ᠮᠠᠨ ᠤ ᠰᠢᠶᠠᠨ ᠤ ᠤᠯᠠᠭᠠᠨᠮᠥ᠋ᠴᠢᠷ ᠨᠢ ᠴᠠᠭᠠᠨ ᠰᠠᠷ᠎ᠠ ᠶᠢᠨ ᠬᠤᠭᠤᠴᠠᠭᠠᠨ ᠳᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠡᠷᠦᠩᠬᠡᠶᠢᠯᠡᠭᠰᠡᠨ ᠴᠢᠨᠠᠷᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020-01-17
     1 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠤᠯᠠᠭᠠᠨᠮᠥ᠋ᠴᠢᠷ ᠨᠢ 2020 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ  ᠦᠨᠳᠦᠰᠦᠨ ᠱᠠᠲᠤᠨ ᠳᠤ ᠬᠦᠷᠴᠦ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠦᠷᠨᠢᠭᠦᠯᠵᠦ᠂ ᠰᠢᠩ ᠾᠧ ᠰᠢᠶᠠᠨ ᠤ ᠵᠦᠩ ᠱᠢᠨ ᠨᠠᠰᠤᠲᠠᠨ ᠢ ᠠᠰᠠᠷᠠᠬᠤ ᠬᠦᠷᠢᠶᠡᠯᠡᠩ ᠳᠤ  ᠬᠦᠷᠴᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠢᠭᠡᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠ ᠴᠠᠭᠠᠨ ᠰᠠᠷ᠎ᠠ ᠶᠢᠨ ᠬᠠᠮᠤᠭ ᠤᠨ ᠰᠠᠶᠢᠨ ᠰᠠᠶᠢᠬᠠᠨ ᠢᠷᠦᠭᠡᠯ ᠵᠥᠩᠨᠡᠯ ᠢᠶᠠᠨ ᠳᠡᠪᠰᠢᠭᠦᠯᠪᠡ᠃
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠢᠯᠠᠩᠭᠤᠶ᠎ᠠ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠨᠠᠯ︾ ᠪᠣᠯᠤᠨ ︽ᠤᠯᠠᠭᠠᠨᠮᠥ᠋ᠴᠢᠷ ᠤᠨ ᠲᠦᠷᠢᠮ︾᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠬᠦᠭᠵᠢᠭᠡᠨ ᠪᠠᠳᠠᠷᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠣᠭᠯᠠᠯᠲᠠ  ᠭᠠᠷᠭᠠᠵᠣ᠂ ᠣᠬᠠᠭᠤᠯᠵᠣ᠂ ᠬᠠᠪᠰᠤᠷᠤᠨ ᠵᠢᠯᠣᠭᠤᠳᠴᠦ᠂ ᠦᠢᠯᠡᠴᠢᠯᠡᠵᠦ᠂ ᠣᠯᠠᠨ ᠲᠦᠮᠡᠨ ᠢ ᠨᠠᠩ ᠰᠠᠶᠢᠲᠤᠷ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠨᠠᠩ ᠰᠠᠶᠢᠨ  ᠦᠢᠯᠡᠴᠢᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠪᠦᠲᠦᠮᠵᠢᠲᠡᠶ ᠪᠠᠷ ᠨᠡᠪᠲᠡᠷᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠨᠠᠮ ᠤᠨ  ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠭᠡᠷ᠂ ᠰᠣᠶᠣᠯ ᠵᠢᠭᠤᠯᠴᠢᠯᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠨᠠᠮ ᠤᠨ ᠰᠤᠷᠭᠠᠭᠤᠯᠢ᠂ ᠡᠪᠯᠡᠯ ᠤᠨ ᠬᠤᠷᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ︽ᠲᠠᠯ᠎ᠠ ᠨᠣᠳᠤᠭ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾᠎ ᠤᠨ ᠡᠩᠨᠡᠭᠡ ᠲᠠᠢ ᠬᠠᠮᠳᠣ᠂ ᠬᠥᠳᠡᠭᠡ ᠲᠣᠰᠬᠤᠨ ᠳᠤ ᠬᠦᠷᠴᠦ ᠤᠷᠠᠨ ᠰᠠᠶᠢᠬᠠᠨ ᠤ ᠲᠣᠭᠯᠠᠯᠲᠠ ᠭᠠᠷᠭᠠᠵᠣ᠂ ᠰᠣᠶᠣᠯ ᠢ ᠬᠠᠪᠰᠤᠷᠤᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠪᠠ᠃      ᠣᠶᠢᠯᠠᠭᠠᠭᠰᠠᠨ ᠢᠶᠠᠷ᠂ ᠲᠣᠰ ᠣᠳᠠᠭᠠᠨ ᠤ ᠴᠠᠭᠠᠨ ᠰᠠᠷ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠡᠷᠦᠩᠬᠡᠶᠢᠯᠡᠭᠰᠡᠨ ᠴᠢᠨᠠᠷᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠪᠠᠶᠢᠵᠦ᠂ 2 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠪᠥᠬᠦ ᠰᠢᠶᠠᠨ ᠤ 9 ᠰᠢᠶᠠᠩ ᠪᠠᠯᠭᠠᠰᠤᠨ ᠤ 50 ᠭᠠᠷᠤᠶ ᠵᠠᠰᠠᠭ ᠵᠠᠬᠢᠷᠭᠠᠨ ᠤ ᠲᠣᠰᠬᠤᠨ᠂ ᠨᠡᠶᠢᠭᠡᠮ ᠲᠣᠭᠤᠷᠢᠭ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠵᠡᠷᠭᠡ ᠳᠤ ᠬᠦᠷᠴᠦ᠂ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃                                                      ᠵᠣᠬᠢᠶᠠᠭᠴᠢ᠄ ᠶᠠᠩ ᠫᠧᠢ ᠱᠧᠩ                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3