ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠣᠯᠭᠠᠭᠰᠠᠨ ᠠᠭᠤᠤ ᠶᠡᠭᠡ ᠦᠨᠳᠦᠰᠦᠲᠡᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ 70 ᠵᠢᠯ ᠤᠨ ᠲᠤᠷᠰᠢᠬᠢ ᠭᠡᠷᠡᠯ ᠰᠠᠴᠤᠷᠠᠩᠭᠤᠶ ᠥᠩᠭᠡᠷᠡᠯᠲᠡ᠂ ᠡᠷᠬᠢᠮ | ᠨᠠᠨᠳᠢᠨ ᠲᠤᠷᠰᠢᠯᠭ᠎ᠠ ᠶᠢ ᠭᠦᠢᠴᠡᠳ ᠳᠡᠯᠭᠡᠨ ᠦᠵᠡᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ | ᠴᠢᠨᠠᠭᠰᠢᠳᠠ ᠬᠥᠭᠵᠢᠭᠡᠵᠦ᠂ ᠤᠯᠤᠰ ᠢᠶᠠᠨ ᠬᠠᠶᠢᠷᠠᠯᠠᠬᠤ ᠵᠣᠷᠢᠭ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ | 1 ᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ 50 ᠭᠠᠷᠤᠶ ᠵᠠᠯᠠᠭᠤ ᠪᠠᠭᠠᠴᠤᠳ ᠢ ᠵᠣᠬᠢᠶᠠᠨ | ᠪᠠᠶᠢᠭᠤᠯᠵᠣ᠂ ︽ᠪᠢ ᠡᠬᠡ ᠤᠯᠤᠰ ᠢᠶᠠᠨ ᠬᠠᠶᠢᠷᠠᠯᠠᠨ᠎ᠠ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ | ᠥᠷᠨᠢᠭᠦᠯᠪᠡ᠃ | | | | | ᠠᠵᠢᠯᠯᠠᠭᠠᠨ ᠤ ᠳᠤᠮᠳᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠠᠶᠢᠨ ᠳᠤᠷ᠎ᠠ ᠶᠢᠨ ᠪᠠᠭᠰᠢ | ᠵᠠᠯᠠᠭᠤ ᠪᠠᠭᠠᠴᠤᠳ ᠪᠣᠯᠤᠨ ᠭᠡᠷ ᠤᠨ ᠠᠬᠠᠮᠠᠳ ᠢ ᠳᠠᠭᠠᠭᠤᠯᠤᠨ ᠲᠠᠪᠣᠨ ᠬᠤᠰᠢᠭᠤᠲᠦ ᠣᠳᠣ ᠪᠣᠯᠤᠨ ᠤᠯᠤᠰ ᠤᠨ | ᠲᠤᠭ ᠢ ᠬᠠᠶᠢᠴᠢᠯᠠᠵᠤ᠂ ᠥᠪᠡᠷ ᠤᠨ ᠬᠢᠭᠰᠡᠨ ᠵᠢᠷᠤᠭ ᠳᠦᠷᠰᠦᠨ ᠳᠡᠭᠡᠷ᠎ᠡ ᠪᠠᠨ ᠬᠤᠷᠤᠭᠤᠨ ᠣᠷᠣᠮ ᠢᠶᠠᠨ ᠳᠠᠷᠤᠵᠤ᠂ | ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠦᠨᠡᠨ ᠬᠦ ᠢᠯᠡᠳᠬᠡᠵᠦ᠂ ᠪᠠᠰᠠ ᠲᠡᠳᠡᠨ ᠳᠤ ᠨᠠᠮ ᠤᠨ | ᠲᠡᠤᠬᠡ ᠶᠢ ᠲᠦᠭᠡᠮᠡᠯᠵᠢᠭᠦᠯᠵᠡᠶ᠃ ᠵᠠᠯᠠᠭᠤ ᠪᠠᠭᠠᠴᠤᠳ ᠲᠤ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠬᠥᠭᠵᠢᠯᠲᠡ ᠶᠢᠨ ᠲᠡᠤᠬᠡ᠂ ᠳᠤᠮᠳᠠᠳᠤ ᠤᠯᠤᠰ ᠤᠨ ᠬᠥᠭᠵᠢᠯᠲᠡ ᠶᠢᠨ ᠲᠡᠤᠬᠡ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠳᠦᠷᠢᠮ ᠲᠣᠭᠲᠠᠭᠠᠯ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ | ᠵᠡᠷᠭᠡ ᠶᠢ ᠣᠶᠢᠯᠠᠭᠠᠭᠤᠯᠵᠤ᠂ ᠳᠤᠮᠳᠠᠳᠤ ᠤᠯᠤᠰ ᠤᠨ ᠬᠤᠪᠢᠰᠬᠠᠯ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠠᠮᠵᠢᠯᠲᠠ ᠮᠡᠳᠡᠷᠡᠵᠦ᠂ ᠲᠡᠳᠡᠨᠡᠷ ᠤᠨ ᠠᠯᠳᠠᠷ ᠬᠦᠨᠳᠦ ᠶᠢᠨ ᠤᠬᠠᠮᠰᠠᠷ ᠪᠣᠯᠣᠨ ᠡᠭᠦᠷᠭᠡ | ᠳᠠᠭᠠᠯᠭᠠᠪᠦᠷᠢ ᠶᠢᠨ ᠤᠬᠠᠮᠰᠠᠷ ᠢ ᠨᠡᠮᠡᠭᠳᠡᠭᠦᠯᠵᠦ᠂ ᠨᠢᠯᠬ᠎ᠠ ᠪᠠᠭ᠎ᠠ ᠣᠶᠤᠨ ᠰᠠᠨᠠᠭ᠎ᠠ ᠨᠢ ᠴᠤ ᠡᠬᠡ ᠣᠷᠣᠨᠴᠢ | ᠦᠵᠡᠯ ᠤᠨ ᠤᠬᠢᠶᠠᠯ ᠢ ᠬᠦᠷᠲᠡᠭᠰᠡᠨ ᠪᠠᠶᠢᠨ᠎ᠠ᠃ | ᠡᠬᠡ ᠤᠯᠤᠰ ᠪᠣᠯ ᠲᠣᠮᠣ ᠭᠡᠷ ᠪᠦᠯᠢ ᠮᠥᠨ᠂ ᠡᠨᠡ ᠬᠦ ᠲᠣᠮᠦ ᠭᠡᠷ ᠪᠦᠯᠢ ᠨᠢ ᠣᠯᠠᠨ ᠵᠢᠵᠢᠭ ᠭᠡᠷ ᠪᠦᠯᠢ ᠪᠠᠷ | ᠪᠦᠷᠢᠯᠳᠦᠵᠦ᠂ ᠲᠣᠮᠦ ᠭᠡᠷ ᠪᠦᠯᠢ ᠪᠠᠶᠢᠮᠠᠨᠵᠢᠨ ᠰᠠᠶ᠋ᠢ ᠪᠠᠭ᠎ᠠ ᠭᠡᠷ ᠪᠦᠯᠢ ᠪᠠᠨ ᠪᠠᠶᠢᠲᠠᠭ᠂ ᠡᠨᠡ ᠤᠳᠠᠭᠠᠨ ᠤ | ᠠᠵᠢᠯᠯᠠᠭ᠎ᠠ ᠪᠠᠷ ᠳᠠᠮᠵᠢᠭᠤᠯᠤᠨ᠂ ︽ᠪᠢ ᠡᠬᠡ ᠤᠯᠤᠰ ᠢᠶᠠᠨ ᠬᠠᠶᠢᠷᠠᠯᠠᠨ᠎ᠠ︾ ᠭᠡᠰᠡᠨ ᠢᠲᠡᠭᠡᠯ ᠵᠣᠷᠢᠭ ᠢᠶᠠᠨ ᠭᠡᠷ | ᠪᠦᠯᠢ ᠨᠢᠭᠡᠪᠦᠷᠢ ᠳᠤ ᠭᠦᠨᠵᠡᠭᠡᠶᠢᠷᠡᠭᠦᠯᠪᠡ᠃ | ᠤᠷᠴᠢᠭᠤᠯᠤᠭᠴᠢ᠄ ᠰᠣᠷᠭᠤᠭ | | | | | | |