ᠮᠠᠨ ᠤ ᠰᠢᠶᠠᠨ ᠤ 2019 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠰᠢᠯᠢᠳᠡᠭ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020-01-08
     2019 ᠣᠨ ᠳᠤ᠂ ᠰᠢᠩ ᠾᠧ ᠰᠢᠶᠠᠨ ᠤ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠰᠢᠯᠢᠳᠡᠭ ᠦᠷ᠎ᠡ ᠪᠦᠲᠦᠮᠵᠢ ᠤᠯᠪᠠ᠃ 2019 ᠣᠨ ᠳᠤ᠂ 2682 ᠡᠷᠦᠬᠡ ᠶᠢᠨ 6187 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 27 ᠶᠠᠳᠠᠭᠤ ᠬᠦᠴᠢᠷᠳᠡᠯᠲᠡᠢ ᠲᠣᠰᠬᠤᠨ ᠤᠬᠤᠷᠢᠨ ᠭᠠᠷᠴᠤ᠂ ᠵᠢᠯ ᠳᠤ 5520 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ 2019 ᠣᠨ ᠤ ᠡᠴᠦᠰ ᠪᠣᠯᠲᠠᠯ᠎ᠠ᠂ ᠪᠥᠬᠦ ᠰᠢᠶᠠᠨ ᠤ ᠳᠠᠩᠰᠠᠯᠠᠨ ᠺᠠᠷᠲ᠋ᠡᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ 9094 ᠡᠷᠦᠬᠡ ᠶᠢᠨ 20869 ᠬᠦᠮᠦᠨ ᠪᠠᠶᠢᠵᠤ᠂ ᠶᠠᠳᠠᠭᠤ ᠠᠴᠠ ᠠᠩᠬᠢᠵᠢᠷᠠᠭᠰᠠᠨ ᠨᠢ 8951 ᠡᠷᠦᠬᠡ ᠶᠢᠨ 20542 ᠬᠥᠮᠦᠨ ᠪᠠᠶᠢᠵᠦ᠂ ᠶᠠᠳᠠᠭᠤ ᠠᠴᠠ ᠠᠩᠬᠢᠵᠢᠷᠠᠭᠠᠳᠣᠢ ᠨᠢ 143 ᠡᠷᠦᠬᠡ 327 ᠬᠥᠮᠦᠨ ᠪᠠᠶᠢᠵᠦ᠂ 87 ᠶᠠᠳᠠᠭᠤ ᠬᠦᠴᠢᠷᠳᠡᠯᠲᠡᠶ ᠲᠣᠰᠬᠤᠨ ᠨᠢᠭᠡᠨᠲᠡ ᠪᠦᠬᠦᠨ ᠢᠶᠠᠷ ᠤᠬᠤᠷᠢᠨ ᠭᠠᠷᠴᠤ᠂ ᠶᠡᠷᠦᠩᠬᠡᠶᠢᠯᠡᠭᠰᠡᠨ ᠶᠠᠳᠠᠭᠤᠷᠠᠯ ᠤᠨ ᠨᠣᠷᠮ᠎ᠠ ᠨᠢ 0.12% ᠪᠣᠯᠵᠣ ᠪᠠᠭᠤᠷᠠᠪᠠ᠃ 11 ᠳ᠋ᠦᠭᠡᠷ ᠰᠠᠷ᠎ᠠ ᠶᠢᠨ ᠰᠡᠭᠦᠯᠴᠢ ᠪᠠᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠳᠤᠭᠤᠶᠢᠯᠠᠩ ᠨᠢ ᠰᠢᠩ ᠾᠧ ᠰᠢᠶᠠᠨ ᠳᠤ ᠦᠨᠡᠯᠡᠨ ᠵᠢᠱᠢᠯᠲᠡ ᠬᠢᠵᠦ᠂ ᠦᠨᠡᠯᠡᠯᠲᠡ ᠠᠴᠠ ᠭᠤᠭᠤᠵᠢᠭᠰᠠᠨ᠂ ᠪᠤᠷᠤᠭᠤ ᠤᠬᠤᠷᠢᠭᠰᠠᠨ ᠦᠵᠡᠭᠳᠡᠯ ᠪᠠᠶᠢᠬᠤ ᠦᠭᠡᠢ᠂ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠴᠥᠮ ᠪᠠᠷᠢᠮᠵᠢᠶ᠎ᠠ ᠳᠤ ᠬᠦᠷᠴᠦ᠂ ᠤᠳᠠᠯ ᠥᠬᠡᠶ ᠶᠠᠳᠠᠭᠤ ᠠᠴᠠ ᠠᠩᠬᠢᠵᠢᠷᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃                                                     ᠣᠷᠴᠢᠭᠤᠯᠣᠭᠴᠢ᠄ ᠰᠣᠷᠭᠤᠭ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3