ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠠᠯᠠᠭᠤ ᠪᠠᠭᠠᠴᠤᠳ ᠤᠨ ︽ᠪᠢ ᠡᠬᠡ ᠤᠯᠤᠰ ᠢᠶᠠᠨ ᠬᠠᠶᠢᠷᠠᠯᠠᠨ᠎ᠠ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019-09-06
     ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠣᠯᠭᠠᠭᠰᠠᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ 70 ᠵᠢᠯ ᠤᠨ ᠲᠤᠷᠰᠢᠬᠢ ᠭᠡᠷᠡᠯ ᠰᠠᠴᠤᠷᠠᠩᠭᠤᠶ ᠥᠩᠭᠡᠷᠡᠯᠲᠡ᠂ ᠡᠷᠬᠢᠮ ᠨᠠᠨᠳᠢᠨ ᠲᠤᠷᠰᠢᠯᠭ᠎ᠠ ᠶᠢ ᠭᠦᠢᠴᠡᠳ ᠳᠡᠯᠭᠡᠨ ᠦᠵᠡᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠤᠯᠤᠰ ᠢᠶᠠᠨ ᠬᠠᠶᠢᠷᠠᠯᠠᠬᠤ ᠵᠣᠷᠢᠭ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ 50 ᠭᠠᠷᠤᠶ ᠵᠠᠯᠠᠭᠤ ᠪᠠᠭᠠᠴᠤᠳ ᠢ ᠵᠣᠬᠢᠶᠠᠨ ᠪᠠᠶᠢᠭᠤᠯᠵᠣ᠂ ︽ᠪᠢ ᠡᠬᠡ ᠤᠯᠤᠰ ᠢᠶᠠᠨ ᠬᠠᠶᠢᠷᠠᠯᠠᠨ᠎ᠠ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭᠠᠨ ᠤ ᠳᠤᠮᠳᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠠᠶᠢᠨ ᠳᠤᠷ᠎ᠠ ᠶᠢᠨ ᠪᠠᠭᠰᠢ ᠵᠠᠯᠠᠭᠤ ᠪᠠᠭᠠᠴᠤᠳ ᠪᠣᠯᠤᠨ ᠭᠡᠷ ᠤᠨ ᠠᠬᠠᠮᠠᠳ ᠢ ᠳᠠᠭᠠᠭᠤᠯᠤᠨ ᠲᠠᠪᠣᠨ ᠬᠤᠰᠢᠭᠤᠲᠦ ᠣᠳᠣ ᠪᠣᠯᠤᠨ ᠤᠯᠤᠰ ᠤᠨ ᠲᠤᠭ ᠢ ᠬᠠᠶᠢᠴᠢᠯᠠᠵᠤ᠂ ᠥᠪᠡᠷ ᠤᠨ ᠬᠢᠭᠰᠡᠨ ᠵᠢᠷᠤᠭ ᠳᠦᠷᠰᠦᠨ ᠳᠡᠭᠡᠷ᠎ᠡ ᠪᠠᠨ ᠬᠤᠷᠤᠭᠤᠨ ᠣᠷᠣᠮ ᠢᠶᠠᠨ ᠳᠠᠷᠤᠵᠤ᠂ ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠦᠨᠡᠨ ᠬᠦ ᠢᠯᠡᠳᠬᠡᠵᠦ᠂ ᠪᠠᠰᠠ ᠲᠡᠳᠡᠨ ᠳᠤ ᠨᠠᠮ ᠤᠨ ᠲᠡᠤᠬᠡ ᠶᠢ ᠲᠦᠭᠡᠮᠡᠯᠵᠢᠭᠦᠯᠵᠡᠶ᠃ ᠵᠠᠯᠠᠭᠤ ᠪᠠᠭᠠᠴᠤᠳ ᠲᠤ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠥᠭᠵᠢᠯᠲᠡ ᠶᠢᠨ ᠲᠡᠤᠬᠡ᠂ ᠳᠤᠮᠳᠠᠳᠤ ᠤᠯᠤᠰ ᠤᠨ ᠬᠥᠭᠵᠢᠯᠲᠡ ᠶᠢᠨ ᠲᠡᠤᠬᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠲᠣᠭᠲᠠᠭᠠᠯ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠵᠡᠷᠭᠡ ᠶᠢ ᠣᠶᠢᠯᠠᠭᠠᠭᠤᠯᠵᠤ᠂ ᠳᠤᠮᠳᠠᠳᠤ ᠤᠯᠤᠰ ᠤᠨ ᠬᠤᠪᠢᠰᠬᠠᠯ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠮᠡᠳᠡᠷᠡᠵᠦ᠂ ᠲᠡᠳᠡᠨᠡᠷ ᠤᠨ ᠠᠯᠳᠠᠷ ᠬᠦᠨᠳᠦ ᠶᠢᠨ ᠤᠬᠠᠮᠰᠠᠷ ᠪᠣᠯᠣᠨ ᠡᠭᠦᠷᠭᠡ ᠳᠠᠭᠠᠯᠭᠠᠪᠦᠷᠢ ᠶᠢᠨ ᠤᠬᠠᠮᠰᠠᠷ ᠢ ᠨᠡᠮᠡᠭᠳᠡᠭᠦᠯᠵᠦ᠂ ᠨᠢᠯᠬ᠎ᠠ ᠪᠠᠭ᠎ᠠ ᠣᠶᠤᠨ ᠰᠠᠨᠠᠭ᠎ᠠ ᠨᠢ ᠴᠤ ᠡᠬᠡ ᠣᠷᠣᠨᠴᠢ ᠦᠵᠡᠯ ᠤᠨ ᠤᠬᠢᠶᠠᠯ ᠢ ᠬᠦᠷᠲᠡᠭᠰᠡᠨ ᠪᠠᠶᠢᠨ᠎ᠠ᠃      ᠡᠬᠡ ᠤᠯᠤᠰ ᠪᠣᠯ ᠲᠣᠮᠣ ᠭᠡᠷ ᠪᠦᠯᠢ ᠮᠥᠨ᠂ ᠡᠨᠡ ᠬᠦ ᠲᠣᠮᠦ ᠭᠡᠷ ᠪᠦᠯᠢ ᠨᠢ ᠣᠯᠠᠨ ᠵᠢᠵᠢᠭ ᠭᠡᠷ ᠪᠦᠯᠢ ᠪᠠᠷ ᠪᠦᠷᠢᠯᠳᠦᠵᠦ᠂ ᠲᠣᠮᠦ ᠭᠡᠷ ᠪᠦᠯᠢ ᠪᠠᠶᠢᠮᠠᠨᠵᠢᠨ ᠰᠠᠶ᠋ᠢ ᠪᠠᠭ᠎ᠠ ᠭᠡᠷ ᠪᠦᠯᠢ ᠪᠠᠨ ᠪᠠᠶᠢᠲᠠᠭ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠪᠢ ᠡᠬᠡ ᠤᠯᠤᠰ ᠢᠶᠠᠨ ᠬᠠᠶᠢᠷᠠᠯᠠᠨ᠎ᠠ︾ ᠭᠡᠰᠡᠨ ᠢᠲᠡᠭᠡᠯ ᠵᠣᠷᠢᠭ ᠢᠶᠠᠨ ᠭᠡᠷ ᠪᠦᠯᠢ ᠨᠢᠭᠡᠪᠦᠷᠢ ᠳᠤ ᠭᠦᠨᠵᠡᠭᠡᠶᠢᠷᠡᠭᠦᠯᠪᠡ᠃                                                      ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3