ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠣᠭᠰᠠᠨ ᠪᠠᠶᠢᠪᠠᠯ ᠬᠡᠨ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠪᠣᠢ
ᠨᠡᠶᠢᠲᠡᠯᠡᠭᠰᠡᠨ ᠴᠠᠭ᠄
2020-01-06
︿ᠵᠢᠱᠢᠶ᠎ᠡ ᠭᠡᠷᠡᠭ﹀      ᠪᠠᠲᠠᠷᠴᠢ ᠵᠢᠯᠣᠭᠤᠴᠢ ᠪᠠᠶᠢᠵᠦ᠂ ᠲᠦᠭᠵᠢᠯ ᠤᠨ ᠪᠠᠷᠠᠭᠠᠨ ᠲᠡᠷᠭᠡ ᠶᠢ ᠣᠷᠲᠤ ᠬᠤᠭᠤᠴᠠᠭ᠎ᠠ ᠪᠠᠷ ᠲᠦᠷᠢᠶᠡᠰᠦᠯᠡᠨ ᠪᠠᠷᠠᠭ᠎ᠠ ᠵᠦᠭᠡᠭᠡᠪᠦᠷᠢᠯᠡᠵᠦ᠂ ᠡᠩ ᠤᠨ ᠴᠠᠭ ᠲᠤ ᠪᠠᠲᠠᠷᠴᠢ ᠲᠡᠷᠭᠡ ᠶᠢ ᠬᠠᠮᠢᠶᠠᠷᠴᠦ᠂ ᠲᠦᠭᠵᠢᠯ ᠨᠢ ᠵᠦᠪᠬᠡᠨ ᠲᠦᠷᠢᠶᠡᠰᠦᠨ ᠮᠦᠩᠬᠦ ᠠᠪᠲᠠᠭ ᠪᠠᠶᠢᠵᠠᠢ᠃ ᠨᠢᠭᠡ ᠣᠲᠠᠭ᠎ᠠ ᠪᠠᠲᠠᠷᠴᠢ ᠪᠠᠷᠠᠭ᠎ᠠ ᠵᠦᠭᠡᠭᠡᠪᠦᠷᠢᠯᠡᠬᠦ ᠵᠠᠮ ᠲᠣᠮᠲᠠ ᠪᠠᠨ ᠭᠡᠨᠡᠲᠡᠯ ᠠᠴᠠ ᠪᠣᠯᠵᠤ ᠢᠲᠡᠭᠡᠯᠲᠤ ᠶᠢ ᠰᠢᠷᠠᠭᠲᠤᠭᠤᠯᠪᠠ᠃ ᠢᠲᠡᠭᠡᠯᠲᠤ ᠶᠢᠨ ᠰᠢᠷᠬ᠎ᠠ ᠡᠲᠡᠭᠡᠷᠡᠭᠰᠡᠨ ᠠᠴᠠ ᠰᠡᠬᠦᠯᠡᠷ ᠪᠠᠲᠠᠷᠴᠢ ᠪᠣᠯᠣᠨ ᠲᠦᠭᠵᠢᠯ ᠢ ᠴᠦᠮ ᠰᠢᠬᠦᠬᠦ ᠬᠤᠷᠢᠶᠠᠨ ᠳᠤ ᠵᠠᠭᠠᠯᠲᠣᠵᠦ᠂ ᠲᠦᠯᠦᠬᠦᠯᠬᠦ ᠪᠠᠷ ᠱᠠᠭᠠᠷᠲᠠᠭᠰᠠᠨ ᠪᠠᠶᠢᠨ᠎ᠠ᠃ ᠡᠬᠦᠨ ᠳᠤ ᠲᠦᠭᠵᠢᠯ ᠮᠠᠷᠭᠤᠵᠣ᠂ ᠪᠠᠲᠠᠷᠴᠢ ᠲᠡᠷᠭᠡ ᠶᠢ ᠬᠠᠮᠢᠶᠠᠷᠣᠨ ᠬᠡᠷᠡᠭᠯᠡᠵᠦ ᠪᠠᠶᠢᠭ᠎ᠠ ᠪᠣᠯᠬᠤᠷ ᠦᠪᠡᠷ ᠲᠤᠨᠢ ᠲᠦᠯᠦᠬᠦ ᠬᠠᠷᠢᠭᠤᠴᠠᠯᠭ᠎ᠠ ᠦᠭᠡᠢ ᠭᠡᠵᠡᠢ᠃ ᠲᠡᠭᠡᠪᠡᠯ ᠲᠦᠭᠵᠢᠯ ᠤᠨ ᠬᠡᠯᠡᠯᠭᠡ ᠵᠦᠢᠲᠠᠢ ᠦᠦ︖ ︿ᠵᠠᠲᠠᠯᠣᠯᠲᠠ﹀      ︽ᠡᠷᠬᠡ ᠳᠤ ᠬᠠᠯᠲᠠᠭᠰᠠᠨ ᠬᠠᠷᠢᠭᠤᠴᠠᠯᠭ᠎ᠠ ᠶᠢᠨ ᠬᠠᠣᠯᠢ︾᠎ ᠶᠢ ᠦᠨᠳᠦᠰᠦᠯᠡᠪᠡᠯ᠂ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠴᠦ᠂ ᠲᠣᠰ ᠮᠠᠰᠢᠨᠲᠤ ᠲᠡᠷᠭᠡ ᠶᠢᠨ ᠲᠠᠯ᠎ᠠ ᠶᠢᠨ ᠬᠢᠨ ᠤ ᠬᠠᠷᠢᠭᠤᠴᠠᠯᠭ᠎ᠠ ᠠᠴᠠ ᠪᠣᠯᠣᠬᠰᠠᠨ ᠪᠠᠶᠢᠪᠠᠯ᠂ ᠲᠠᠭᠠᠳᠬᠠᠯ ᠤᠨ ᠺᠣᠮᠫᠠᠨᠢ ᠠᠴᠠ ᠮᠠᠰᠢᠨᠲᠤ ᠲᠡᠷᠭᠡᠨ ᠤ ᠠᠯᠪᠠᠲᠠᠯᠭ᠎ᠠ ᠶᠢᠨ ᠲᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠣ ᠲᠣᠭᠠᠨ ᠤ ᠬᠡᠪᠴᠢᠶᠡᠨ ᠲᠣᠲᠣᠷ᠎ᠠ ᠲᠦᠯᠦᠵᠦ ᠦᠭᠬᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ ᠠᠴᠠ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ᠃ ᠮᠠᠰᠢᠨᠲᠦ ᠲᠡᠷᠭᠡᠨ ᠤ ᠦᠮᠴᠢᠯᠡᠭᠴᠢ ᠨᠢ ᠬᠤᠬᠢᠷᠠᠯ ᠤᠨ ᠡᠬᠦᠰᠬᠦ ᠳᠤ ᠣᠰᠣᠯ ᠲᠠᠢ ᠪᠠᠶᠢᠪᠠᠯ ᠵᠣᠬᠢᠴᠠᠩᠭᠤᠢ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ᠃ ᠡᠨᠡ ᠨᠢ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠣᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠶᠢ ᠬᠡᠷᠬᠢᠨ ᠡᠬᠦᠷᠭᠡᠯᠡᠬᠦ ᠲᠣᠬᠠᠢ ᠬᠠᠣᠯᠢ ᠶᠢᠨ ᠲᠣᠭᠲᠠᠭᠠᠯ ᠪᠣᠯᠣᠨ᠎ᠡ᠃      ᠲᠣᠰ ᠬᠡᠷᠡᠭ ᠲᠤ᠂ ᠪᠠᠷᠠᠭᠠᠨ ᠲᠡᠷᠭᠡ ᠶᠢ ᠪᠠᠲᠠᠷᠴᠢ ᠲᠣᠵᠢ ᠬᠠᠮᠢᠶᠠᠷᠣᠨ ᠬᠡᠷᠡᠭᠯᠡᠵᠦ᠂ ᠲᠦᠭᠵᠢᠯ ᠬᠡᠨᠡᠲᠡᠯ ᠡᠬᠦᠰᠬᠦ ᠳᠤ ᠣᠰᠣᠯ ᠦᠭᠡᠢ ᠪᠣᠯᠬᠤᠷ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠦᠭᠡᠢ᠃ ᠡᠶᠢᠮᠣ ᠠᠴᠠ ᠢᠲᠡᠭᠡᠯᠲᠣ᠂ ᠪᠠᠲᠠᠷᠴᠢ ᠪᠠᠷ ᠲᠦᠯᠦᠬᠦᠯᠬᠦ ᠪᠠᠷ ᠱᠠᠭᠠᠷᠲᠠᠪᠠᠯ ᠵᠣᠬᠢᠨ᠎ᠡ᠃ ︿ᠬᠤᠯᠪᠣᠬᠲᠠᠯ ᠪᠦᠬᠦᠢ ᠬᠠᠣᠯᠢ ᠶᠢᠨ ᠬᠡᠯᠬᠢᠶᠡᠰᠣ﹀      ︽ᠪᠦᠬᠦᠲᠡ ᠨᠠᠶᠢᠷᠠᠮᠳᠠᠬᠤ ᠳᠣᠮᠲᠠᠲᠣ ᠠᠷᠠᠳ ᠣᠯᠣᠰ ᠤᠨ ᠡᠷᠬᠡ ᠳᠤ ᠬᠠᠯᠲᠠᠭᠰᠠᠨ ᠬᠠᠷᠢᠭᠤᠴᠠᠯᠭ᠎ᠠ ᠶᠢᠨ ᠬᠠᠣᠯᠢ︾᠎ ᠶᠢᠨ ᠲᠦᠴᠢ ᠶᠢᠰᠦᠳᠦᠭᠡᠷ ᠵᠦᠢᠯ ᠳᠤ᠄ ︽ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠴᠦ᠂ ᠲᠣᠰ ᠮᠠᠰᠢᠨᠲᠤ ᠲᠡᠷᠭᠡ ᠶᠢᠨ ᠲᠠᠯ᠎ᠠ ᠶᠢᠨ ᠬᠢᠨ ᠤ ᠬᠠᠷᠢᠭᠤᠴᠠᠯᠭ᠎ᠠ ᠠᠴᠠ ᠪᠣᠯᠣᠬᠰᠠᠨ ᠪᠠᠶᠢᠪᠠᠯ᠂ ᠲᠠᠭᠠᠳᠬᠠᠯ ᠤᠨ ᠺᠣᠮᠫᠠᠨᠢ ᠠᠴᠠ ᠮᠠᠰᠢᠨᠲᠤ ᠲᠡᠷᠭᠡᠨ ᠤ ᠠᠯᠪᠠᠲᠠᠯᠭ᠎ᠠ ᠶᠢᠨ ᠲᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠣ ᠲᠣᠭᠠᠨ ᠤ ᠬᠡᠪᠴᠢᠶᠡᠨ ᠲᠣᠲᠣᠷ᠎ᠠ ᠲᠦᠯᠦᠵᠦ ᠦᠭᠬᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ ᠠᠴᠠ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ᠃ ᠮᠠᠰᠢᠨᠲᠦ ᠲᠡᠷᠭᠡᠨ ᠤ ᠦᠮᠴᠢᠯᠡᠭᠴᠢ ᠨᠢ ᠬᠤᠬᠢᠷᠠᠯ ᠤᠨ ᠡᠬᠦᠰᠬᠦ ᠳᠤ ᠣᠰᠣᠯ ᠲᠠᠢ ᠪᠠᠶᠢᠪᠠᠯ ᠵᠣᠬᠢᠴᠠᠩᠭᠤᠢ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ︾ ᠭᠡᠵᠦ ᠲᠣᠬᠲᠠᠭᠠᠪᠠ᠃                                          ᠢᠷᠡᠯᠲᠡ᠄ ᠠᠷᠠᠳ ᠤᠨ ᠰᠦᠯᠵᠢᠶ᠎ᠡ                                          ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3