| | ᠪᠡᠶ᠎ᠡ ᠶᠢᠨ ᠦᠨᠡᠮᠯᠡᠯ ᠪᠣᠯ ᠬᠦᠮᠤᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠦᠨᠡᠮᠯᠡᠯ ᠮᠥᠨ᠂ ᠪᠡᠶ᠎ᠡ ᠶᠢᠨ ᠬᠢᠷᠢ | ᠬᠡᠮ ᠢ ᠭᠡᠷᠡᠴᠢᠯᠡᠬᠦ᠂ ᠲᠤᠬᠠᠶᠢᠯᠠᠭᠰᠠᠨ ᠠᠵᠢᠯ ᠡᠷᠬᠢᠯᠡᠬᠦ᠂ ᠭᠠᠳᠠᠭᠰᠢ ᠭᠠᠷᠴᠤ ᠵᠤᠭᠠᠴᠠᠬᠤ ᠁ ᠳᠤ ᠪᠡᠶ᠎ᠡ ᠶᠢᠨ | ᠦᠨᠡᠮᠯᠡᠯ ᠦᠭᠡᠢ ᠪᠣᠯ ᠠᠯᠬᠤᠬᠤᠶ᠎ᠠ ᠪᠡᠷᠬᠡ ᠭᠡᠵᠦ ᠬᠡᠯᠡᠵᠦ ᠪᠣᠯᠤᠨ᠎ᠠ᠃ ᠲᠡᠭᠡᠪᠡᠯ ᠪᠡᠶ᠎ᠡ ᠶᠢᠨ ᠦᠨᠡᠮᠯᠡᠯ ᠢᠶᠠᠨ ᠭᠡᠭᠡᠪᠡᠯ | ᠬᠡᠷᠬᠢᠨ ᠨᠥᠬᠦᠵᠦ ᠭᠦᠢᠴᠡᠳᠬᠡᠬᠦ ᠪᠤᠢ︖ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠪᠠᠯ ᠬᠡᠷᠬᠢᠨ ᠰᠣᠯᠢᠵᠤ | ᠠᠪᠬᠤ ᠪᠤᠢ︖ ᠪᠡᠶ᠎ᠡ ᠶᠢᠨ ᠦᠨᠡᠮᠯᠡᠯ ᠵᠶᠠᠨ ᠨᠥᠬᠦᠵᠦ ᠬᠢᠯᠭᠡᠬᠦ ᠳᠤ ᠪᠠᠰᠠ ᠶᠠᠮᠠᠷ ᠭᠠᠷ ᠭᠦᠢᠴᠡᠳᠬᠡᠯ ᠬᠢᠬᠦ ᠬᠡᠷᠡᠭᠲᠡᠶ | ᠪᠣᠶ︖ ᠣᠨᠳᠣᠤ ᠭᠠᠵᠠᠷ ᠪᠡᠶ᠎ᠡ ᠶᠢᠨ ᠦᠨᠡᠮᠯᠡᠯ ᠢ ᠭᠦᠢᠴᠡᠳᠬᠡᠬᠦ ᠨᠢ ᠶᠠᠮᠠᠷ ᠳᠡᠰ ᠳᠠᠷᠠᠭ᠎ᠠ ᠲᠠᠢ ᠪᠤᠢ︖ ᠲᠦᠷ | ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠭᠤᠶᠤᠴᠢᠯᠠᠬᠤ ᠪᠤᠢ︖ ᠬᠤᠲᠠ ᠶᠢᠨ ᠠᠷᠠᠳ ᠤᠨ ᠪᠡᠶ᠎ᠡ ᠶᠢᠨ ᠦᠨᠡᠮᠯᠡᠯ | ᠭᠦᠢᠴᠡᠳᠬᠡᠬᠦ ᠳᠤ ᠲᠤᠯᠭᠠᠷᠠᠭᠰᠠᠨ ᠠᠰᠠᠭᠤᠳᠠᠯ ᠤᠨ ᠲᠤᠬᠠᠢ ᠲᠦᠷᠦᠭᠦᠬᠡᠨ᠂ ᠬᠥᠬᠡᠬᠤᠲᠠ ᠶᠢᠨ ︽ᠬᠠᠮ | ᠵᠠᠭᠤᠴᠢᠯᠠᠭᠤᠷ ᠤᠨ ᠠᠷᠠᠳ ᠤᠨ ᠠᠮᠢᠳᠤᠷᠠᠯ ᠤᠨ ᠦᠶ᠋ᠯᠡᠴᠢᠯᠡᠭᠡᠨ ᠤ ᠲᠠᠪᠴᠠᠩ︾ ᠤᠨ ᠬᠢᠨ ᠬᠤᠲᠣᠩ | ᠦᠨᠳᠦᠰᠦᠲᠡᠨ ᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠦᠨᠳᠦᠰᠦᠨ | ᠱᠠᠲᠤᠨ ᠤ ᠰᠠᠭᠤᠷᠢ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠂ ᠬᠤᠲᠣᠩ ᠦᠨᠳᠦᠰᠦᠲᠡᠨ ᠤ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ | ᠠᠩᠭᠢ ᠶᠢᠨ ᠳᠡᠳ᠋ ᠳᠠᠷᠤᠭ᠎ᠠ ᠭᠤᠤ ᠷᠦᠨ ᠶᠦᠩ ᠢ ᠤᠷᠢᠵᠤ ᠲᠠᠶᠢᠯᠤᠮᠵᠢ ᠬᠢᠯᠭᠡᠪᠡ᠃ | ﹇ᠠᠰᠠᠭᠤᠳᠠᠯ﹈ | ᠡᠷᠦᠬᠡ ᠠᠮᠠ ᠶᠢᠨ ᠳᠠᠩᠰᠠ ᠰᠠᠶᠢᠬᠠᠨ ᠲᠣᠭᠤᠷᠢᠭ ᠲᠤ ᠪᠠᠶᠢᠵᠤ᠂ ᠬᠥᠮᠥᠨ ᠨᠢ ᠬᠤᠲᠣᠩ ᠦᠨᠳᠦᠰᠦᠲᠡᠨ ᠤ | ᠲᠣᠭᠤᠷᠢᠭ ᠲᠤ ᠠᠵᠢᠯᠯᠠᠵᠤ ᠪᠠᠶᠢᠭᠠᠳ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠬᠤᠲᠣᠩ ᠦᠨᠳᠦᠰᠦᠲᠡᠨ ᠤ | ᠲᠤᠭᠤᠷᠢᠭ ᠲᠤ ᠨᠥᠬᠦᠵᠦ ᠭᠦᠢᠴᠡᠳᠬᠡᠵᠦ ᠪᠣᠯᠤᠨ᠎ᠠ ᠤᠤ︖ ᠶᠠᠮᠠᠷ ᠦᠨᠡᠮᠯᠡᠯ ᠦᠵᠡᠭᠦᠯᠬᠦ ᠬᠡᠷᠡᠭᠲᠡᠶ ᠪᠣᠶ︖ ᠭᠡᠷᠡᠯ | ᠵᠢᠷᠤᠭ ᠠᠪᠬᠤ ᠳᠤ ᠨᠢᠳᠦᠨ ᠰᠢᠯ ᠵᠡᠭᠦᠵᠦ ᠪᠣᠯᠬᠤ ᠤᠤ︖ | ᠬᠠᠷᠢᠭᠤᠯᠲᠠ᠄ | ᠪᠡᠶ᠎ᠡ ᠶᠢᠨ ᠦᠨᠡᠮᠯᠡᠯ ᠢ ᠨᠥᠬᠦᠨ ᠭᠦᠢᠴᠡᠳᠬᠡᠬᠦ ᠳᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠬᠢᠬᠦ | ᠴᠢᠬᠤᠯᠠᠲᠠᠶ᠂ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠭᠡᠷᠡᠯ ᠵᠢᠷᠤᠭ ᠠᠪᠬᠤ ᠪᠠ | ᠬᠤᠷᠤᠭᠤᠨ ᠤ ᠬᠡ ᠠᠪᠬᠤ ᠴᠢᠬᠤᠯᠠᠲᠠᠶ᠂ ᠭᠤᠶᠤᠴᠢᠯᠠᠭᠴᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ | ᠬᠠᠭᠤᠯᠪᠤᠷᠢ᠂ ᠵᠢᠯᠣᠭᠤᠴᠢ ᠶᠢᠨ ᠦᠨᠡᠮᠯᠡᠯ ᠵᠡᠷᠭᠡ ᠪᠡᠶ᠎ᠡ ᠬᠡᠮ ᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ | ᠴᠢᠬᠤᠯᠠᠲᠠᠶ᠃ ᠰᠡᠭᠦᠳᠡᠷ ᠲᠠᠲᠠᠬᠤ ᠳᠠᠭᠠᠨ ᠭᠤᠶᠣᠯᠠᠵᠤ᠂ ᠲᠣᠯᠣᠭᠠᠶ ᠶᠢᠨ ᠵᠠᠰᠠᠯ ᠵᠡᠭᠦᠵᠦ᠂ ᠨᠢᠳᠦᠨ ᠰᠢᠯ ᠵᠡᠭᠦᠵᠦ | ᠪᠣᠯᠬᠤ ᠦᠭᠡᠢ᠃ | ﹇ᠠᠰᠠᠭᠤᠳᠠᠯ﹈ | ᠡᠷᠦᠬᠡ ᠠᠮᠠ ᠨᠢ ᠰᠢᠯᠢ ᠶᠢᠨ ᠭᠤᠤᠯ ᠠᠶᠢᠮᠠᠭ ᠲᠤ ᠪᠠᠶᠢᠵᠤ᠂ ᠬᠥᠮᠥᠨ ᠨᠢ ᠬᠥᠬᠡᠬᠤᠲᠠ ᠳᠤ ᠪᠠᠶᠢᠪᠠᠯ᠂ | ᠣᠨᠳᠣᠤ ᠭᠠᠵᠠᠷ ᠤᠨ ᠪᠡᠶ᠎ᠡ ᠶᠢᠨ ᠦᠨᠡᠮᠯᠡᠯ ᠠᠪᠴᠤ ᠪᠣᠯᠤᠨ᠎ᠠ ᠤᠤ︖ ᠬᠡᠷᠪᠡ ᠪᠣᠯᠪᠠᠯ ᠶᠠᠮᠠᠷ ᠶᠠᠮᠠᠷ ᠦᠨᠡᠮᠯᠡᠯ | ᠬᠠᠩᠭᠠᠬᠤ ᠴᠢᠬᠤᠯᠠᠲᠠᠢ ᠪᠣᠶ︖ | ᠬᠠᠷᠢᠭᠤᠯᠲᠠ᠄ | ᠬᠥᠬᠡᠬᠤᠲᠠ ᠶᠢ ᠭᠠᠷᠭᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳ | ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠢ ᠭᠦᠢᠴᠡᠳᠬᠡᠵᠦ ᠪᠣᠯᠤᠨ᠎ᠠ᠃ ᠡᠷᠦᠬᠡ ᠠᠮᠠ ᠶᠢᠨ ᠳᠡᠪᠲᠡᠷ᠂ | ᠵᠢᠯᠣᠭᠤᠴᠢ ᠶᠢᠨ ᠦᠨᠡᠮᠯᠡᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ᠂ ᠨᠡᠶᠢᠭᠡᠮ ᠤᠨ ᠳᠠᠭᠠᠳᠬᠠᠯ ᠤᠨ ᠺᠠᠷᠲ | ᠵᠡᠷᠭᠡ ᠪᠡᠶ᠎ᠡ ᠬᠡᠮ ᠤᠨ ᠮᠡᠳᠡᠭᠡ ᠵᠠᠩᠭᠢ ᠶᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ ᠴᠢᠬᠤᠯᠠᠲᠠᠶ ᠪᠥᠭᠡᠳ | ᠪᠣᠳᠠᠲᠠᠶ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠬᠥᠮᠥᠨ ᠠᠮᠠ ᠶᠢᠨ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠪᠦᠷᠢᠳᠭᠡᠯᠭᠡᠨ ᠲᠡᠮᠳᠡᠭᠯᠡᠭᠦᠯᠬᠦ ᠬᠡᠷᠡᠭᠲᠡᠶ᠃ | ﹇ᠠᠰᠠᠭᠤᠳᠠᠯ﹈ | ᠪᠡᠶ᠎ᠡ ᠶᠢᠨ ᠦᠨᠡᠮᠯᠡᠯ ᠨᠢ ᠡᠨᠡ ᠵᠢᠯ ᠤᠨ 10 ᠰᠠᠷ᠎ᠠ ᠶᠢᠨ 20 ᠤ ᠡᠳᠦᠷ ᠪᠣᠯᠪᠠᠯ ᠳᠠᠷᠤᠶ ᠬᠤᠭᠤᠴᠠᠭ᠎ᠠ ᠨᠢ | ᠲᠤᠯᠴᠢᠬᠠᠨᠠ᠂ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠡᠷᠬᠡᠪᠰᠢ ᠬᠤᠭᠤᠴᠠᠭ᠎ᠠ ᠲᠤᠯᠬᠤ ᠠᠴᠠ ᠡᠮᠦᠨ᠎ᠡ ᠬᠢᠬᠦ | ᠬᠡᠷᠡᠭᠲᠡᠶ ᠦᠦ︖ ᠶᠠᠮᠠᠷ ᠬᠤᠯᠪᠣᠭᠳᠠᠯ ᠪᠦᠬᠦᠢ ᠦᠨᠡᠮᠯᠡᠯ ᠪᠡᠯᠡᠳᠬᠡᠬᠦ ᠴᠢᠬᠤᠯᠠᠲᠠᠶ ᠪᠤᠢ︖ | ᠬᠠᠷᠢᠭᠤᠯᠲᠠ᠄ | ᠲᠤᠰ ᠬᠤᠲᠠ ᠶᠢᠨ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠤᠭᠠᠳ ᠬᠠᠷᠢᠶ᠎ᠠ ᠭᠠᠵᠠᠷ ᠤᠨ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠬᠦᠷᠴᠦ ᠭᠦᠢᠴᠡᠳᠬᠡᠨ᠎ᠡ᠃ ᠤᠷᠢᠳᠴᠢᠯᠠᠨ ᠰᠢᠢᠳᠪᠦᠷᠢᠯᠡᠬᠦ | ᠪᠤᠶᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠰᠢᠢᠳᠪᠦᠷᠢᠯᠡᠵᠦ ᠪᠣᠯᠤᠨ᠎ᠠ᠃ ᠡᠷᠦᠬᠡ ᠠᠮᠠ ᠶᠢᠨ ᠳᠠᠩᠰᠠ ᠶᠢᠨ | ᠳᠦᠷᠢᠮ ᠳᠤ ᠡᠩ ᠤᠨ ᠪᠠᠶᠢᠳᠠᠯ ᠳᠤ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ ᠭᠡᠵᠦ | ᠲᠣᠭᠲᠠᠭᠠᠵᠠᠶ᠃ ᠣᠳᠣᠬᠠᠨ ᠳᠤ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠵᠢᠯ ᠢᠶᠠᠨ | ᠳᠠᠭᠤᠰᠬᠠᠵᠤ ᠪᠣᠯᠤᠨ᠎ᠠ᠃ ᠬᠡᠷᠪᠡ ᠣᠯᠠᠨ ᠲᠦᠮᠡᠨ ᠪᠠᠴᠢᠮ ᠶᠠᠪᠤᠳᠠᠯ ᠲᠣᠬᠢᠶᠠᠯᠳᠤᠪᠠᠯ ᠲᠦᠷᠭᠡᠨ ᠰᠢᠢᠳᠪᠦᠷᠢᠯᠡᠬᠦ | ᠬᠡᠷᠡᠭᠲᠡᠶ᠂ ᠬᠡᠷᠪᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠪᠠᠯ ᠰᠠᠭᠠᠳ ᠥᠬᠡᠶ | ᠨᠡᠪᠲᠡᠷᠡᠬᠦ ᠵᠠᠮ ᠭᠠᠷᠭᠠᠵᠤ ᠪᠣᠯᠤᠨ᠎ᠠ᠃ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠲᠤᠰ | ᠬᠤᠲᠠ ᠶᠢᠨ ᠰᠠᠭᠤᠭᠠᠯᠢ ᠠᠷᠠᠳ ᠡᠷᠦᠬᠡ ᠠᠮᠠ ᠶᠢᠨ ᠳᠡᠪᠲᠡᠷ ᠢᠶᠠᠨ ᠬᠠᠩᠭᠠᠪᠠᠯ ᠪᠣᠯᠴᠢᠬᠠᠨ᠎ᠠ᠃ | ﹇ᠠᠰᠠᠭᠤᠳᠠᠯ﹈ | ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠤᠨ ᠰᠡᠭᠦᠳᠡᠷ ᠲᠠᠲᠠᠬᠤ ᠦᠶ᠎ᠡ ᠳᠤ᠂ ᠬᠥᠮᠦᠨ ᠤ ᠪᠡᠶ᠎ᠡ ᠶᠢᠨ | ᠬᠦᠷᠦᠭ ᠵᠢᠷᠤᠭ ᠢ ᠰᠡᠭᠦᠳᠡᠷᠯᠡᠬᠦ ᠪᠠ ᠰᠢᠰᠲ᠋ᠧᠮ ᠤᠨ ᠤᠤᠯ ᠤᠨ ᠪᠡᠶ᠎ᠡ ᠶᠢᠨ ᠦᠨᠡᠮᠯᠡᠯ ᠢ ᠬᠠᠷᠢᠴᠠᠭᠤᠯᠤᠭᠰᠠᠨ ᠤ | ᠳᠠᠷᠠᠭ᠎ᠠ᠂ ᠠᠳᠠᠯᠢᠪᠲᠤᠷ ᠬᠡᠮᠵᠢᠶ᠎ᠡ ᠨᠢ ᠨᠡᠯᠢᠶᠡᠳ ᠳᠣᠤᠷ᠎ᠠ ᠪᠠᠶᠢᠵᠤ᠂ ᠤᠭ ᠨᠤᠲᠤᠭ ᠲᠠᠭᠠᠨ ᠪᠤᠴᠠᠵᠤ ᠪᠡᠶ᠎ᠡ ᠶᠢᠨ | ᠦᠨᠡᠮᠯᠡᠯ ᠭᠦᠢᠴᠡᠳᠬᠡᠬᠦ ᠴᠢᠬᠤᠯᠠᠲᠠᠶ ᠪᠠᠶᠢᠳᠠᠯ ᠭᠠᠷᠪᠠᠯ ᠶᠠᠭᠠᠬᠢᠬᠤ ᠪᠤᠢ︖ | ᠬᠠᠷᠢᠭᠤᠯᠲᠠ᠄ | ᠨᠠᠰᠤ ᠵᠢᠯ ᠨᠢ ᠨᠡᠮᠡᠭᠳᠡᠭᠰᠡᠨ᠂ ᠦᠩᠭᠡ ᠵᠢᠰᠦ ᠨᠢ ᠬᠤᠪᠢᠷᠠᠭᠰᠠᠨ ᠵᠡᠷᠭᠡ ᠠᠴᠠ ᠪᠣᠯᠵᠤ᠂ ᠤᠭ ᠨᠤᠲᠤᠭ ᠲᠤᠨᠢ | ᠰᠢᠶ᠋ᠳᠪᠦᠷᠢᠯᠡᠭᠰᠡᠨ ᠪᠡᠶ᠎ᠡ ᠶᠢᠨ ᠦᠨᠡᠮᠯᠡᠯ ᠤᠨ ᠰᠡᠭᠦᠳᠡᠷ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠳᠠᠯ ᠭᠠᠷᠴᠤ ᠮᠡᠳᠡᠬᠦ | ᠲᠤᠯᠠ ᠵᠥᠪᠬᠡᠨ ᠤᠭ ᠨᠤᠲᠤᠭ ᠲᠤᠨᠢ ᠣᠴᠢᠵᠤ ᠰᠢᠢᠳᠪᠤᠷᠢᠯᠡᠨ᠎ᠡ᠃ | ﹇ᠠᠰᠠᠭᠤᠳᠠᠯ﹈ | ᠪᠡᠶ᠎ᠡ ᠶᠢᠨ ᠦᠨᠡᠮᠯᠡᠯ ᠳᠡᠭᠡᠷᠡᠬᠢ ᠭᠡᠷᠡᠯ ᠵᠢᠷᠤᠭ ᠢ ᠰᠣᠯᠢᠵᠤ ᠪᠣᠯᠤᠨ᠎ᠠ ᠤᠤ︖ ᠬᠡᠷᠪᠡ ᠪᠣᠯᠬᠤ ᠳᠤ ᠬᠦᠷᠪᠡᠯ | ᠶᠠᠮᠠᠷ ᠶᠠᠩᠵᠤ ᠶᠢᠨ ᠭᠠᠷ ᠭᠦᠢᠴᠡᠳᠬᠡᠯ ᠬᠢᠬᠦ ᠬᠡᠷᠡᠭ ᠲᠠᠢ ᠪᠣᠶ︖ | ᠬᠠᠷᠢᠭᠤᠯᠲᠠ᠄ | ᠭᠡᠷᠡᠴᠢ ᠰᠣᠯᠢᠬᠤ ᠴᠠᠭ ᠪᠤᠯᠤᠭ᠎ᠠ ᠦᠭᠡᠢ ᠪᠠᠶᠢᠬᠤ ᠳᠤ᠂ ᠬᠤᠪᠢ ᠬᠥᠮᠦᠨ ᠤ ᠰᠢᠯᠲᠠᠭᠠᠨ ᠠᠴᠠ ᠪᠣᠯᠵᠤ ᠭᠡᠷᠡᠯ | ᠵᠢᠷᠤᠭ ᠢ ᠰᠣᠯᠢᠵᠤ ᠪᠣᠯᠤᠨ᠎ᠠ᠂ ᠭᠡᠪᠡᠴᠦ ᠣᠨᠳᠣᠣ ᠭᠠᠵᠠᠷ ᠲᠤ ᠰᠢᠢᠳᠪᠦᠷᠢᠯᠡᠵᠦ ᠪᠣᠯᠬᠤ ᠦᠭᠡᠢ᠃ ᠬᠤᠪᠢ ᠬᠥᠮᠦᠨ | ᠭᠤᠶᠤᠴᠢᠯᠠᠯ ᠳᠡᠪᠰᠢᠭᠦᠯᠵᠦ᠂ ᠡᠷᠦᠬᠡ ᠠᠮᠠ ᠶᠢᠨ ᠳᠡᠪᠲᠡᠷ ᠢᠶᠠᠨ ᠠᠪᠴᠤ ᠡᠷᠦᠬᠡ ᠠᠮᠠ ᠶᠢᠨ ᠳᠠᠩᠰᠠ ᠪᠠᠶᠢᠭ᠎ᠠ | ᠭᠠᠵᠠᠷ ᠲᠠᠭᠠᠨ ᠣᠴᠢᠵᠤ ᠭᠦᠢᠴᠡᠳᠬᠡᠬᠦ ᠬᠡᠷᠡᠭᠲᠡᠶ᠃ | ﹇ᠠᠰᠠᠭᠤᠳᠠᠯ﹈ | ᠡᠷᠦᠬᠡ ᠠᠮᠠ ᠶᠢᠨ ᠳᠠᠩᠰᠠ ᠨᠢ ᠤᠯᠠᠭᠠᠨᠬᠠᠳᠠ ᠳᠤ ᠪᠠᠶᠢᠵᠤ᠂ ᠬᠥᠬᠡᠬᠤᠲᠠ ᠳᠤ ᠰᠠᠭᠤᠵᠤ ᠪᠠᠶᠢᠭ᠎ᠠ | ᠨᠠᠰᠤᠲᠠᠶᠢᠴᠤᠳ᠂ ᠭᠠᠳᠠᠭᠠᠳᠤ ᠳᠤ ᠭᠠᠷᠬᠤ ᠭᠠᠷᠳᠠᠮ ᠭᠦᠢᠴᠡᠳᠬᠡᠬᠦ ᠣᠶᠢᠶ᠎ᠠ ᠳᠤ ᠤᠭ ᠨᠤᠲᠤᠭ ᠲᠠᠭᠠᠨ ᠪᠤᠴᠠᠵᠤ | ᠭᠦᠢᠴᠡᠳᠬᠡᠬᠦ ᠴᠢᠬᠤᠯᠠᠲᠠᠶ ᠤᠤ︖ | ᠬᠠᠷᠢᠭᠤᠯᠲᠠ᠄ | ᠤᠭ ᠨᠤᠲᠤᠭ ᠲᠠᠭᠠᠨ ᠬᠠᠷᠢᠬᠤ ᠬᠡᠷᠡᠭ ᠦᠭᠡᠢ᠂ ᠬᠥᠬᠡᠬᠤᠲᠠ ᠳᠤ ᠳᠠᠷᠤᠶ ᠭᠦᠢᠴᠡᠳᠬᠡᠵᠦ ᠪᠣᠯᠤᠨ᠎ᠠ᠂ | ᠭᠡᠪᠡᠴᠦ ᠲᠤᠰ ᠬᠥᠮᠥᠨ ᠨᠢ ᠭᠦᠢᠴᠡᠳᠬᠡᠬᠦ ᠬᠡᠷᠡᠭᠲᠡᠶ᠃ | ﹇ᠠᠰᠠᠭᠤᠳᠠᠯ﹈ | ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠵᠦ ᠳᠠᠭᠤᠰᠬᠠᠪᠠᠯ᠂ ᠬᠡᠵᠢᠶ᠎ᠡ ᠪᠡᠶ᠎ᠡ ᠶᠢᠨ ᠦᠨᠡᠮᠯᠡᠯ ᠢᠶᠠᠨ | ᠠᠪᠴᠤ ᠪᠣᠯᠬᠤ ᠪᠤᠢ︖ ᠦᠨᠡᠮᠯᠡᠯ ᠭᠦᠢᠴᠡᠳᠬᠡᠬᠦ ᠠᠬᠢᠴᠠ ᠶᠢ ᠡᠷᠢᠵᠦ ᠣᠯᠬᠤ ᠠᠷᠭ᠎ᠠ ᠵᠠᠮ ᠪᠠᠢᠨ᠎ᠠ ᠤᠤ ᠥᠬᠡᠶ ᠦᠦ | ︖ ᠪᠡᠶ᠎ᠡ ᠶᠢᠨ ᠦᠨᠡᠮᠯᠡᠯ ᠤᠨ ᠭᠠᠷᠳᠠᠮ ᠭᠦᠢᠴᠡᠭᠰᠡᠨ ᠤ ᠳᠠᠷᠠᠭ᠎ᠠ ᠦᠨᠠᠮᠯᠠᠯ ᠢᠶᠠᠨ ᠬᠡᠷᠬᠢᠨ ᠠᠪᠬᠤ ᠪᠤᠢ︖ | ᠬᠠᠷᠢᠭᠤᠯᠲᠠ᠄ | ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠪᠴᠤ ᠪᠣᠯᠤᠨ᠎ᠠ᠂ ᠬᠤᠳᠠ ᠶᠢᠨ ᠠᠷᠠᠳ ᠴᠤ | ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢ ᠰᠣᠩᠭᠤᠵᠤ᠂ E M S ᠤᠨ ᠲᠥᠯᠥᠪᠦᠷᠢ ᠲᠠᠢ ᠪᠠᠷ ᠰᠦᠢᠳᠬᠡᠯ | ᠬᠤᠷᠢᠶᠠᠵᠤ ᠬᠦᠷᠭᠡᠵᠦ ᠪᠣᠯᠤᠨ᠎ᠠ᠃ ᠣᠳᠣᠬᠠᠨ ᠳᠤ ᠵᠥᠪᠬᠡᠨ ᠡᠮᠦᠨ᠎ᠡ ᠲᠠᠪᠴᠠᠩ ᠤᠨ ᠳ᠋ᠢᠶᠠᠩᠬᠤᠸᠠ ᠪᠠᠷ ᠦᠨᠡᠮᠯᠡᠯ | ᠠᠪᠬᠤ ᠠᠬᠢᠴᠠ ᠶᠢ ᠪᠠᠶᠢᠴᠠᠭᠠᠨ ᠯᠠᠪᠯᠠᠵᠤ ᠪᠤᠯᠤᠨ᠎ᠠ᠂ ᠡᠮᠦᠨ᠎ᠡ ᠲᠠᠪᠴᠠᠩ ᠤᠨ ᠳ᠋ᠢᠶᠠᠩᠬᠤᠤᠨ ᠨᠢ 3959544᠃ | ﹇ᠠᠰᠠᠭᠤᠳᠠᠯ﹈ | ᠲᠦᠷ ᠴᠠᠭ ᠤᠨ ᠪᠡᠶ᠎ᠡ ᠶᠢᠨ ᠦᠨᠡᠮᠯᠡᠯ ᠨᠢ ᠵᠢᠩᠬᠢᠨᠢ ᠪᠡᠶ᠎ᠡ ᠶᠢᠨ ᠦᠨᠡᠮᠯᠡᠯ ᠲᠠᠢ ᠶᠠᠮᠠᠷ ᠢᠯᠭᠠᠭ᠎ᠠ ᠲᠠᠢ ᠪᠤᠢ︖ | ᠶᠠᠮᠠᠷ ᠬᠥᠮᠥᠨ ᠲᠦᠷ ᠴᠠᠭ ᠤᠨ ᠪᠡᠶ᠎ᠡ ᠶᠢᠨ ᠦᠨᠡᠮᠯᠡᠯ ᠢ ᠠᠪᠴᠤ ᠪᠣᠯᠬᠤ ᠪᠤᠢ᠂ ᠲᠦᠷ ᠴᠠᠭ ᠤᠨ ᠪᠡᠶ᠎ᠡ ᠶᠢᠨ | ᠦᠨᠡᠮᠯᠡᠯ ᠢ ᠬᠡᠷᠬᠢᠨ ᠠᠪᠬᠤ ᠪᠤᠢ︖ ᠲᠡᠭᠦᠨ ᠤ ᠬᠦᠴᠦᠨ ᠲᠠᠢ ᠬᠤᠭᠤᠴᠠᠭ᠎ᠠ ᠨᠢ ᠬᠡᠳᠦᠶ ᠣᠷᠳᠣ ᠪᠤᠢ︖ | ᠬᠠᠷᠢᠭᠤᠯᠲᠠ᠄ | ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠠᠴᠢᠮ ᠬᠡᠷᠡᠭᠯᠡᠬᠦ ᠪᠡᠶ᠎ᠡ ᠶᠢᠨ ᠦᠨᠡᠮᠯᠡᠯ ᠠᠪᠴᠤ ᠪᠣᠯᠤᠨ᠎ᠠ᠂ ᠣᠬᠤᠷ | ᠬᠤᠭᠤᠴᠠᠭᠠᠨ ᠤ ᠲᠦᠷ ᠴᠠᠭ ᠤᠨ ᠪᠡᠶ᠎ᠡ ᠶᠢᠨ ᠦᠨᠡᠮᠯᠡᠯ ᠬᠢᠵᠦ ᠪᠣᠯᠤᠨ᠎ᠠ᠂ ᠲᠤᠰ ᠬᠤᠲᠠ ᠳᠤ ᠰᠠᠭᠤᠵᠤ ᠪᠠᠶᠢᠭ᠎ᠠ | ᠬᠤᠲᠠ ᠶᠢᠨ ᠠᠷᠠᠳ ᠭᠦᠢᠴᠡᠳᠬᠡᠵᠦ ᠪᠣᠯᠤᠨ᠎ᠠ᠂ ᠪᠡᠶ᠎ᠡ ᠶᠢᠨ ᠦᠨᠡᠮᠯᠡᠯ ᠤᠨ ᠦᠢᠯᠡᠳᠦᠯ ᠲᠠᠢ ᠠᠳᠠᠯᠢ ᠪᠣᠯᠪᠠᠴᠤ | ᠬᠦᠴᠦᠨ ᠲᠠᠢ ᠬᠤᠭᠤᠴᠠᠭ᠎ᠠ ᠨᠢ ᠵᠥᠪᠬᠡᠨ ᠭᠤᠷᠪᠠᠨ ᠰᠠᠷ᠎ᠠ ᠪᠣᠯᠤᠨ᠎ᠠ᠃ | ﹇ᠠᠰᠠᠭᠤᠳᠠᠯ﹈ | ᠭᠠᠳᠠᠭᠠᠳᠤ ᠳᠤ ᠭᠠᠷᠴᠤ ᠵᠤᠭᠠᠴᠠᠬᠤ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠡᠷᠬᠢᠨ ᠬᠢᠬᠦ ᠪᠣᠶ︖ | ᠭᠡᠷᠡᠴᠢ ᠲᠡᠮᠳᠡᠭ ᠭᠦᠢᠴᠡᠳᠬᠡᠬᠦ ᠴᠠᠭ ᠨᠢ ᠬᠡᠳᠦᠶ ᠤᠷᠳᠤ ᠪᠠᠶᠢᠳᠠᠭ ᠪᠣᠶ︖ | ᠬᠠᠷᠢᠭᠤᠯᠲᠠ᠄ | ᠣᠳᠣ ᠶᠢᠨ ᠫᠠᠰᠫᠣᠷᠲ᠂ ᠰᠢᠶᠠᠩᠭᠠᠩ ᠣᠣᠮᠧᠨ ᠳᠤ ᠶᠠᠪᠤᠵᠤ ᠢᠷᠡᠬᠦ ᠵᠠᠮ ᠤᠨ ᠦᠨᠡᠮᠯᠡᠯ᠂ ᠲᠠᠶᠢᠸᠠᠨ ᠳᠤ | ᠶᠠᠪᠤᠵᠤ ᠢᠷᠡᠬᠦ ᠵᠠᠮ ᠤᠨ ᠦᠨᠡᠮᠯᠡᠯ ᠢ ᠭᠦᠢᠴᠡᠳᠬᠡᠬᠦ ᠭᠤᠶᠤᠴᠢᠯᠠᠯ ᠤᠨ ᠬᠦᠰᠦᠨᠦᠭᠲᠦ ᠶᠢ ᠳᠤᠮᠳᠠᠳᠤ ᠤᠯᠤᠰ ᠤᠨ | ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠦᠨᠡᠮᠯᠡᠯ ᠤᠨ ᠭᠤᠶᠤᠴᠢᠯᠠᠯ ᠤᠨ | ᠬᠦᠰᠦᠨᠦᠭ ᠲᠠᠢ ᠨᠡᠶᠢᠯᠡᠭᠦᠯᠪᠡ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠲᠠ ᠶᠢᠨ ᠠᠷᠠᠳ | ᠵᠥᠪᠬᠡᠨ ᠨᠢᠭᠡ ᠬᠦᠰᠦᠨᠦᠭᠲᠦ ᠲᠠᠭᠯᠠᠪᠠᠯ ᠪᠣᠯᠴᠢᠬᠠᠨ᠎ᠠ᠂ ᠪᠡᠶ᠎ᠡ ᠶᠢᠨ ᠦᠨᠡᠮᠯᠡᠯ ᠪᠠ ᠰᠦᠢᠳᠬᠡᠯ ᠲᠤᠰᠢᠶᠠᠬᠤ | ᠪᠠᠩᠬᠢ ᠶᠢᠨ ᠺᠠᠷᠲ ᠢᠶᠠᠨ ᠠᠪᠴᠤ ᠶᠠᠪᠤᠨ᠎ᠠ᠂ ᠲᠤᠰ ᠭᠠᠵᠠᠷ ᠤᠨ ᠰᠠᠭᠤᠭᠠᠯᠢ ᠠᠷᠠᠳ ᠪᠤᠯ 10 ᠠᠵᠢᠯᠯᠠᠬᠤ | ᠡᠳᠦᠷ ᠲᠤ ᠭᠦᠢᠴᠡᠳᠭᠡᠨ ᠳᠠᠭᠤᠰᠬᠠᠵᠤ ᠪᠣᠯᠤᠨ᠎ᠠ᠃ | | | ᠢᠷᠡᠯᠲᠡ᠄ ᠠᠷᠠᠳ ᠤᠨ ᠰᠦᠯᠵᠢᠶ᠎ᠡ | ᠪᠡᠯᠡᠳᠬᠡᠭᠰᠡᠨ ᠨᠢ᠄ ᠰᠣᠷᠭᠤᠭ | | | | | | |