| | ᠰᠢᠨ᠎ᠡ ᠵᠢᠯ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠰᠢᠩ ᠾᠧ ᠰᠢᠶᠠᠨ ᠤ | ᠤᠯᠠᠭᠠᠨᠮᠥ᠋ᠴᠢᠷ ᠨᠢ ᠳᠡᠭᠡᠳᠦ ᠱᠠᠲᠤᠨ ᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ | ᠲᠦᠮᠡᠨ ᠳᠤ ᠬᠦᠨᠵᠡᠭᠡᠶᠢᠷᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠰᠠᠯᠬᠢ ᠱᠢᠭᠤᠷᠭᠠᠨ ᠢ ᠰᠥᠷᠴᠦ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠳᠤ | ᠭᠦᠨᠵᠡᠭᠡᠶᠢᠷᠡᠨ᠂ ᠰᠢᠨ᠎ᠡ ᠵᠢᠯ ᠴᠠᠭᠠᠨ ᠰᠠᠷ᠎ᠠ ᠶᠢᠨ ᠦᠨᠳᠦᠰᠦᠨ ᠱᠠᠲᠤᠨ ᠤ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ | | | | | | | | ᠲᠣᠭᠯᠠᠯᠲᠠ ᠭᠠᠷᠭᠠᠬᠤ ᠶᠢᠨ ᠬᠠᠮᠲᠤ᠂ ᠲᠡᠳᠡ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ | ᠪᠠᠳᠠᠷᠠᠭᠤᠯᠵᠣ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ ᠪᠣᠯᠬᠤ︾ ᠵᠣᠷᠢᠯᠲᠠ ᠶᠢ ᠪᠠᠷᠢᠮᠲᠠᠯᠠᠵᠤ᠂ ᠤᠯᠠᠭᠠᠨᠮᠥ᠋ᠴᠢᠷ ᠤᠨ ︽ᠲᠣᠭᠯᠠᠯᠲᠠ ᠭᠠᠷᠭᠠᠬᠤ᠂ ᠤᠬᠠᠭᠤᠯᠬᠤ᠂ | ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠡᠭᠦᠳᠦᠨ ᠪᠦᠲᠦᠭᠡᠬᠦ᠂ ᠰᠢᠨ᠎ᠡ ᠶᠢ ᠡᠭᠦᠳᠬᠦ︾ ᠦᠢᠯᠡᠳᠦᠯ ᠢ | ᠭᠦᠢᠴᠡᠳ ᠪᠠᠳᠠᠷᠠᠭᠤᠯᠵᠣ᠂ ᠪᠥᠬᠦ ᠰᠢᠶᠠᠨ ᠤ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ | ᠴᠠᠭᠠᠵᠠ᠂ ᠶᠠᠳᠠᠭᠤ ᠶᠢ ᠲᠡᠳᠬᠦᠬᠦ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠵᠤ᠂ ᠣᠯᠠᠨ | ᠲᠦᠮᠡᠨ ᠳᠤ ᠭᠤᠶᠢᠳᠠ ᠰᠠᠶᠢᠬᠠ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠤᠯᠬᠤ ᠶᠢᠨ ᠬᠠᠮᠲᠤ᠂ ᠬᠠᠯᠠᠭᠤᠨ | ᠳᠣᠲᠣᠨᠥ ᠦᠢᠯᠡᠴᠢᠯᠡᠭᠡ ᠬᠦᠷᠭᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠣᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠰᠠᠶᠢᠨ ᠰᠠᠶᠢᠬᠠᠨ ᠰᠣᠶᠣᠯ ᠤᠨ | ᠠᠭᠤᠷ ᠠᠮᠢᠰᠬᠤᠯ ᠪᠠ ᠪᠠᠶᠠᠷ ᠪᠠᠶᠠᠰᠬᠤᠯᠠᠩ᠂ ᠪᠣᠯᠪᠠᠰᠤᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠶ ᠪᠣᠯᠭᠠᠪᠠ᠃ | | | | ᠵᠣᠬᠢᠶᠠᠭᠴᠢ᠄ ᠶᠠᠩ ᠫᠧᠢ ᠱᠧᠩ | ᠵᠢᠷᠤᠭ᠄ ᠶᠠᠩ ᠫᠧᠢ ᠱᠧᠩ | ᠣᠷᠴᠢᠭᠤᠯᠣᠭᠴᠢ᠄ ᠰᠣᠷᠭᠤᠭ | | | | | | |