ᠰᠢᠩ ᠾᠧ ᠰᠢᠶᠠᠨ ᠤ ᠤᠯᠠᠭᠠᠨᠮᠥ᠋ᠴᠢᠷ ᠨᠢ 2020 ᠣᠨ ᠤ ᠴᠠᠭᠠᠨ ᠰᠠᠷ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠠᠵᠢᠯᠯᠠᠭ᠎ᠠ ᠶᠢ ᠢᠳᠡᠪᠬᠢᠲᠠᠢ ᠥᠷᠨᠢᠭᠦᠯᠪᠡ
ᠨᠡᠶᠢᠲᠡᠯᠡᠭᠰᠡᠨ ᠴᠠᠭ᠄
2020-01-10
     ᠰᠢᠨ᠎ᠡ ᠵᠢᠯ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠰᠢᠩ ᠾᠧ ᠰᠢᠶᠠᠨ ᠤ ᠤᠯᠠᠭᠠᠨᠮᠥ᠋ᠴᠢᠷ ᠨᠢ ᠳᠡᠭᠡᠳᠦ ᠱᠠᠲᠤᠨ ᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠳᠤ ᠬᠦᠨᠵᠡᠭᠡᠶᠢᠷᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠰᠠᠯᠬᠢ ᠱᠢᠭᠤᠷᠭᠠᠨ ᠢ ᠰᠥᠷᠴᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠨ᠂ ᠰᠢᠨ᠎ᠡ ᠵᠢᠯ ᠴᠠᠭᠠᠨ ᠰᠠᠷ᠎ᠠ ᠶᠢᠨ ᠦᠨᠳᠦᠰᠦᠨ ᠱᠠᠲᠤᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃
     ᠲᠣᠭᠯᠠᠯᠲᠠ ᠭᠠᠷᠭᠠᠬᠤ ᠶᠢᠨ ᠬᠠᠮᠲᠤ᠂ ᠲᠡᠳᠡ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠣ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠵᠣᠷᠢᠯᠲᠠ ᠶᠢ ᠪᠠᠷᠢᠮᠲᠠᠯᠠᠵᠤ᠂ ᠤᠯᠠᠭᠠᠨᠮᠥ᠋ᠴᠢᠷ ᠤᠨ ︽ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠡᠭᠦᠳᠦᠨ ᠪᠦᠲᠦᠭᠡᠬᠦ᠂ ᠰᠢᠨ᠎ᠡ ᠶᠢ ᠡᠭᠦᠳᠬᠦ︾ ᠦᠢᠯᠡᠳᠦᠯ ᠢ ᠭᠦᠢᠴᠡᠳ ᠪᠠᠳᠠᠷᠠᠭᠤᠯᠵᠣ᠂ ᠪᠥᠬᠦ ᠰᠢᠶᠠᠨ ᠤ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ ᠴᠠᠭᠠᠵᠠ᠂ ᠶᠠᠳᠠᠭᠤ ᠶᠢ ᠲᠡᠳᠬᠦᠬᠦ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠵᠤ᠂ ᠣᠯᠠᠨ ᠲᠦᠮᠡᠨ ᠳᠤ ᠭᠤᠶᠢᠳᠠ ᠰᠠᠶᠢᠬᠠ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠤᠯᠬᠤ ᠶᠢᠨ ᠬᠠᠮᠲᠤ᠂ ᠬᠠᠯᠠᠭᠤᠨ ᠳᠣᠲᠣᠨᠥ ᠦᠢᠯᠡᠴᠢᠯᠡᠭᠡ ᠬᠦᠷᠭᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠪᠠ ᠪᠠᠶᠠᠷ ᠪᠠᠶᠠᠰᠬᠤᠯᠠᠩ᠂ ᠪᠣᠯᠪᠠᠰᠤᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃                                                        ᠵᠣᠬᠢᠶᠠᠭᠴᠢ᠄ ᠶᠠᠩ ᠫᠧᠢ ᠱᠧᠩ                                                        ᠵᠢᠷᠤᠭ᠄ ᠶᠠᠩ ᠫᠧᠢ ᠱᠧᠩ                                                        ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3