1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠢᠩ ᠾᠧ ᠰᠢᠶᠠᠨ ᠤ ᠤᠯᠠᠭᠠᠨᠮᠥ᠋ᠴᠢᠷ ᠨᠢ | 2020 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠦᠨᠳᠦᠰᠦᠨ ᠱᠠᠲᠤᠨ ᠳᠤ ᠬᠦᠷᠴᠦ ᠲᠣᠬᠤᠨᠢᠭᠤᠯᠬᠤ | ᠲᠣᠭᠯᠠᠯᠲᠠ ᠶᠢᠨ ᠠᠵᠢᠯᠯᠠᠭ᠎ᠠ ᠦᠷᠨᠢᠭᠦᠯᠵᠦ᠂ ᠰᠢᠩ ᠾᠧ ᠰᠢᠶᠠᠨ ᠤ ᠵᠦᠩ ᠱᠢᠨ ᠨᠠᠰᠤᠲᠠᠨ ᠢ ᠠᠰᠠᠷᠠᠬᠤ | ᠬᠦᠷᠢᠶᠡᠯᠡᠩ ᠳᠤ ᠬᠦᠷᠴᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠢᠭᠡᠨ ᠭᠤᠶᠢᠳᠠ | ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠ ᠴᠠᠭᠠᠨ ᠰᠠᠷ᠎ᠠ ᠶᠢᠨ ᠬᠠᠮᠤᠭ ᠤᠨ ᠰᠠᠶᠢᠨ ᠰᠠᠶᠢᠬᠠᠨ ᠢᠷᠦᠭᠡᠯ | ᠵᠥᠩᠨᠡᠯ ᠢᠶᠠᠨ ᠳᠡᠪᠰᠢᠭᠦᠯᠪᠡ᠃ | | | | | | | | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ᠂ ᠢᠯᠠᠩᠭᠤᠶ᠎ᠠ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ︽ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠨᠠᠯ︾ | ᠪᠣᠯᠤᠨ ︽ᠤᠯᠠᠭᠠᠨᠮᠥ᠋ᠴᠢᠷ ᠤᠨ ᠲᠦᠷᠢᠮ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠬᠦᠭᠵᠢᠭᠡᠨ ᠪᠠᠳᠠᠷᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ | ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ | ᠲᠣᠭᠯᠠᠯᠲᠠ ᠭᠠᠷᠭᠠᠵᠣ᠂ ᠣᠬᠠᠭᠤᠯᠵᠣ᠂ ᠬᠠᠪᠰᠤᠷᠤᠨ ᠵᠢᠯᠣᠭᠤᠳᠴᠦ᠂ ᠦᠢᠯᠡᠴᠢᠯᠡᠵᠦ᠂ ᠣᠯᠠᠨ ᠲᠦᠮᠡᠨ ᠢ ᠨᠠᠩ | ᠰᠠᠶᠢᠲᠤᠷ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠦᠨᠳᠦᠰᠦᠨ | ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠶ ᠪᠠᠷ ᠨᠡᠪᠲᠡᠷᠡᠭᠦᠯᠵᠦ᠂ ᠦᠨᠳᠦᠰᠦᠨ | ᠱᠠᠲᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠡᠭᠡᠳᠦ ᠱᠠᠲᠤᠨ ᠤ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠣᠶᠤᠨ ᠤ ᠪᠣᠯᠪᠠᠰᠤᠨ ᠤ ᠠᠯᠪᠠᠨ ᠭᠡᠷ᠂ ᠰᠣᠶᠣᠯ ᠵᠢᠭᠤᠯᠴᠢᠯᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠨᠠᠮ ᠤᠨ ᠰᠤᠷᠭᠠᠭᠤᠯᠢ᠂ ᠡᠪᠯᠡᠯ ᠤᠨ | ᠬᠤᠷᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠠᠤᠯᠢ | ᠴᠠᠭᠠᠵᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠢᠶᠠᠷ ᠪᠦᠷᠢᠯᠳᠦᠭᠰᠡᠨ ︽ᠲᠠᠯ᠎ᠠ ᠨᠣᠳᠤᠭ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ | ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠤᠨ ᠡᠩᠨᠡᠭᠡ ᠲᠠᠢ ᠬᠠᠮᠳᠣ᠂ ᠬᠥᠳᠡᠭᠡ ᠲᠣᠰᠬᠤᠨ ᠳᠤ ᠬᠦᠷᠴᠦ | ᠤᠷᠠᠨ ᠰᠠᠶᠢᠬᠠᠨ ᠤ ᠲᠣᠭᠯᠠᠯᠲᠠ ᠭᠠᠷᠭᠠᠵᠣ᠂ ᠰᠣᠶᠣᠯ ᠢ ᠬᠠᠪᠰᠤᠷᠤᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠵᠡᠷᠭᠡ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠪᠠ᠃ | ᠣᠶᠢᠯᠠᠭᠠᠭᠰᠠᠨ ᠢᠶᠠᠷ᠂ ᠲᠣᠰ ᠣᠳᠠᠭᠠᠨ ᠤ ᠴᠠᠭᠠᠨ ᠰᠠᠷ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠬᠦ | ᠶᠡᠷᠦᠩᠬᠡᠶᠢᠯᠡᠭᠰᠡᠨ ᠴᠢᠨᠠᠷᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠭᠤᠷᠪᠠᠨ ᠰᠠᠷ᠎ᠠ ᠶᠢᠨ | ᠬᠤᠭᠤᠴᠠᠭ᠎ᠠ ᠲᠠᠢ ᠪᠠᠶᠢᠵᠦ᠂ 2 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠪᠥᠬᠦ ᠰᠢᠶᠠᠨ ᠤ 9 ᠰᠢᠶᠠᠩ | ᠪᠠᠯᠭᠠᠰᠤᠨ ᠤ 50 ᠭᠠᠷᠤᠶ ᠵᠠᠰᠠᠭ ᠵᠠᠬᠢᠷᠭᠠᠨ ᠤ ᠲᠣᠰᠬᠤᠨ᠂ ᠨᠡᠶᠢᠭᠡᠮ ᠲᠣᠭᠤᠷᠢᠭ᠂ ᠨᠠᠰᠤᠲᠠᠶᠢᠴᠤᠳ ᠢ ᠠᠰᠠᠷᠠᠬᠤ | ᠬᠦᠷᠢᠶᠡᠯᠡᠩ ᠵᠡᠷᠭᠡ ᠳᠤ ᠬᠦᠷᠴᠦ᠂ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ | | | | ᠵᠣᠬᠢᠶᠠᠭᠴᠢ᠄ ᠶᠠᠩ ᠫᠧᠢ ᠱᠧᠩ | ᠣᠷᠴᠢᠭᠤᠯᠣᠭᠴᠢ᠄ ᠰᠣᠷᠭᠤᠭ | | | | | | |