︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠥᠷᠲᠡᠭᠡ︾ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠳᠤ ᠬᠠᠯᠠᠭᠤᠨ ᠳᠤᠯᠠᠭᠠᠨ ᠠᠮᠠᠷᠠᠬᠤ ᠣᠷᠴᠢᠨ ᠢ ᠠᠪᠴᠢᠷᠠᠵᠣ ᠦᠭᠪᠡ
ᠨᠡᠶᠢᠲᠡᠯᠡᠭᠰᠡᠨ ᠴᠠᠭ᠄
2020-01-06
     ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠠᠷᠠᠳ ᠣᠯᠠᠨ ᠠᠴᠠ ᠰᠠᠨᠠᠯ ᠬᠤᠷᠢᠶᠠᠵᠤ᠂ ᠠᠷᠠᠳ ᠣᠯᠠᠨ ᠤ ᠠᠩᠬᠠᠷᠴᠤ ᠪᠠᠶᠢᠭ᠎ᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃      ᠰᠠᠨᠠᠯ ᠬᠤᠷᠢᠶᠠᠬᠤ ᠶᠠᠪᠤᠴᠠ ᠳᠤ ᠣᠯᠠᠨ ᠲᠦᠮᠡᠨ ᠤ ᠲᠤᠰᠬᠠᠭᠰᠠᠨ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠠᠮᠠᠷᠠᠬᠤ ᠭᠠᠵᠠᠷ ᠪᠠᠶᠢᠬᠤ ᠦᠭᠡᠶ︾ ᠪᠠᠶᠢᠬᠤ ᠠᠰᠠᠭᠤᠳᠠᠯ ᠢ ᠦᠨᠳᠦᠰᠦᠯᠡᠨ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠰᠤᠯᠠ ᠪᠠᠶᠢᠭ᠎ᠠ ᠭᠡᠷ ᠪᠠᠶᠢᠰᠢᠩ ᠢ ᠠᠰᠢᠭᠯᠠᠨ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠷᠲᠡᠭᠡ︾ ᠶᠢ ᠭᠤᠷᠪᠠᠨ ᠲᠠᠰᠤᠭ ᠥᠭᠡᠷᠡᠴᠢᠯᠡᠨ ᠪᠠᠶᠢᠭᠤᠯᠵᠣ᠂ ᠡᠭᠦᠨ ᠤ ᠬᠠᠮᠲᠤ ᠪᠦᠬᠦ ᠨᠡᠶᠢᠭᠡᠮ ᠳᠤ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠲᠡᠭᠡ︾ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠬᠦ︾ ᠠᠮᠠᠯᠠᠯᠲᠠ ᠬᠢᠵᠡᠶ᠃ ᠣᠶᠢᠷ᠎ᠠ ᠳᠤ᠂ ᠪᠠᠰᠠ ᠲᠠᠪᠤᠨ ᠲᠠᠰᠤᠭ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠷᠲᠡᠭᠡ︾ ᠠᠰᠢᠭᠯᠠᠯᠲᠠ ᠳᠤ ᠣᠷᠣᠪᠠ᠃ ᠲᠣᠰ ᠤᠳᠠᠭᠠᠨ ᠤ ᠠᠰᠢᠭᠯᠠᠯᠲᠠ ᠳᠤ ᠣᠷᠣᠭᠤᠯᠤᠭᠰᠠᠨ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠲᠡᠭᠡ︾ ᠨᠢ ᠶᠠᠰᠤ ᠴᠢᠨᠠᠷ ᠢᠶᠠᠷ ᠥᠨᠳᠥᠷ᠂ ᠳᠤᠯᠠᠭᠠᠨ ᠢ ᠬᠠᠮᠠᠭᠠᠯᠠᠬᠤ ᠴᠢᠨᠠᠷ ᠢᠶᠠᠷ ᠰᠠᠶᠢᠨ᠂ ᠥᠷᠲᠡᠭᠡ ᠳᠤ ᠰᠢᠷᠡᠭᠡ ᠰᠠᠨᠳᠠᠯᠢ᠂ ᠴᠠᠬᠢᠯᠭᠠᠨ ᠳᠣᠯᠠᠭᠠᠯᠭ᠎ᠠ᠂ ᠤᠰᠤ ᠬᠠᠯᠠᠭᠠᠬᠤ ᠳᠡᠪᠦᠷ᠎ᠡ ᠵᠡᠷᠭᠡ ᠲᠥᠬᠦᠭᠡᠷᠦᠮᠵᠢ ᠶᠢ ᠳᠣᠭᠢᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠦᠨᠳᠦ ᠨᠦᠰᠡᠷ ᠬᠦᠳᠡᠯᠮᠦᠷᠢ ᠶᠢᠨ ᠵᠠᠪᠰᠠᠷ ᠲᠤ ᠬᠥᠯ ᠠᠮᠠᠷᠠᠬᠤ ᠭᠠᠵᠠᠷ ᠢ ᠬᠠᠩᠭᠠᠨ ᠦᠭᠴᠦ᠂ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠭᠡᠪᠡ᠃
                                                 ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3