ᠮᠠᠨ ᠤ ᠰᠢᠶᠠᠨ ᠤ 2019 ᠣᠨ ᠤ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ ᠵᠢᠭᠠᠯᠲᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-01-09
     2019 ᠣᠨ ᠠᠴᠠ ᠨᠠᠰᠢ᠂ ᠰᠢᠩ ᠾᠧ ᠰᠢᠶᠠᠨ ᠨᠢ ᠶᠡᠷᠦᠩᠬᠡᠶ ᠱᠦᠵᠢ ᠰᠢ ᠶᠢᠨ ᠫᠢᠩ ᠨᠦᠬᠦᠷ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠶᠡᠷᠦᠩᠬᠡᠶᠢᠯᠡᠨ ᠡᠵᠡᠮᠳᠡᠵᠦ᠂ ᠪᠦᠬᠦ ᠰᠢᠶᠠᠨ ᠨᠢ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠠᠮᠵᠢᠯᠲᠠ ᠪᠦᠲᠦᠮᠵᠢ ᠶᠢ ᠣᠯᠵᠤ᠂ ᠠᠵᠤ ᠠᠬᠤᠢ ᠶᠢᠨ ᠨᠡᠮᠡᠭᠳᠡᠯ ᠲᠣᠭᠲᠠᠭᠤᠨ ᠶᠠᠪᠤᠭᠳᠠᠵᠤ᠂ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠳᠡᠭᠡᠭᠰᠢᠯᠡᠵᠦ᠂ ᠠᠷᠠᠳ ᠤᠨ ᠠᠮᠢᠳᠤᠷᠠᠯ ᠲᠣᠭᠲᠠᠭᠤᠨ ᠢᠶᠠᠷ ᠰᠠᠶᠢᠵᠢᠷᠠᠪᠠ᠃ 2019 ᠣᠨ ᠳᠤ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠵᠢᠱᠢᠯᠲᠡ ᠪᠠᠷ 54.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2 % ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠨᠡᠮᠡᠭᠳᠡᠯ ᠥᠷᠲᠡᠭ ᠢ ᠵᠢᠱᠢᠯᠲᠡ ᠪᠠᠷ 9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8 % ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠱᠢᠯᠲᠡ ᠪᠠᠷ 12.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.9 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 1.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.6 % ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠣᠷᠣᠯᠠᠭᠤᠯᠬᠤ ᠪᠣᠳᠠᠰ ᠢ ᠵᠢᠱᠢᠯᠲᠡ ᠪᠠᠷ 37.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7 % ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠱᠢᠯᠲᠡ ᠪᠠᠷ 29611 ᠲᠥᠭᠦᠷᠢᠭ ᠪᠠ 10541 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 % ᠪᠠ 8.5 % ᠪᠠᠷ ᠨᠡᠮᠡᠭᠳᠡᠪᠡ᠃                                                         ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3