ ᠬᠡᠷᠡᠭᠵᠢᠭᠦᠯᠦᠭᠴᠢ ᠶᠢ ᠨᠡᠶᠢᠲᠡ 75625 ᠬᠥᠮᠥᠨ ᠤᠳᠠᠭ᠎ᠠ ᠳᠠᠶᠢᠴᠢᠯᠠᠨ ᠬᠥᠳᠡᠯᠭᠡᠵᠦ᠂ ᠡᠵᠡᠩᠨᠡᠯᠲᠡ ᠶᠢᠨ ᠭᠤᠣᠯ ᠴᠣᠭᠴᠠ ᠳᠤ 39625 ᠤᠳᠠᠭ᠎ᠠ ᠪᠠᠶᠢᠴᠠᠭᠠᠯᠲᠠ ᠬᠢᠵᠦ᠂ 4 ᠬᠠᠷ᠎ᠠ ᠡᠭᠦᠷ ᠴᠡᠭ ᠢ ᠠᠷᠢᠯᠭᠠᠨ ᠤᠰᠠᠳᠬᠠᠵᠤ᠂ 989 ᠬᠡᠷᠡᠭ ᠢ ᠬᠡᠷᠡᠭ ᠢᠶᠠᠷ ᠪᠠᠶᠢᠴᠠᠭᠠᠨ ᠰᠢᠢᠳᠪᠦᠷᠢᠯᠡᠵᠦ᠂ ᠲᠣᠮᠣ ᠴᠢᠬᠤᠯᠠ 2 ᠬᠡᠷᠡᠭ ᠢ ᠪᠠᠶᠢᠴᠠᠭᠠᠨ ᠭᠦᠢᠴᠡᠳᠬᠡᠵᠦ᠂ 3 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠡᠷᠡᠭ ᠲᠤ ᠬᠤᠯᠪᠣᠭᠳᠠᠭᠰᠠᠨ ᠦᠢᠯᠡᠳᠬᠦᠨ ᠤ ᠪᠠᠷᠠᠭᠠᠨ ᠤ ᠥᠷᠲᠡᠭ ᠨᠢ 4315.3885 ᠲᠦᠮᠡᠨ ᠲᠥᠭᠦᠷᠢᠭ᠂ ᠲᠣᠷᠭᠠᠵᠤ ᠬᠤᠷᠢᠶᠠᠭᠰᠠᠨ ᠵᠣᠭᠤᠰ 617.6228 ᠲᠦᠮᠡᠨ ᠲᠥᠭᠦᠷᠢᠭ ᠲᠤ ᠬᠦᠷᠴᠦ᠂ ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ ᠥᠭᠴᠦ ᠵᠠᠬ᠎ᠠ ᠳᠡᠯᠭᠡᠭᠦᠷ ᠢ ᠴᠡᠪᠡᠷᠰᠢᠭᠦᠯᠬᠦ ᠠᠵᠢᠯᠯᠠᠭ᠎ᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠢ᠃ ᠬᠥᠲᠥᠯᠥᠭᠴᠢ᠄      ᠳᠠᠷᠠᠭᠠᠴᠢ ᠶᠢᠨ ᠠᠯᠬᠤᠮ ᠤᠨ ︽ᠳᠥᠷᠪᠡᠨ ᠶᠡᠭᠡ ᠬᠦᠷᠢᠶ᠎ᠡ ᠴᠠᠷᠠᠭ᠎ᠠ︾᠎ ᠶᠢᠨ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖ ᠯᠢ ᠳ᠋ᠦᠩ ᠱᠧᠩ᠄      ᠳᠠᠷᠠᠭᠠᠴᠢ ᠶᠢᠨ ᠠᠯᠬᠤᠮ ᠳᠤ᠂ ᠮᠠᠨ ᠤ ᠪᠦᠬᠦ ᠰᠢᠰᠲ᠋ᠧᠮ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠵᠤ᠂ ᠵᠦᠢ ᠵᠣᠬᠢᠰᠲᠠᠢ ᠪᠠᠷ ᠪᠠᠶᠢᠷᠢᠯᠠᠭᠤᠯᠤᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠵᠤ᠂ ᠬᠠᠤᠯᠢ ᠬᠡᠷᠡᠭᠵᠢᠭᠦᠯᠦᠨ ᠬᠡᠷᠡᠭ ᠢ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠵᠠᠩᠭᠢᠯᠠᠭ᠎ᠠ ᠶᠢ ᠡᠵᠡᠮᠳᠡᠨ᠂ ᠦᠷ᠎ᠡ ᠪᠦᠲᠦᠮᠵᠢ ᠶᠢ ᠴᠢᠬᠤᠯᠠᠴᠢᠯᠠᠨ᠎ᠠ᠃      ᠨᠢᠭᠡ ᠳᠤ᠂ ᠪᠦᠬᠦ ᠰᠢᠰᠲ᠋ᠧᠮ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠣᠢ ᠪᠣᠯᠭᠠᠨ᠎ᠠ᠃ ᠰᠢᠰᠲ᠋ᠧᠮ ᠤᠨ ᠳᠣᠲᠣᠭᠠᠳᠤ ᠳᠤ ᠪᠠᠨ ᠬᠠᠤᠯᠢ ᠬᠡᠷᠡᠭᠵᠢᠭᠦᠯᠦᠨ ᠬᠡᠷᠡᠭ ᠢ ᠬᠠᠮᠵᠢᠯᠴᠠᠨ ᠪᠠᠶᠢᠴᠠᠭᠠᠵᠤ ᠮᠡᠳᠡᠭᠡᠯᠡᠨ ᠨᠡᠪᠲᠡᠷᠡᠭᠦᠯᠬᠦ ᠠᠵᠢᠯ ᠤᠨ ᠲᠣᠭᠲᠠᠴᠠ ᠶᠢ ᠴᠢᠩᠭᠠᠳᠬᠠᠨ᠂ ᠬᠡᠷᠡᠭ ᠤᠨ ᠮᠡᠳᠡᠭᠡ ᠵᠠᠩᠭᠢ ᠶᠢ ᠰᠣᠯᠢᠯᠴᠠᠨ ᠰᠠᠭᠠᠳ ᠦᠭᠡᠢ ᠨᠡᠪᠲᠡᠷᠡᠭᠦᠯᠬᠦ ᠶᠢ ᠭᠦᠢᠴᠡᠳᠬᠡᠵᠦ᠂ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠳᠤ ᠬᠠᠷᠢᠯᠴᠠᠨ ᠦᠢᠯᠡᠳᠦᠯᠴᠡᠨ ᠬᠠᠷᠢᠯᠴᠠᠨ ᠨᠥᠬᠦᠪᠦᠷᠢᠯᠡᠵᠦ ᠥᠨᠴᠥᠭ ᠪᠤᠯᠤᠩ ᠦᠯᠡᠳᠡᠭᠡᠬᠦ ᠦᠭᠡᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠠᠴᠠ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠨ ᠠᠵᠢᠯᠯᠠᠬᠤ᠂ ᠲᠦᠢᠯ ᠤᠨ ᠣᠨᠣᠪᠴᠢᠲᠠᠢ ᠪᠠᠷ ᠴᠣᠬᠢᠯᠲᠠ ᠥᠭᠬᠦ ᠵᠡᠷᠭᠡ ᠶᠢ ᠭᠦᠢᠴᠡᠳᠬᠡᠵᠦ᠂ ᠰᠦᠷ ᠬᠦᠴᠦᠨ ᠢ ᠢᠯᠡᠷᠡᠭᠦᠯᠦᠨ᠂ ᠦᠷ᠎ᠡ ᠪᠦᠲᠦᠮᠵᠢ ᠭᠠᠷᠭᠠᠵᠤ᠂ ᠬᠠᠤᠯᠢ ᠪᠤᠰᠤ ᠦᠢᠯᠡ ᠠᠵᠢᠯᠯᠠᠭ᠎ᠠ ᠳᠤ ᠪᠦᠲᠦᠮᠵᠢᠲᠡᠢ ᠪᠠᠷ ᠰᠦᠷᠳᠡᠭᠦᠯᠦᠯ ᠦᠵᠡᠭᠦᠯᠵᠦ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ ︽ᠢᠳᠡᠬᠦ ᠡᠮᠦᠰᠬᠦ ᠶᠠᠪᠤᠬᠤ ᠰᠠᠭᠤᠬᠤ︾ ᠳᠤᠮᠳᠠᠬᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃      ᠬᠤᠶᠠᠷ ᠲᠤ᠂ ᠭᠤᠣᠯᠳᠠᠯᠭ᠎ᠠ ᠶᠢ ᠲᠣᠪᠤᠶᠢᠯᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ᠂ ᠢᠳᠡᠭᠡᠨ ᠤ ᠠᠮᠤᠷ ᠲᠦᠪᠰᠢᠨ᠂ ᠦᠢᠯᠡᠴᠢᠯᠡᠭᠡᠨ ᠤ ᠬᠦᠷᠢᠶ᠎ᠡ ᠴᠠᠷᠠᠭᠠᠨ ᠤ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠣᠷᠣᠯᠭ᠎ᠠ ᠶᠢᠨ ᠬᠢᠷᠢ ᠲᠦᠪᠰᠢᠨ᠂ ᠬᠡᠷᠡᠭᠯᠡᠭᠡ ᠶᠢᠨ ᠦᠵᠡᠯᠲᠡ ᠵᠢᠴᠢ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠵᠡᠷᠭᠡ ᠲᠠᠯ᠎ᠠ ᠶᠢᠨ ᠬᠢᠵᠠᠭᠠᠷᠯᠠᠯ ᠠᠴᠠ ᠪᠣᠯᠵᠤ᠂ ᠣᠶᠢᠷ᠎ᠠ ᠶᠢᠨ ᠵᠢᠯ ᠤᠳ ᠠᠴᠠ ᠨᠠᠭᠠᠰᠢ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠬᠠᠭᠤᠷᠮᠠᠭ ᠮᠠᠭᠤ ᠪᠠᠷᠠᠭᠠᠨ ᠤ ᠢᠯᠡᠷᠡᠬᠦ ᠨᠣᠷᠮ᠎ᠠ ᠨᠢ ᠬᠤᠲᠠ ᠠᠴᠠ ᠬᠤᠯᠠ ᠥᠨᠳᠥᠷ ᠪᠠᠶᠢᠵᠤ᠂ ᠵᠠᠷᠢᠮ ᠬᠠᠭᠤᠷᠮᠠᠭ ᠪᠠᠷᠠᠭ᠎ᠠ ᠦᠢᠯᠡᠳᠦᠨ ᠪᠣᠷᠣᠯᠠᠭᠤᠯᠬᠤ ᠦᠢᠯᠡ ᠠᠵᠢᠯᠯᠠᠭ᠎ᠠ ᠨᠢ᠂ ᠴᠢᠨᠠᠭᠰᠢᠯᠠᠭᠠᠳ ᠰᠢᠭᠤᠳ ᠬᠥᠳᠡᠭᠡ ᠲᠣᠰᠬᠤᠨ ᠤ ᠵᠠᠬ᠎ᠠ ᠳᠡᠯᠭᠡᠭᠦᠷ ᠲᠤ ᠴᠢᠭᠯᠡᠭᠦᠯᠵᠦ᠂ ᠬᠥᠳᠡᠭᠡ ᠲᠣᠰᠬᠤᠨ ᠤ ᠥᠷᠭᠡᠨ ᠣᠯᠠᠨ ᠬᠡᠷᠡᠭᠯᠡᠭᠴᠢ ᠳᠤ ᠮᠠᠰᠢ ᠶᠡᠭᠡ ᠬᠤᠣᠷ ᠬᠥᠨᠥᠭᠡᠯ ᠢ ᠪᠣᠢ ᠪᠣᠯᠭᠠᠪᠠ᠃ ᠳᠡᠭᠡᠷ᠎ᠡ ᠬᠠᠭᠠᠰ ᠵᠢᠯ ᠳᠤ ᠪᠢᠳᠡ ᠪᠦᠬᠦ ᠬᠤᠲᠠ ᠶᠢᠨ ᠲᠣᠮᠣ ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠢᠶᠠᠷ᠂ ᠡᠳᠡᠭᠡᠷ ᠵᠠᠬ᠎ᠠ ᠳᠡᠯᠭᠡᠭᠦᠷ ᠤᠨ ᠪᠣᠷᠣᠯᠠᠭᠤᠯᠤᠭᠰᠠᠨ ︽ᠳᠥᠷᠪᠡᠨ ᠴᠠᠭᠠᠨ︾ ᠢᠳᠡᠭᠡᠨ᠂ ᠲᠤᠬᠠᠶᠢᠯᠠᠪᠠᠯ ᠹᠧᠨᠲ᠋ᠢᠶᠣᠤᠷ᠂ ᠳ᠋ᠧᠦᠹᠦ᠋᠂ ᠮᠠᠨᠲᠠᠤ᠂ ᠪᠤᠷᠴᠠᠭ ᠤᠨ ᠨᠠᠬᠢᠶ᠎ᠠ ᠳᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠨᠡᠶᠢᠳᠡᠮ ᠳᠤ ᠪᠠᠨ ᠣᠷᠣᠰᠢᠵᠤ ᠪᠠᠶᠢᠨ᠎ᠠ᠃ ᠡᠭᠦᠨ ᠳᠤ᠂ ᠳᠣᠣᠷ᠎ᠠ ᠬᠠᠭᠠᠰ ᠵᠢᠯ ᠳᠤ ᠪᠢᠳᠡ ︽ᠳᠥᠷᠪᠡᠨ ᠴᠠᠭᠠᠨ︾ ᠢᠳᠡᠭᠡᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠳᠤ ᠣᠷᠣᠭᠤᠯᠵᠠᠢ᠃      ᠭᠤᠷᠪᠠ ᠳᠤ᠂ ᠵᠠᠭᠤᠴᠢᠯᠠᠭᠤᠷ ᠪᠠ ᠨᠡᠶᠢᠭᠡᠮ ᠯᠦᠭᠡ ᠬᠠᠷᠢᠯᠴᠠᠨ ᠦᠢᠯᠡᠳᠦᠯᠴᠡᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠡᠷᠬᠡᠰᠢᠶᠡᠬᠦ ᠥᠨᠳᠥᠷᠴᠡ ᠶᠢ ᠡᠵᠡᠮᠳᠡᠨ᠂ ᠤᠬᠠᠭᠤᠯᠭ᠎ᠠ ᠶᠢᠨ ᠳᠠᠶᠢᠨ ᠢ ᠰᠠᠶᠢᠲᠤᠷ ᠬᠢᠵᠦ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠵᠦ ᠪᠠᠶᠢᠴᠠᠭᠠᠨ ᠰᠢᠢᠳᠪᠦᠷᠢᠯᠡᠭᠰᠡᠨ ᠬᠡᠷᠡᠭ ᠢᠶᠠᠷ ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠮᠡᠳᠡᠭᠡᠯᠡᠵᠦ᠂ ᠬᠠᠤᠯᠢ ᠬᠡᠷᠡᠭᠵᠢᠭᠦᠯᠬᠦ ᠡᠷᠬᠡ ᠰᠦᠷ ᠢ ᠪᠣᠢ ᠪᠣᠯᠭᠠᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠵᠠᠭᠤᠴᠢᠯᠠᠭᠤᠷ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠥᠪ ᠲᠠᠯ᠎ᠠ ᠠᠴᠠ ᠤᠬᠠᠭᠤᠯᠭ᠎ᠠ ᠬᠢᠵᠦ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠨᠡᠩ ᠣᠯᠠᠨ ᠬᠥᠮᠥᠰ ᠲᠤ ᠮᠡᠳᠡᠭᠦᠯᠦᠨ᠂ ᠨᠡᠩ ᠣᠯᠠᠨ ᠬᠡᠷᠡᠭᠯᠡᠭᠴᠢ ᠶᠢ ᠣᠷᠣᠯᠴᠠᠭᠤᠯᠵᠤ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠦᠨ᠎ᠡ᠃      ᠳᠥᠷᠪᠡ ᠳᠤ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠬᠦ ᠶᠢ ᠥᠷᠨᠢᠭᠦᠯᠦᠨ᠎ᠡ᠃ ᠪᠢᠳᠡ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠢᠯᠡ ᠪᠠᠷ ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ᠂ ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ ᠲᠤᠰᠬᠠᠯ ᠢ ᠰᠣᠨᠣᠰᠬᠤ ᠵᠡᠷᠭᠡ ᠬᠡᠯᠪᠡᠷᠢ ᠪᠠᠷ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠵᠦ ᠬᠠᠭᠤᠷᠮᠠᠭ ᠮᠠᠭᠤ ᠪᠠᠷᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠶᠢ ᠡᠵᠡᠮᠰᠢᠵᠦ᠂ ᠬᠡᠷᠡᠭᠯᠡᠭᠴᠢᠳ ᠤᠨ ᠬᠠᠨᠤᠮᠵᠢᠲᠠᠢ ᠡᠰᠡᠬᠦ ᠪᠠᠷ ᠪᠠᠷᠢᠮᠵᠢᠶ᠎ᠠ ᠪᠣᠯᠭᠠᠨ᠂ ᠠᠰᠠᠭᠤᠳᠠᠯ ᠢ ᠡᠷᠢᠵᠦ᠂ ᠳᠤᠲᠠᠭᠤᠳᠠᠯ ᠢᠶᠠᠨ ᠢᠯᠡᠷᠡᠭᠦᠯᠵᠦ᠂ ᠲᠦᠢᠯ ᠤᠨ ᠣᠨᠣᠪᠴᠢᠲᠠᠢ ᠪᠠᠷ ᠬᠢᠨᠠᠨ ᠬᠠᠮᠢᠶᠠᠷᠬᠤ ᠪᠠ ᠴᠢᠩᠭ᠎ᠠ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃      ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠵᠠᠯᠬᠠᠭᠠᠨ ᠰᠢᠢᠳᠬᠡᠬᠦ ᠶᠢ ᠨᠢᠭᠡᠳᠦᠯᠲᠡᠢ ᠪᠠᠷ ᠲᠥᠯᠥᠪᠯᠡᠨ ᠠᠬᠢᠭᠤᠯᠤᠨ᠎ᠠ᠃ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠪᠢᠳᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠤᠨ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠣᠷᠣᠨ ᠬᠡᠪᠴᠢᠶ᠎ᠡ ᠳᠤ ᠠᠩᠬᠠᠷᠤᠭᠤᠯᠤᠨ ᠲᠥᠪᠯᠡᠷᠡᠭᠦᠯᠵᠦ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠶᠢᠨ ︽ᠭᠤᠣᠯ ᠳᠠᠶᠢᠨ ᠤ ᠲᠠᠯᠠᠪᠤᠷ︾ ᠪᠣᠯᠭᠠᠨ᠂ ᠠᠵᠢᠯ ᠲᠥᠷᠥᠯ ᠤᠨ ᠬᠢᠨ ᠢ ᠮᠡᠬᠡᠯᠡᠨ ᠵᠠᠬ᠎ᠠ ᠳᠡᠯᠭᠡᠭᠦᠷ ᠢ ᠡᠵᠡᠷᠬᠡᠭᠯᠡᠬᠦ᠂ ᠠᠯᠪᠠᠳᠠᠯᠭ᠎ᠠ ᠪᠠᠷ ᠬᠤᠳᠠᠯᠳᠤᠭᠠᠯᠠᠬᠤ ᠪᠠ ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠵᠡᠷᠭᠡ ᠭᠤᠷᠪᠠᠨ ᠲᠥᠷᠥᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠭᠤᠣᠯᠳᠠᠯᠭ᠎ᠠ ᠲᠠᠢ ᠪᠠᠷ ᠢᠯᠭᠠᠨ ᠪᠠᠶᠢᠴᠠᠭᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠵᠣᠬᠢᠴᠠᠭᠤᠯᠭ᠎ᠠ ᠣᠶᠢᠯᠠᠭᠠᠯᠴᠠᠭ᠎ᠠ ᠶᠢ ᠴᠢᠩᠭᠠᠳᠬᠠᠨ᠂ ᠬᠡᠷᠡᠭ ᠤᠨ ᠰᠦᠪᠡᠭᠴᠢ ᠶᠢ ᠮᠡᠳᠡᠭᠡᠯᠡᠨ ᠨᠡᠪᠲᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠪᠠ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠪᠠ ︽ᠳᠥᠷᠪᠡᠨ ᠶᠡᠭᠡ ᠬᠦᠷᠢᠶ᠎ᠡ ᠴᠠᠷᠠᠭᠠᠨ︾᠎ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ ᠬᠥᠲᠥᠯᠥᠭᠴᠢ᠄      ᠰᠠᠶᠢᠨ ᠪᠣᠯᠣᠯ᠎ᠠ᠂ ᠯᠢ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ᠲᠤᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠰᠦᠯᠵᠢᠶᠡᠨ ᠤ ᠠᠨᠳᠠ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠳᠤ ᠬᠤᠯᠪᠣᠭᠳᠠᠭᠰᠠᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ ᠡᠨᠡ ᠤᠳᠠᠭᠠᠨ ᠤ ᠠᠷᠠᠳ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠪᠢᠳᠡᠨ ᠳᠤ ᠠᠮᠦᠷ ᠲᠦᠪᠰᠢᠨ ᠪᠥᠭᠡᠳ ᠰᠡᠳᠬᠢᠯ ᠠᠮᠠᠷ ᠬᠡᠷᠡᠭᠯᠡᠭᠡ ᠶᠢᠨ ᠣᠷᠴᠢᠨ ᠲᠣᠭᠤᠷᠢᠨ ᠢ ᠨᠡᠩ ᠰᠠᠶᠢᠲᠤᠷ ᠪᠣᠢ ᠪᠣᠯᠭᠠᠵᠤ᠂ ᠣᠯᠠᠨ ᠲᠦᠮᠡᠨ ᠤ ᠬᠤᠳᠠᠯᠳᠤᠨ ᠠᠪᠬᠤ ᠳᠤ ᠰᠡᠳᠬᠢᠯ ᠠᠮᠠᠷ᠂ ᠬᠡᠷᠡᠭᠯᠡᠬᠦ ᠳᠤ ᠰᠡᠳᠬᠢᠯ ᠠᠮᠠᠷ᠂ ᠢᠳᠡᠬᠦ ᠳᠤ ᠰᠡᠳᠬᠢᠯ ᠠᠮᠠᠷ ᠪᠠᠶᠢᠬᠤ ᠶᠢ ᠪᠠᠲᠤᠯᠠᠵᠤ ᠴᠢᠳᠠᠬᠤ ᠶᠢ ᠪᠠᠲᠤ ᠢᠲᠡᠭᠡᠵᠦ ᠪᠠᠶᠢᠨ᠎ᠠ᠃ ᠴᠠᠭ ᠤᠨ ᠬᠠᠷᠠᠭ᠎ᠠ ᠠᠴᠠ᠂ ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕                                    ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ                                    ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3